ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠳᠤᠮᠳᠠᠳᠤ ᠶᠢᠨ ᠨᠢᠭᠡᠳᠦᠭᠡᠷ ᠣᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/15
      ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭ᠎ᠠ       ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠳᠤᠮᠳᠠᠳᠤ ᠶᠢᠨ ᠨᠢᠭᠡᠳᠦᠭᠡᠷ ᠣᠨ       ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠵᠢᠭᠠᠬᠤ ᠮᠠᠲ᠋ᠧᠷᠢᠶᠠᠯ ᠢ       ᠬᠡᠷᠡᠭᠯᠡᠬᠦ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ         1᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯ ᠨᠠᠮ ᠪᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠣᠷᠢᠳᠦ ᠪᠣᠳᠣᠯᠭ᠎ᠠ ᠮᠥᠨ     ᠶᠡᠷᠦᠩᠬᠡᠢ ᠱᠦᠵᠢ ᠰᠢ ᠶᠢᠨ ᠫᠢᠩ ᠵᠢᠭᠠᠵᠦ ᠭᠠᠷᠭᠠᠨᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠣᠯ ᠤᠯᠤᠰ ᠤᠨ ᠶᠠᠪᠤᠳᠠᠯ ᠤᠨ ᠡᠷᠬᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠭᠠᠬᠤ ᠮᠠᠲ᠋ᠧᠷᠢᠶᠠᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ ᠤᠯᠤᠰ ᠤᠨ ᠰᠠᠭᠤᠷᠢ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠪᠣᠯᠭᠠᠵᠤ᠂ 2017 ᠣᠨ ᠤ 7 ᠰᠠᠷ᠎ᠠ ᠳᠤ ᠤᠯᠤᠰ ᠠᠴᠠ ᠵᠢᠭᠠᠬᠤ ᠮᠠᠲ᠋ᠧᠷᠢᠶᠠᠯ ᠤᠨ ᠵᠥᠪᠯᠡᠯ ᠢ ᠪᠠᠶᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠ ᠤᠯᠤᠰ ᠤᠨ ᠠᠵᠢᠯ ᠶᠠᠪᠤᠳᠠᠯ ᠤᠨ ᠡᠷᠬᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠤᠬᠠᠭᠠᠯᠠᠨ ᠲᠥᠯᠥᠪᠯᠡᠬᠦ ᠪᠠ ᠨᠢᠭᠡᠳᠦᠯᠲᠡᠶ ᠲᠥᠯᠥᠪᠯᠡᠨ ᠵᠢᠯᠣᠭᠤᠳᠬᠤ ᠪᠠᠨ ᠴᠢᠩᠭᠠᠳᠬᠠᠵᠦ᠂ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠨ᠎ᠠ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠠᠴᠠ ᠲᠤᠰᠬᠠᠶ ᠬᠦᠴᠦᠨ ᠢ ᠵᠣᠬᠢᠶᠠᠨ ᠪᠠᠶᠢᠭᠤᠯᠵᠤ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠤᠯᠤᠰ ᠲᠥᠷᠥ ︵ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ︶᠂ ᠲᠡᠤᠬᠡ ᠶᠢᠨ ᠭᠤᠷᠪᠠᠨ ᠲᠥᠷᠥᠯ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠢᠭᠡᠳᠦᠯᠲᠡᠶ ᠨᠠᠶᠢᠷᠠᠭᠤᠯᠤᠨ ᠪᠢᠴᠢᠵᠦ᠂ 2017 ᠣᠨ ᠤ 9 ᠰᠠᠷ᠎ᠠ ᠳᠤ ᠪᠥᠬᠦ ᠤᠯᠤᠰ ᠤᠨ ᠪᠣᠶ ᠪᠥᠬᠦᠶ ᠳᠤᠮᠳᠠᠳᠤ ᠪᠠᠭ᠎ᠠ ᠰᠣᠷᠭᠠᠭᠤᠯᠢ ᠳᠤ ᠨᠢᠭᠡᠳᠦᠯᠲᠡᠶ ᠬᠡᠷᠡᠭᠯᠡᠨ᠎ᠡ᠃ ᠮᠠᠨ ᠤ ᠣᠷᠣᠨ ᠤ ᠬᠢᠲᠠᠳ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠴᠤ ᠵᠡᠷᠭᠡ ᠪᠠᠷ ᠬᠡᠷᠡᠭᠯᠡᠨ᠎ᠠ᠃     ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠳᠡᠰ᠂ ᠥᠨᠳᠥᠷ ᠬᠢᠷᠢ ᠲᠦᠪᠰᠢᠨ᠂ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠢᠨᠵᠢᠶᠠᠩ 2017 ᠣᠨ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠬᠢᠨ ᠤ ᠣᠨ ᠳᠤ ᠭᠤᠷᠪᠠᠨ ᠬᠢᠴᠢᠶᠡᠯ ᠤᠨ ᠨᠢᠭᠡᠳᠦᠯᠲᠡᠢ ᠨᠡᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠡᠬᠢᠯᠡᠨ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ᠃ ᠲᠥᠪᠡᠳ 2018 ᠣᠨ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ‌‍ᠤᠨ ᠱᠠᠲᠤᠨ ᠤ ᠡᠬᠢᠨ ᠤ ᠣᠨ ᠳᠤ ᠭᠤᠷᠪᠠᠨ ᠲᠦᠷᠦᠯ ᠤᠨ ᠨᠢᠭᠡᠳᠦᠯᠲᠡᠢ ᠨᠡᠶᠢᠷᠠᠭᠤᠯᠣᠭᠰᠡᠨ ᠵᠢᠭᠠᠬᠤ ᠮᠠᠲ᠋ᠧᠷᠢᠶᠠᠯ ᠢ ᠡᠬᠢᠯᠡᠨ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ᠃     ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ᠂ ᠭᠠᠨᠰᠦ᠂ ᠭᠢᠷᠢᠨ᠂ ᠯᠢᠶᠣᠤᠨᠢᠩ᠂ ᠬᠥᠬᠡᠨᠠᠭᠤᠷ᠂ ᠰᠧᠴᠤᠸᠠᠨ ᠵᠡᠷᠭᠡ 6 ᠮᠤᠵᠢ ᠣᠷᠣᠨ ᠤ ᠦᠨᠳᠣᠰᠣᠳᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠨᠢ ᠡᠨᠡ ᠵᠢᠯ ᠤᠨ ᠨᠠᠮᠤᠷ ᠠᠴᠠ ᠡᠬᠢᠯᠡᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯᠤᠨ᠎ᠠ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠷᠬᠡ ᠲᠡᠭᠰᠢ ᠮᠥᠷᠲᠡᠭᠡᠨ ᠴᠢᠨᠠᠷ ᠴᠢᠨᠰᠠᠭ᠎ᠠ ᠲᠠᠢ ᠦᠨᠳᠣᠰᠣᠳᠡᠨ ᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠ ᠣᠳᠣᠬᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠪᠠ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠮᠠᠨ ᠤ ᠣᠷᠣᠨ ᠤ ᠬᠡᠯᠡ ᠪᠢᠴᠢᠭ᠂ ᠤᠯᠤᠰ ᠲᠥᠷᠥ᠂ ᠲᠡᠤᠬᠡ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠷᠪᠠᠨ ᠵᠢᠯ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠵᠦ᠂ ᠯᠠᠪᠳᠠᠭᠤᠨ ᠢᠶᠠᠷ ᠠᠬᠢᠭᠤᠯᠬᠤ ᠠᠵᠢᠯ ᠤᠨ ᠰᠠᠨᠠᠭᠤᠯᠭ᠎ᠠ ᠳᠤᠷᠠᠳᠴᠤ᠂ ᠪᠠᠰᠠ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠵᠥᠪᠰᠢᠶᠡᠷᠡᠯ ᠢ ᠣᠯᠤᠭᠰᠠᠨ ᠪᠠᠶᠢᠨ᠎ᠠ᠃ ᠡᠨᠡ ᠵᠢᠯ ᠤᠨ ᠨᠠᠮᠤᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠤᠷᠢᠳ ᠢᠶᠠᠷ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠵᠢᠭᠠᠬᠤ ᠮᠠᠲ᠋ᠧᠷᠢᠶᠠᠯ ᠢ ᠬᠡᠷᠡᠭᠯᠡᠵᠦ᠂ 2021 ᠣᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠣᠭᠡᠷ ᠣᠨ ᠳᠤ ᠨᠢᠭᠡᠳᠦᠯᠲᠡᠢ ᠨᠠᠶᠢᠷᠠᠭᠤᠯᠤᠭᠰᠠᠨ ︽ᠶᠣᠰᠣ ᠰᠤᠷᠲᠠᠬᠤᠨ ᠬᠢᠭᠡᠳ ᠬᠠᠤᠯᠢᠵᠢᠯ︾ ︵ᠤᠯᠤᠰ ᠲᠦᠷᠦ︶ ᠵᠢᠭᠠᠬᠤ ᠮᠠᠲ᠋ᠧᠷᠢᠶᠠᠯ ᠢ ᠬᠡᠷᠡᠭᠯᠡᠵᠡᠢ᠃ 2022 ᠣᠨ ᠳᠤ ᠠᠩᠬ᠎ᠠ ᠳᠤᠮᠳᠠᠳᠤ ᠶᠢᠨ ᠨᠢᠭᠡᠳᠦᠭᠡᠷ ᠣᠨ ᠳᠤ ᠨᠢᠭᠡᠳᠦᠯᠲᠡᠢ ᠨᠠᠶᠢᠷᠠᠭᠤᠯᠤᠭᠰᠠᠨ ︽ᠲᠡᠦᠬᠡ︾ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠡᠭᠦᠨ ᠤ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠦ᠂ ᠠᠯᠪᠠᠨ ᠵᠢᠷᠣᠮ ᠤᠨ ᠰᠤᠷᠭᠠᠨ ᠬᠥᠮᠦᠵᠢᠯ ᠤᠨ ᠱᠠᠲᠤᠨ ᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠡᠨᠡ ᠬᠦ ᠰᠢᠢᠳᠪᠣᠷᠢᠳᠦ ᠪᠣᠳᠣᠯᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠤ ᠪᠠᠶᠢᠳᠠᠯ ᠢ ᠪᠣᠳᠣᠯᠬᠢᠯᠠᠵᠦ᠂ ᠨᠠᠮ ᠪᠠ ᠤᠯᠤᠰ ᠠᠴᠠ ᠮᠠᠨ ᠤ ᠣᠷᠣᠨ ᠢ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ ᠡᠭᠦᠨ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠲᠢᠩᠬᠢᠮ ᠠᠴᠠ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠣᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠤᠯᠤᠰ ᠤᠨ ᠨᠢᠭᠡᠳᠦᠯᠲᠡᠶ ᠨᠡᠶᠢᠷᠠᠭᠤᠯᠣᠭᠰᠠᠨ ︿ᠬᠡᠯᠡ ᠪᠢᠴᠢᠭ﹀ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠬᠤ ᠶᠢ ᠵᠥᠪᠰᠢᠶᠡᠷᠡᠪᠡ᠃ ᠡᠨᠡ ᠬᠦ ᠠᠵᠢᠯ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠪᠣᠯᠤᠨ᠎ᠠ᠃     ᠵᠢᠭᠠᠬᠤ ᠮᠠᠲ᠋ᠧᠷᠢᠶᠠᠯ ᠨᠢ ᠨᠠᠮ ᠪᠠ ᠤᠯᠤᠰ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠲᠦᠮᠡᠨ ᠤ ᠴᠢᠬᠤᠯᠡ ᠶᠡᠭᠡ ᠠᠩᠬᠠᠷᠤᠯ ᠲᠠᠯᠪᠢᠵᠤ ᠪᠡᠶᠢᠭ᠎ᠠ ᠠᠰᠠᠭᠤᠳᠠᠯ ᠢ ᠲᠤᠰᠬᠠᠵᠤ᠂ ᠳᠤᠮᠳᠠᠳᠤ ᠶᠢᠨ ᠰᠢᠯᠢᠳᠡᠭ ᠰᠣᠶᠣᠯ ᠪᠠ ᠬᠥᠮᠦᠨ ᠲᠥᠷᠥᠯᠬᠢᠲᠡᠨ ᠤ ᠪᠣᠯᠪᠠᠰᠤᠨ ᠤ ᠲᠡᠷᠢᠭᠦᠨ ᠤ ᠦᠷ᠎ᠡ ᠪᠦᠲᠦᠭᠡᠯ ᠢ ᠣᠯᠠᠮᠵᠢᠯᠡᠨ ᠵᠠᠯᠭᠠᠮᠵᠢᠯᠠᠬᠤ ᠪᠣᠯ ᠶᠠᠮᠠᠷ ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠨ ᠢ ᠬᠥᠮᠦᠵᠢᠭᠦᠯᠬᠦ᠂ ᠬᠡᠨ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠮᠥᠨ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢᠭᠤᠳ ᠬᠤᠯᠪᠣᠭᠳᠠᠵᠤ ᠪᠠᠶᠢᠳᠠᠭ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠳᠤ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠦᠨᠳᠦᠰᠦᠲᠡᠨ ᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠡᠶᠢᠷᠢᠯᠠᠭᠤᠯᠣᠯᠳᠡ ᠮᠥᠨ᠂ ᠤᠯᠤᠰ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠮᠢᠶᠠᠷᠤᠯᠲᠠ ᠶᠢᠨ ᠴᠢᠬᠤᠯᠠ ᠶᠡᠭᠡ ᠦᠭᠡᠷᠡᠴᠢᠯᠠᠯᠳᠠ ᠶᠢᠨ ᠠᠷᠭ᠎ᠠ ᠬᠡᠮᠵᠢᠶ᠎ᠡ ᠮᠥᠨ᠃ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠦᠷᠢᠮ ᠤᠨ ᠲᠣᠬᠢᠷᠠᠭᠤᠯᠤᠯᠲᠠ ᠪᠣᠯᠤᠨ᠎ᠠ᠃ ᠦᠨᠳᠦᠰᠦᠲᠡᠨ ᠤ ᠣᠷᠣᠨ ᠤ ᠥᠷᠭᠡᠨ ᠤᠯᠠᠨ ᠲᠦᠮᠡᠨ ᠪᠠ ᠰᠤᠷᠤᠭᠴᠢᠳ ᠤᠨ ᠪᠣᠳᠠᠲᠤ ᠱᠠᠭᠠᠷᠳᠠᠯᠭ᠎ᠠ ᠮᠥᠨ᠃ ᠤᠯᠤᠰ ᠠᠴᠠ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠣᠯᠤᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠲᠥᠪ ᠭᠤᠣᠯᠴᠢ᠂ ᠨᠡᠩ ᠴᠢᠨᠠᠷᠳᠡᠢ ᠰᠤᠷᠭᠠᠨ ᠬᠥᠮᠦᠵᠢᠯ ᠬᠦᠷᠲᠡᠭᠡᠬᠦ ᠳᠤ ᠠᠰᠢᠭᠲᠠᠢ ᠪᠠᠶᠢᠵᠤ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠪᠠ ᠠᠯᠤᠰ ᠬᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃     2᠂ ᠮᠠᠨ ᠤ ᠣᠷᠣᠨ ᠤ ᠣᠲᠣ ᠪᠠᠶᠢᠭ᠎ᠠ ᠬᠤᠤᠰ ᠬᠡᠯᠡᠨ ᠤ ᠵᠢᠭᠠᠨ ᠰᠤᠷᠭᠠᠯᠲᠠ ᠶᠢᠨ ᠰᠢᠰᠲ᠋ᠧᠮ ᠬᠤᠪᠢᠷᠠᠨ᠎ᠠ ᠦᠦ ᠥᠬᠡᠶ ᠦᠦ︖ ᠮᠣᠩᠭᠤᠯ ᠬᠡᠯᠡ ᠪᠢᠴᠢᠭ ᠤᠨ ᠬᠢᠴᠢᠶᠡᠯ ᠢ ᠦᠭᠡᠶᠢᠰᠬᠡᠬᠦ ᠦᠦ︖     2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠠᠴᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠡᠬᠢᠯᠡᠨ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠬᠡᠷᠡᠭᠲᠡᠶ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠤᠤᠯ ᠨᠢ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠠᠴᠠ ᠡᠬᠢᠯᠡᠵᠦ ᠡᠷᠬᠢᠯᠡᠭᠰᠡᠨ ︽ᠬᠢᠲᠠᠳ ᠬᠡᠯᠡ︾ ᠶᠢᠨ ᠬᠢᠴᠢᠶᠡᠯ ᠢ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠨᠡᠭᠡᠭᠡᠵᠦ᠂ ᠠᠩᠬ᠎ᠠ ᠳᠤᠮᠳᠠᠳᠤ ᠶᠢᠨ ᠨᠢᠭᠡᠳᠦᠭᠡᠷ ᠣᠨ ᠳᠤ ᠤᠤᠯ ᠤᠨ ︽ᠬᠢᠲᠠᠳ ᠬᠡᠯᠡ︾ ᠶᠢᠨ ᠬᠢᠴᠢᠶᠡᠯ ᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠪᠣᠯᠭᠠᠨ ᠦᠭᠡᠷᠡᠴᠢᠯᠡᠪᠡ᠃ ᠪᠤᠰᠤᠳ ᠰᠢᠨᠵᠢᠯᠡᠭᠡᠨ ᠤ ᠰᠠᠯᠠᠭ᠎ᠠ ᠪᠠ ᠪᠤᠰᠤᠳ ᠣᠨ ᠤ ᠬᠢᠴᠢᠶᠡᠯ ᠤᠨ ᠪᠠᠶᠢᠷᠢᠯᠠᠭᠤᠯᠤᠯᠲᠠ ᠨᠢ ᠬᠤᠪᠢᠷᠠᠬᠤ ᠦᠭᠡᠢ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠬᠤᠪᠢᠷᠠᠬᠤ ᠦᠭᠡᠢ᠃ ᠬᠢᠴᠢᠶᠡᠯᠯᠡᠬᠦ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠢ ᠬᠤᠪᠢᠷᠠᠭᠤᠯᠬᠤ ᠦᠭᠡᠢ᠃ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠡᠯᠭᠡᠷᠡᠭᠦᠯᠣᠭᠰᠠᠨ ᠤ ᠳᠠᠷᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠤᠰᠤᠳ ᠰᠢᠨᠵᠢᠯᠡᠭᠡᠨ ᠤ ᠬᠢᠴᠢᠶᠡᠯ ᠤᠨ ᠪᠠᠶᠢᠷᠢᠯᠠᠭᠤᠯᠤᠯᠲᠠ ᠨᠢ ᠬᠤᠪᠢᠷᠠᠬᠤ ᠦᠭᠡᠢ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠬᠤᠪᠢᠷᠠᠬᠤ ᠦᠭᠡᠢ᠂ ᠬᠢᠴᠢᠶᠡᠯᠯᠡᠬᠦ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠢ ᠬᠤᠪᠢᠷᠠᠭᠤᠯᠬᠤ ᠦᠭᠡᠢ᠃ ᠡᠶᠢᠮᠦ ᠠᠴᠠ ᠤᠳᠤ ᠪᠠᠶᠢᠭ᠎ᠠ ᠬᠤᠣᠰ ᠬᠡᠯᠡᠨ ᠤ ᠰᠤᠷᠭᠠᠨ ᠬᠥᠮᠦᠵᠢᠯ ᠤᠨ ᠰᠢᠰᠲ᠋ᠧᠮ ᠬᠤᠪᠢᠷᠠᠭ᠎ᠠ ᠦᠭᠡᠢ᠃    3᠂ ᠨᠢᠭᠡᠳᠣᠯᠳᠡᠢ ᠨᠡᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠤᠷᠤᠭᠴᠢᠳ ᠲᠤ ᠠᠰᠢᠭᠲᠠᠢ ᠦᠦ︖    ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠦᠭᠡ ᠬᠡᠯᠡ ᠨᠡᠪᠲᠡᠷᠡᠯᠴᠡᠬᠦ ᠪᠣᠯ ᠬᠥᠮᠦᠨ ᠬᠥᠮᠦᠨ ᠤ ᠬᠤᠭᠤᠷᠣᠨᠳᠣᠬᠢ ᠨᠡᠪᠲᠡᠷᠡᠯᠴᠡᠬᠦ ᠶᠢᠨ ᠴᠢᠬᠤᠯᠠ ᠭᠤᠭᠴᠤᠭ᠎ᠠ ᠪᠣᠯᠣᠨ᠎ᠠ᠂ ᠦᠭᠡ ᠬᠡᠯᠡ ᠨᠡᠪᠲᠡᠷᠡᠯᠴᠡᠬᠦ ᠦᠭᠡᠢ ᠪᠣᠯ ᠨᠡᠪᠲᠡᠷᠡᠯᠴᠡᠬᠦ ᠳᠤ ᠪᠡᠷᠬᠡ ᠶᠤᠮ᠃ ᠨᠡᠪᠲᠡᠷᠡᠯᠴᠡᠬᠦ ᠦᠭᠡᠢ ᠪᠣᠯ ᠣᠶᠢᠯᠠᠭᠠᠯᠲᠠ ᠲᠠᠢ ᠪᠣᠯᠬᠤ‌‍ᠳᠤ ᠪᠡᠷᠬᠡ᠂ ᠲᠠᠨᠢᠨ ᠮᠡᠳᠡᠷᠡᠬᠦᠢ ᠪᠣᠯᠬᠤ ᠳᠤ ᠪᠡᠷᠬᠡ᠃ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠲᠤᠷ ᠰᠣᠷᠣᠯᠴᠠᠬᠤ ᠨᠢ ᠠᠵᠢᠯ ᠣᠯᠭᠤᠯᠲᠠ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠳᠤ ᠠᠭᠤᠰᠤᠯᠴᠠᠬᠤ ᠳᠤ ᠴᠥᠮ ᠠᠰᠢᠭᠲᠠᠶ ᠶᠤᠮ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ ᠬᠡᠯᠡ ᠪᠢᠴᠢᠭ ᠤᠨ ᠬᠢᠴᠢᠶᠡᠯ ᠤᠨ ᠥᠭᠡᠷᠡᠴᠢᠯᠡᠯᠲᠡ ᠶᠢᠨ ᠰᠢᠯᠢᠳᠡᠭ ᠦᠷ᠎ᠡ ᠪᠦᠲᠦᠭᠡᠯ ᠢ ᠳ᠋ᠦᠩᠨᠡᠵᠦ᠂ ᠬᠢᠴᠢᠶᠡᠯ ᠤᠨ ᠥᠭᠡᠷᠡᠴᠢᠯᠡᠯᠲᠡ ᠶᠢᠨ ᠲᠡᠷᠢᠭᠦᠨ ᠤ ᠣᠶᠢᠯᠠᠭᠠᠭᠳᠠᠬᠤᠨ ᠪᠠ ᠠᠮᠵᠢᠯᠲᠠ ᠣᠯᠤᠭᠰᠠᠨ ᠲᠤᠷᠰᠢᠯᠭ᠎ᠠ ᠶᠢ ᠬᠤᠷᠠᠮᠳᠤᠭᠤᠯᠵᠤ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠦᠢᠯᠡᠳᠣᠯᠭᠡ  ᠶᠢᠨ ᠴᠢᠳᠠᠪᠤᠷᠢ ᠶᠢ ᠬᠦᠮᠣᠵᠢᠭᠦᠯᠬᠦ ᠶᠢ ᠴᠢᠬᠤᠯᠠᠴᠢᠯᠠᠵᠤ᠂ ᠡᠵᠡᠨ ᠮᠡᠳᠡᠬᠦ᠂ ᠬᠠᠮᠲᠤᠷᠠᠨ ᠠᠵᠢᠯᠯᠠᠬᠤ᠂ ᠰᠦᠪᠡᠭᠴᠢᠯᠡᠬᠦ ᠰᠤᠷᠤᠯᠴᠠᠬᠤ ᠠᠷᠭ᠎ᠠ ᠮᠠᠶ᠋ᠢᠭ ᠢ ᠰᠠᠨᠠᠭᠠᠴᠢᠯᠠᠬᠤ ᠬᠡᠷᠡᠭᠲᠡᠶ᠃ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠨᠡᠩ ᠴᠢᠩᠭᠠᠳᠬᠠᠵᠤ᠂ ᠬᠡᠯᠡ ᠪᠢᠴᠢᠭ ᠪᠠ ᠠᠮᠢᠳᠤᠷᠠᠯ ᠤᠨ ᠬᠠᠷᠢᠯᠴᠠᠭ᠎ᠠ ᠶᠢ ᠴᠢᠩᠭᠠᠳᠬᠠᠵᠤ᠂ ᠰᠤᠷᠤᠭᠴᠢᠳ ᠤᠨ ᠬᠡᠯᠡ ᠪᠢᠴᠢᠭ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠪᠠᠷ ᠴᠢᠷᠮᠠᠶᠢᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠪᠤᠰᠤᠳ ᠡᠯ᠎ᠡ ᠦᠨᠳᠦᠰᠦᠲᠡᠨ ᠤ ᠰᠤᠷᠤᠭᠴᠢᠳ  ᠯᠤᠭ᠎ᠠ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠬᠤ ᠳᠤ ᠠᠰᠢᠭᠲᠠᠶ ᠪᠠᠶᠢᠵᠤ᠂ ᠬᠤᠶᠢᠰᠢᠳᠠ ᠪᠣᠳᠠᠭᠠᠯᠢ ᠪᠡᠶ᠎ᠡ ᠶᠢᠨ ᠬᠥᠭᠵᠢᠯᠲᠡ ᠪᠠ ᠰᠤᠷᠭᠠᠭᠤᠯᠢ ᠳᠡᠪᠰᠢᠵᠦ ᠠᠵᠢᠯ ᠤᠯᠬᠤ ᠳᠤ ᠵᠠᠮ ᠮᠥᠷ ᠢ ᠥᠷᠭᠡᠳᠬᠡᠵᠦ ᠥᠭᠴᠡᠶ᠃     4. ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ  ᠬᠡᠷᠡᠭᠯᠡᠬᠦ  ᠨᠢ ᠰᠣᠷᠣᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠨᠡᠮᠡᠭᠳᠡᠭᠦᠯᠦᠭᠰᠡᠨ ᠦᠦ︖    ᠤᠯᠤᠰ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠳᠤ ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ ᠪᠣᠯᠤᠨ ᠰᠤᠷᠭᠠᠭᠤᠯᠢ ᠶᠢᠨ ᠬᠢᠴᠢᠶᠡᠯ ᠤᠨ ᠭᠤᠷᠪᠠᠨ ᠳᠡᠰ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠤᠯᠤᠰ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠲᠣᠬᠢᠷᠠᠭᠤᠯᠬᠤ ᠲᠥᠰᠦᠯ︾ ᠳᠤ ᠲᠣᠳᠣᠷᠬᠠᠶ ᠲᠣᠭᠲᠠᠭᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠶᠢᠰᠦᠨ ᠵᠢᠯ ᠢᠮᠠᠭᠲᠠ ᠪᠦᠬᠦᠯᠢ ᠴᠣᠭᠴᠠ ᠪᠠᠷ ᠨᠢ ᠲᠣᠬᠢᠷᠠᠭᠤᠯᠵᠤ᠂ ᠬᠢᠴᠢᠶᠡᠯ ᠢ ᠲᠡᠩᠴᠡᠭᠦᠷᠢᠲᠡᠶ ᠲᠣᠬᠢᠷᠠᠭᠤᠯᠵᠤ᠂ ᠬᠢᠴᠢᠶᠡᠯ ᠤᠨ ᠴᠠᠭ ᠢ ᠬᠠᠷᠢᠴᠠᠯ ᠢᠶᠠᠷ ᠲᠣᠬᠢᠷᠠᠭᠤᠯᠤᠨ᠎ᠠ᠃    ᠣᠳᠣᠬᠠᠨ ᠳᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠤᠯᠤᠰ ᠤᠨ ᠬᠢᠴᠢᠶᠡᠯ ᠤᠨ ᠴᠠᠭ ᠤᠨ ᠡᠵᠡᠯᠡᠬᠦ ᠬᠠᠷᠢᠴᠠᠯ ᠨᠢ 75 — 80%᠂ ᠣᠷᠣᠨ ᠨᠤᠲᠤᠭ ᠤᠨ ᠬᠢᠴᠢᠶᠡᠯ ᠬᠢᠭᠡᠳ ᠰᠤᠷᠭᠠᠭᠤᠯᠢ ᠶᠢᠨ ᠬᠢᠴᠢᠶᠡᠯ ᠤᠨ ᠴᠠᠭ ᠤᠨ ᠡᠵᠡᠯᠡᠬᠦ ᠬᠠᠷᠢᠴᠠᠯ ᠨᠢ 20 — 25% ᠪᠣᠯᠤᠨ᠎ᠠ᠃ ᠭᠠᠷᠠᠭ ᠪᠦᠷᠢ ᠶᠢᠨ ᠶᠡᠷᠦᠩᠬᠡᠶ ᠬᠢᠴᠢᠶᠡᠯ ᠤᠨ ᠴᠠᠭ ᠤᠨ ᠲᠣᠬᠢᠷᠠᠭᠤᠯᠤᠯᠲᠠ ᠨᠢ᠄ ᠪᠠᠭ᠎ᠠ ᠰᠤᠷᠭᠠᠭᠤᠯᠢ ᠶᠢᠨ 25 — 33 ᠬᠢᠴᠢᠶᠡᠯ ᠤᠨ ᠴᠠᠭ᠂ ᠠᠩᠬ᠎ᠠ ᠳᠤᠮᠳᠠᠳᠤ ᠶᠢᠨ 32 — 36 ᠬᠢᠴᠢᠶᠡᠯ ᠤᠨ ᠴᠠᠭ ᠪᠣᠯᠤᠨ᠎ᠠ᠃    ᠡᠨᠡ ᠨᠠᠮᠤᠷ ᠪᠢᠳᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠪᠣᠯᠣᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠬᠢᠴᠢᠶᠡᠯ ᠤᠨ ᠴᠠᠭ ᠲᠤ ᠲᠣᠬᠢᠷᠠᠭᠤᠯᠣᠯᠳᠠ ᠬᠢᠵᠡᠶ᠃ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠬᠢᠴᠢᠶᠡᠯ ᠤᠨ ᠴᠠᠭ ᠢ ᠵᠣᠬᠢᠰᠲᠠᠶ ᠲᠤᠬᠢᠷᠠᠭᠤᠯᠤᠨ ᠬᠠᠰᠤᠵᠠᠶ᠃ ᠡᠳᠦᠷ ᠪᠦᠷᠢ 1 ᠬᠢᠴᠢᠶᠡᠯ ᠤᠨ ᠴᠠᠭ ᠢᠶᠠᠷ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠢ ᠲᠣᠬᠢᠷᠠᠭᠤᠯᠵᠤ᠂ ᠰᠤᠷᠤᠭᠴᠢᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠢᠮ᠎ᠡ ᠶᠣᠰᠣ ᠪᠠ ᠰᠢᠨᠵᠢᠯᠡᠭᠡᠨ ᠤ ᠮᠡᠳᠡᠯᠭᠡ ᠶᠢᠨ ᠲᠣᠳᠣᠭᠠᠳᠦ  ᠯᠣᠭᠢᠭ ᠢ ᠭᠦᠢᠴᠡᠳ ᠪᠣᠳᠣᠯᠬᠢᠯᠠᠵᠤ᠂ ᠳᠣᠣᠷ᠎ᠠ ᠣᠨ ᠠᠴᠠ ᠳᠡᠭᠡᠳᠦ ᠣᠨ ᠬᠦᠷᠲᠡᠯ᠎ᠡ ᠠᠭᠠᠵᠢᠮ ᠢᠶᠠᠷ ᠨᠡᠮᠡᠭᠳᠡᠬᠦ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠡᠢ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠴᠠᠭ ᠤᠨ ᠬᠠᠷᠢᠴᠠᠯ ᠢ ᠣᠯᠣᠰ ᠤᠨ ᠬᠢᠴᠢᠶᠡᠯ ᠲᠣᠬᠢᠷᠠᠭᠤᠯᠬᠤ ᠲᠥᠰᠦᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠰᠤᠷᠤᠯᠭ᠎ᠠ ᠶᠢᠨ ᠣᠨ ᠤ ᠬᠢᠴᠢᠲᠡᠯ ᠤᠨ ᠴᠠᠭ ᠤᠨ ᠶᠡᠷᠦᠩᠬᠡᠶ ᠲᠤᠭ᠎ᠠ ᠪᠠ ᠭᠠᠷᠠᠭ ᠤᠨ ᠬᠢᠴᠢᠶᠡᠯ ᠤᠨ ᠴᠠᠭ ᠤᠨ ᠲᠤᠭ᠎ᠠ ᠶᠢ ᠤᠯᠤᠰ ᠤᠨ ᠲᠣᠭᠲᠠᠭᠠᠭᠰᠠᠨ ᠬᠡᠪᠴᠢᠶᠡᠨ ᠳᠤ ᠬᠢᠵᠠᠭᠠᠷᠯᠠᠨ᠎ᠠ᠃ ᠡᠭᠦᠨ ᠤ ᠬᠠᠮᠲᠤ᠂ ᠪᠣᠳᠠᠲᠠᠶ ᠬᠡᠷᠡᠭᠵᠢᠭᠦᠯᠬᠦ ᠶᠠᠪᠤᠴᠠ ᠳᠤ᠂ ᠡᠯ᠎ᠡ ᠭᠠᠵᠠᠷ ᠣᠷᠣᠨ ᠪᠠᠰᠠ ᠬᠢᠴᠢᠶᠡᠯ ᠤᠨ ᠪᠠᠷᠢᠮᠵᠢᠶ᠎ᠠ ᠶᠢᠨ ᠦᠨᠳᠦᠰᠦᠨ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠵᠢᠭᠠᠨ ᠰᠤᠷᠭᠠᠬᠤ ᠰᠠᠨᠠᠭᠤᠯᠭ᠎ᠠ ᠶᠣᠰᠣᠭᠠᠷ᠂ ᠰᠤᠷᠭᠠᠭᠤᠯᠢ ᠶᠢᠨ ᠪᠣᠳᠠᠲᠠᠶ ᠲᠠᠢ ᠣᠶᠠᠯᠳᠣᠭᠤᠯᠣᠨ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ᠃    5᠂ ᠨᠢᠭᠡᠳᠣᠯᠳᠡᠢ ᠨᠡᠶᠢᠷᠠᠭᠤᠯᠣᠭᠰᠠᠨ ︽ᠬᠡᠯᠡ ᠪᠢᠴᠢᠭ︾ ᠰᠢᠨᠵᠢᠯᠡᠭᠡᠨ ᠤ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖   ᠶᠡᠷᠦᠩᠬᠡᠶ ᠳᠤᠨᠢ ᠠᠪᠴᠤ ᠦᠵᠡᠪᠡᠯ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠬᠡᠯᠡ ᠪᠢᠴᠢᠭ ᠤᠨ ᠪᠠᠭᠰᠢ ᠶᠢᠨ ᠳᠤᠲᠠᠭᠳᠠᠯ ᠶᠡᠭᠡ ᠪᠢᠰᠢ᠂ ᠭᠤᠤᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠤ ᠳᠣᠭᠢᠷᠠᠭᠤᠯᠤᠨ᠎ᠠ᠄ ᠨᠢᠭᠡ ᠳᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠣᠰ ᠭᠠᠵᠠᠷ ᠣᠷᠣᠨ ᠤ ᠪᠠᠨ ᠦᠨᠳᠦᠰᠦᠲᠡᠨ‌‍ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢ ᠵᠢᠯᠣᠭᠤᠳᠣᠨ ᠳᠣᠲᠣᠭᠠᠳᠤ ᠶᠢᠨ ᠲᠣᠬᠢᠷᠠᠭᠤᠯᠤᠯᠲᠠ ᠪᠠᠷ ᠳᠡᠮᠵᠢᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠥᠷᠥᠯ ᠤᠨ ᠪᠠᠭᠰᠢ ᠶᠢᠨ ᠲᠣᠬᠢᠷᠠᠭᠤᠯᠣᠯᠳᠠ ᠶᠢ ᠤᠷᠢᠳᠠᠪᠠᠷ ᠪᠠᠲᠤᠯᠠᠨ᠎ᠠ᠃ ᠬᠤᠶᠠᠷ ᠲᠤ᠂ ᠦᠨᠡᠬᠡᠷ ᠬᠦᠴᠢᠷᠳᠡᠯ ᠲᠠᠢ ᠰᠤᠷᠭᠠᠭᠤᠯᠢ ᠶᠢ ᠰᠢᠶᠠᠨ ᠤ ᠬᠡᠪᠴᠢᠶᠡᠨ ᠳᠠᠬᠢ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠪᠠᠷ ᠳᠠᠮᠵᠢᠭᠤᠯᠤᠨ ᠰᠢᠢᠳᠪᠣᠷᠢᠯᠡᠨ᠎ᠡ᠃ ᠭᠤᠷᠪᠠ ᠳᠤ᠂ ᠣᠨᠴᠠ ᠶᠡᠭᠡ ᠳᠤᠲᠠᠭᠳᠠᠵᠤ ᠪᠠᠶᠢᠭ᠎ᠠ ᠭᠠᠵᠠᠷ ᠣᠷᠣᠨ ᠳᠤ᠂ ᠠᠶᠢᠮᠠᠭ ᠬᠤᠳᠠ ᠪᠠᠷ ᠨᠢᠭᠡᠴᠢ ᠪᠣᠯᠭᠠᠨ ᠲᠤᠰ ᠭᠠᠵᠠᠷ ᠣᠷᠣᠨ ᠠᠴᠠ ᠠᠵᠢᠯ ᠤᠨ ᠪᠠᠶᠢᠷᠢ ᠳᠠᠭᠠᠨ ᠪᠠᠶᠢᠬᠤ ᠪᠤᠶᠤ ᠤᠢᠢᠷ᠎ᠠ ᠶᠢᠨ ᠲᠠᠪᠤᠨ ᠵᠢᠯ ᠳᠤ ᠠᠵᠢᠯ ᠠᠴᠠ ᠪᠠᠨ ᠠᠮᠠᠷᠠᠭᠰᠠᠨ ᠪᠠᠭᠰᠢ᠂ ᠵᠢᠭᠠᠨ ᠰᠤᠳᠤᠯᠤᠭᠴᠢ ᠵᠢᠴᠢ ᠵᠢᠭᠠᠨ ᠰᠤᠷᠭᠠᠬᠤ ᠱᠠᠭᠠᠷᠳᠠᠯᠭ᠎ᠠ ᠶᠢ ᠡᠭᠦᠷᠭᠡᠯᠡᠵᠦ ᠳᠡᠶᠢᠯᠬᠦ ᠪᠤᠰᠤᠳ ᠰᠤᠷᠭᠠᠨ ᠬᠥᠮᠦᠵᠢᠯ ᠤᠨ ᠠᠵᠢᠯᠳᠠᠨ ᠢ ᠡᠯᠰᠡᠨ ᠦᠨᠳᠦᠰᠦᠲᠡᠨ ᠤ ᠰᠤᠷᠭᠠᠭᠤᠯᠢ ᠳᠤ ᠣᠴᠢᠭᠤᠯᠵᠤ ᠰᠤᠷᠭᠠᠨ ᠬᠦᠮᠣᠵᠢᠯ ᠢ ᠳᠡᠮᠵᠢᠭᠦᠯᠬᠦ ᠬᠡᠷᠡᠭᠲᠡᠶ᠃    6᠂ ᠵᠢᠭᠠᠨ ᠰᠤᠷᠭᠠᠬᠤ ᠱᠠᠭᠠᠷᠳᠠᠯᠭ᠎ᠠ ᠶᠢ ᠲᠦᠷ ᠬᠢᠵᠦ ᠳᠡᠶᠢᠯᠬᠦ ᠦᠭᠡᠢ ᠪᠠᠭᠰᠢ ᠶᠢᠨ ᠣᠯᠭᠤᠮᠵᠢ ᠨᠢ ᠨᠥᠯᠥᠭᠡᠯᠡᠭᠳᠡᠨ᠎ᠡ ᠦᠦ ᠦᠭᠡᠢ ᠦᠦ︖    ᠰᠤᠷᠭᠠᠨ ᠬᠥᠮᠦᠵᠢᠯ ᠤᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠲᠥᠰᠦᠯ︾ ᠳᠤ ᠲᠣᠳᠣᠷᠬᠠᠶ ᠲᠣᠭᠲᠠᠭᠠᠭᠰᠠᠨ ᠨᠢ᠂ ︽ᠬᠡᠯᠡ ᠪᠢᠴᠢᠭ︾ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠲᠦᠷ ᠨᠢᠭᠡᠳᠦᠯᠲᠡᠶ ᠨᠠᠶᠢᠷᠠᠭᠤᠯᠵᠤ ᠲᠡᠶᠢᠯᠬᠦ ᠦᠭᠡᠢ ᠪᠠᠭᠰᠢ ᠶᠢᠨ ᠬᠦᠰᠡᠯ ᠡᠷᠡᠮᠡᠯᠵᠡᠯ ᠢ ᠬᠦᠨᠳᠦᠳᠬᠡᠵᠦ᠂ ᠰᠠᠯᠭᠠᠨ ᠲᠣᠬᠢᠷᠠᠭᠤᠯᠬᠤ ᠪᠤᠶᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ ᠶᠢ ᠰᠣᠩᠭᠤᠵᠤ᠂ ᠪᠠᠭᠰᠢ ᠶᠢᠨ ᠠᠵᠢᠯᠲᠠᠨ ᠤ ᠶᠠᠪᠤᠳᠠᠯ ᠪᠡᠶ᠎ᠡ ᠶᠢᠨ ᠭᠠᠷᠤᠯ᠂ ᠲᠤᠰᠢᠶᠠᠯ ᠮᠡᠷᠭᠡᠵᠢᠯ ᠤᠨ ᠴᠣᠯᠠ᠂ ᠴᠠᠯᠢᠩ ᠣᠯᠭᠤᠮᠵᠢ ︽ᠭᠤᠷᠪᠠ ᠶᠢ ᠬᠤᠪᠢᠷᠠᠭᠤᠯᠬᠤ ᠥᠬᠡᠶ︾ ᠶᠢ ᠦᠨᠡᠨᠬᠦ ᠪᠠᠲᠤᠯᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃     7᠂ ᠰᠤᠷᠭᠠᠭᠤᠯᠢ ᠡᠬᠢᠯᠡᠬᠦ ᠪᠣᠯᠣᠯ᠎ᠠ᠂ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠢᠴᠢᠶᠡᠯ ᠤᠨ ᠡᠮᠦᠨ᠎ᠡ ᠬᠦᠷᠴᠦ ᠢᠷᠡᠬᠦ ᠶᠢ ᠪᠠᠲᠤᠯᠠᠵᠤ ᠴᠢᠳᠠᠨ᠎ᠠ ᠦᠦ︖   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠶᠣᠰᠣᠭᠠᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠥᠷᠥᠯ ᠳᠤ ᠬᠡᠷᠡᠭᠯᠡᠬᠦ ᠨᠣᠮ ᠤᠨ ᠲᠤᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠬᠠᠷᠭᠤᠭᠤᠯᠵᠤ᠂ ᠵᠢᠭᠠᠨ ᠰᠤᠷᠭᠠᠬᠤ ᠳᠤ ᠬᠡᠷᠡᠭᠯᠡᠬᠦ ᠨᠣᠮ ᠵᠠᠬᠢᠶᠠᠯᠠᠬᠤ ᠠᠵᠢᠯ ᠢ ᠰᠠᠶᠢᠲᠤᠷ ᠬᠢᠪᠠ᠃ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠵᠦ ᠪᠡᠶᠢᠭ᠎ᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ 8 ᠰᠠᠷ᠎ᠠ ᠶᠢᠨ 15 ᠤ ᠡᠳᠦᠷ ᠪᠦᠬᠦᠨ ᠢ ᠲᠠᠷᠬᠠᠭᠠᠬᠤ ᠪᠠᠶᠢᠭᠤᠯᠤᠮᠵᠢ ᠳᠤ ᠲᠤᠰᠢᠶᠠᠨ ᠥᠭᠴᠡᠶ᠃ ᠬᠢᠴᠢᠶᠡᠯ ᠤᠨ ᠡᠮᠦᠨ᠎ᠡ ᠨᠣᠮ ᠬᠦᠷᠴᠦ ᠢᠷᠡᠬᠦ᠂ ᠬᠥᠮᠦᠨ ᠪᠦᠷᠢ ᠨᠢᠭᠡ ᠳᠡᠪᠲᠡᠷ ᠪᠡᠶᠢᠬᠤ ᠶᠢ ᠪᠠᠲᠤᠯᠠᠵᠤ ᠴᠢᠳᠠᠨ᠎ᠠ᠃     8᠂ ︽ᠬᠡᠯᠡ ᠪᠢᠴᠢᠭ︾ ᠢ ᠨᠢᠭᠡᠳᠦᠯᠲᠡᠢ ᠨᠠᠶᠢᠷᠠᠭᠤᠯᠬᠤ ᠳᠤ ᠪᠠᠭᠰᠢ ᠨᠠᠷ ᠢ ᠬᠥᠳᠡᠯᠦᠩᠭᠦᠢ ᠨᠥᠬᠦᠪᠥᠷᠢᠯᠡᠬᠦ ᠠᠵᠢᠯ ᠢ ᠬᠡᠷᠬᠢᠨ ᠰᠠᠶᠢᠲᠤᠷ ᠬᠢᠬᠦ ᠪᠤᠢ︖    ᠠᠯᠪᠠᠨ ᠵᠠᠷᠤᠳᠠᠯ ᠢᠶᠠᠷ ᠪᠠᠭᠰᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ 2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠠᠯᠪᠠᠨ ᠰᠣᠶᠢᠳᠭᠡᠯ ᠤᠨ ᠪᠠᠭᠰᠢ ᠬᠥᠮᠦᠵᠢᠭᠦᠯᠬᠦ ᠲᠦᠯᠣᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠯᠡ ᠪᠢᠴᠢᠭ ᠤᠨ ᠬᠢᠴᠢᠶᠡᠯ ᠲᠥᠷᠥᠯ ᠤᠨ ᠠᠯᠪᠠᠨ ᠵᠠᠷᠤᠳᠠᠯ ᠪᠠᠨ ︽ᠬᠤᠤᠰ ᠬᠡᠯᠡ︾ ᠶᠢᠨ ᠪᠠᠭᠰᠢ ᠡᠯᠰᠡᠬᠦ ᠲᠥᠯᠥᠪᠯᠡᠭᠡ ᠶᠢ ᠲᠤᠰᠬᠠᠶ ᠵᠣᠶᠢᠯ ᠢᠶᠠᠷ ᠳᠣᠭᠢᠷᠠᠭᠤᠯᠤᠨ᠎ᠠ᠃ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠳᠡᠮᠵᠢᠯᠭᠡ ᠶᠢ ᠣᠯᠵᠤ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠬᠡᠯᠡ ᠪᠢᠴᠢᠭ ᠤᠨ ᠰᠢᠨᠵᠢᠯᠡᠭᠡᠨ ᠤ ᠰᠠᠯᠠᠭ᠎ᠠ ᠶᠢᠨ ︽ᠬᠤᠤᠰ ᠬᠡᠯᠡᠨ︾ ᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢ ᠨᠡᠮᠡᠭᠳᠡᠭᠦᠯᠵᠦ᠂ ᠬᠡᠯᠡ ᠪᠢᠴᠢᠭ ᠤᠨ ᠰᠢᠨᠵᠢᠯᠡᠭᠡᠨ ᠤ ︽ᠬᠤᠤᠰ ᠬᠡᠯᠡᠨ︾ ᠤ ᠪᠠᠭᠰᠢ ᠶᠢ ᠲᠦᠷᠭᠡᠳᠬᠡᠨ ᠬᠥᠮᠦᠵᠢᠭᠦᠯᠦᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠡᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠬᠡᠷᠡᠭᠯᠡᠬᠦ ᠠᠵᠢᠯ ᠢ ᠠᠬᠢᠭᠤᠯᠬᠤ ᠴᠠᠭ ᠤᠨ ᠬᠦᠰᠣᠨᠣᠭ᠍ᠳᠦ ᠶᠢ ᠦᠨᠳᠦᠰᠦᠯᠡᠨ᠂ ᠡᠯ᠎ᠡ ᠱᠠᠲᠤᠨ ᠤ ᠣᠷᠣᠨ ᠲᠣᠭᠠᠨ ᠤ ᠰᠠᠯᠠᠭ᠎ᠠ ᠮᠥᠴᠢᠷ ᠤᠳ ᠪᠠᠭᠰᠢ ᠶᠢᠨ ᠣᠷᠣᠨ ᠲᠤᠭ᠎ᠠ ᠶᠢ ᠵᠦᠢ ᠵᠣᠬᠢᠰᠲᠠᠶ ᠲᠣᠬᠢᠷᠠᠭᠤᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠰᠢᠨᠵᠢᠯᠡᠭᠡᠨ ᠤ ᠰᠠᠯᠠᠭ᠎ᠠ ᠶᠢᠨ ︽ᠬᠤᠤᠰ ᠬᠡᠯᠡ︾ ᠶᠢᠨ ᠪᠠᠭᠰᠢ ᠤᠷᠢᠵᠤ ᠨᠥᠬᠦᠪᠥᠷᠢᠯᠡᠬᠦ ᠠᠵᠢᠯ ᠢ ᠤᠷᠢᠳᠠᠪᠠᠷ ᠪᠠᠲᠤᠯᠠᠵᠤ᠂ ᠬᠡᠯᠡ ᠪᠢᠴᠢᠭ ᠤᠨ ᠪᠠᠭᠰᠢ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢ ᠦᠨᠡᠨᠬᠦ ᠪᠠᠲᠤᠯᠠᠨ᠎ᠠ᠃     9. ︽ᠬᠡᠯᠡ ᠪᠢᠴᠢᠭ︾ ᠢ ᠨᠢᠭᠡᠳᠦᠯᠲᠡᠶ ᠨᠠᠶᠢᠷᠠᠭᠤᠯᠤᠭᠰᠠᠨ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠬᠠᠮᠢᠶ᠎ᠠ ᠪᠥᠬᠦᠶ ᠬᠠᠷᠠᠭᠠᠯᠵᠠᠯ ᠢ ᠬᠡᠷᠬᠢᠨ ᠪᠠᠲᠤᠯᠠᠬᠤ ᠪᠣᠶ︖    ᠡᠯᠰᠡᠭᠰᠡᠨ ︽ᠰᠤᠷᠭᠠᠨ ᠬᠥᠮᠦᠵᠢᠯ ᠢ ᠳᠡᠮᠵᠢᠬᠦ︾ ᠪᠠᠭᠰᠢ ᠶᠢᠨ ᠠᠵᠢᠯ ᠤᠨ ᠵᠠᠷᠤᠳᠠᠯ ᠪᠠ ᠠᠮᠢᠳᠤᠷᠠᠯ ᠤᠨ ᠣᠯᠭᠤᠮᠵᠢ ᠶᠢ ᠤᠯᠤᠰ ᠤᠨ ︽ᠮᠥᠩᠭᠦᠨ ᠵᠢᠯ ᠤᠨ ᠬᠢᠴᠢᠶᠡᠯ ᠵᠢᠭᠠᠬᠤ ᠲᠥᠯᠥᠪᠯᠡᠭᠡ︾ ᠶᠢᠨ ᠲᠣᠭᠲᠠᠭᠠᠯ ᠤᠨ ᠪᠠᠷᠢᠮᠵᠢᠶ᠎ᠠ ᠠᠴᠠ ᠥᠨᠳᠥᠷ ᠪᠠᠶᠢᠯᠭᠠᠬᠤ ᠶᠢ ᠦᠨᠡᠨᠬᠦ ᠪᠠᠲᠤᠯᠠᠵᠤ᠂ ᠲᠤᠰᠠᠯᠠᠮᠵᠢ ᠬᠦᠷᠲᠡᠬᠦ ᠰᠤᠷᠭᠠᠭᠤᠯᠢ ᠨᠢ ᠪᠠᠶᠢᠷᠢ ᠳᠤ ᠰᠠᠭᠤᠬᠤ ᠱᠠᠭᠠᠷᠳᠠᠯᠭ᠎ᠠ ᠲᠠᠢ ᠬᠢᠴᠢᠶᠡᠯ ᠵᠢᠭᠠᠬᠤ ᠪᠠᠭᠰᠢ ᠲᠤ ᠡᠷᠭᠢᠯᠲᠡ ᠶᠢᠨ ᠪᠠᠶᠢᠷᠢ ᠬᠠᠩᠭᠠᠵᠤ᠂ ᠴᠢᠬᠤᠯᠠ ᠪᠦᠬᠦᠢ ᠠᠮᠢᠳᠤᠷᠠᠯ ᠤᠨ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃     10. ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠨᠢᠭᠡᠳᠦᠯᠲᠡᠶ ᠨᠠᠶᠢᠷᠠᠭᠤᠯᠤᠭᠰᠠᠨ ᠤ ᠳᠠᠷᠠᠭ᠎ᠠ᠂ ᠡᠨᠡ ᠬᠤᠭᠤᠴᠠᠭᠠᠨ ᠤ ᠰᠤᠷᠤᠭᠴᠢᠳ ᠤᠨ ᠰᠤᠷᠭᠠᠭᠤᠯᠢ ᠲᠡᠭᠦᠰᠬᠦ ᠪᠠ ᠰᠤᠷᠭᠠᠭᠤᠯᠢ ᠳᠡᠪᠰᠢᠬᠦ ᠲᠥᠷᠥ ᠶᠢᠨ ᠪᠣᠳᠣᠯᠭ᠎ᠠ ᠨᠣᠯᠣᠭᠡᠯᠡᠭᠳᠡᠬᠦ ᠦᠦ︖    ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠣᠳᠣᠬᠠᠨ ᠤ ᠨᠢᠯᠬ᠎ᠠ ᠬᠡᠤᠬᠡᠳ ᠪᠠᠭ᠎ᠠ ᠰᠤᠷᠭᠠᠭᠤᠯᠢ᠂ ᠪᠠᠭ᠎ᠠ ᠰᠤᠷᠭᠠᠭᠤᠯᠢ ᠠᠩᠬ᠎ᠠ ᠳᠤᠮᠳᠠᠳᠤ ᠰᠤᠷᠭᠠᠭᠤᠯᠢ᠂ ᠠᠩᠬ᠎ᠠ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠰᠤᠷᠤᠭᠴᠢᠳ ᠤᠨ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠵᠤ᠂ ᠲᠠᠷᠢᠶᠠᠯᠠᠬᠤ ᠮᠠᠯᠵᠢᠬᠤ ᠣᠷᠣᠨ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠠᠴᠠ ᠲᠤᠰᠬᠠᠶ ᠵᠣᠶᠢᠯ ᠢᠶᠠᠷ ᠰᠤᠷᠤᠭᠴᠢ ᠡᠯᠰᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠦᠨᠳᠦᠰᠦᠲᠡᠨ ᠤ ᠬᠡᠯᠡ ᠪᠠᠷ ᠬᠢᠴᠡᠶᠡᠯᠡᠯᠬᠦ ᠰᠤᠷᠤᠭᠴᠢ ᠲᠡᠰᠢ ᠬᠡᠯᠪᠠᠶᠢᠯᠭᠡᠬᠦ ᠬᠡᠷᠡᠭᠲᠡᠶ᠃     11.ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠬᠡᠷᠡᠭᠯᠡᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠡᠷᠬᠢᠨ ᠪᠠᠲᠤᠯᠠᠬᠤ ᠪᠤᠢ︖    ᠭᠤᠤᠯᠳᠠᠭᠤ ᠪᠠᠭᠰᠢ ᠶᠢᠨ ᠰᠠᠶᠢᠨ ᠵᠢᠭᠠᠬᠤ ᠪᠠ ᠰᠤᠷᠤᠭᠴᠢᠳ ᠤᠨ ᠰᠠᠶᠢᠨ ᠰᠤᠷᠬᠤ ᠪᠠᠷ ᠭᠤᠤᠯᠯᠠᠭᠤᠯᠤᠨ ᠳᠥᠷᠪᠡᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠄ ᠨᠢᠭᠡ ᠳᠤ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ ᠡᠯ᠎ᠡ ᠠᠶᠢᠮᠠᠭ ᠬᠤᠲᠠ ᠠᠴᠠ ᠲᠦᠷᠦᠭᠦᠯᠡᠨ ᠬᠢᠴᠢᠶᠡᠯ ᠤᠨ ᠪᠠᠷᠢᠮᠵᠢᠶ᠎ᠠ ᠪᠣᠯᠤᠨ ᠵᠢᠭᠠᠬᠤ ᠮᠠᠲ᠋ᠧᠷᠢᠶᠠᠯ ᠤᠨ ᠪᠣᠯᠪᠠᠰᠣᠷᠠᠭᠤᠯᠣᠯ ᠤᠨ ᠠᠵᠢᠯ ᠢ ᠵᠣᠬᠢᠶᠠᠨ ᠪᠠᠶᠢᠭᠤᠯᠵᠤ᠂ ᠪᠠᠭᠰᠢ ᠶᠢᠨ ᠬᠢᠴᠢᠶᠡᠯ ᠤᠨ ᠪᠠᠷᠢᠮᠵᠢᠶ᠎ᠠ ᠶᠢ ᠭᠦᠨᠵᠡᠭᠡᠢ ᠰᠤᠳᠤᠯᠬᠤ ᠶᠢ ᠠᠬᠢᠭᠤᠯᠵᠠᠶ᠃ ᠵᠢᠭᠠᠬᠤ ᠮᠠᠲ᠋ᠧᠷᠢᠶᠠᠯ ᠨᠠᠶᠢᠷᠠᠭᠤᠯᠤᠨ ᠪᠢᠴᠢᠬᠦ ᠣᠨᠣᠯᠵᠢᠬᠤᠨ ᠢ ᠰᠠᠶᠢᠨ ᠣᠶᠢᠯᠠᠭᠠᠵᠤ᠂ ᠨᠠᠶᠢᠷᠠᠭᠤᠯᠤᠨ ᠪᠢᠴᠢᠬᠦ ᠬᠡᠯᠪᠡᠷᠢ ᠪᠡᠶᠢᠳᠡᠯ᠂ ᠪᠣᠳᠠᠲᠠᠶ ᠠᠭᠤᠯᠭ᠎ᠠ ᠪᠠ ᠱᠠᠭᠠᠷᠳᠠᠯᠭ᠎ᠠ᠃ ᠡᠭᠦᠨ ᠤ ᠬᠠᠮᠲᠤ᠂ ᠰᠦᠯᠵᠢᠶᠡᠨ ᠭᠠᠳᠠᠨ᠎ᠠ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠂ ᠰᠣᠷᠭᠠᠭᠤᠯᠢ ᠪᠠᠷ ᠦᠨᠳᠦᠰᠦ ᠪᠣᠯᠭᠠᠵᠤ ᠰᠤᠳᠤᠯᠤᠨ ᠰᠤᠷᠤᠯᠴᠠᠬᠤ᠂ ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ ᠵᠢᠴᠢ ︽ᠨᠢᠭᠡ ᠨᠢᠭᠡ ᠲᠠᠢ ᠬᠠᠷᠢᠴᠠᠭᠤᠯᠬᠤ︾ ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠭᠤᠯᠬᠤ ᠵᠡᠷᠭᠡ ᠬᠡᠯᠪᠡᠷᠢ ᠪᠠᠷ ᠲᠡᠮᠵᠢᠭᠤᠯᠣᠨ᠂ ᠪᠠᠭᠰᠢ ᠶᠢᠨ ᠲᠤᠰᠬᠠᠶ ᠵᠣᠶᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠲᠤᠰᠬᠠᠶ ᠪᠣᠯᠪᠠᠰᠤᠷᠠᠯ ᠬᠢᠵᠦ ᠳᠠᠭᠤᠰᠤᠭᠰᠠᠨ ᠤ ᠳᠠᠷᠠᠭ᠎ᠠ᠂ ᠪᠠᠭᠰᠢ ᠶᠢᠨ ᠵᠢᠭᠠᠨ ᠰᠤᠷᠭᠠᠬᠤ ᠴᠢᠳᠠᠪᠤᠷᠢ ᠪᠠ ᠪᠣᠯᠪᠠᠰᠣᠷᠠᠭᠤᠯᠣᠯ ᠤᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠵᠠᠯᠭᠠᠮᠵᠢ ᠪᠣᠯᠪᠠᠰᠤᠷᠠᠭᠤᠯᠤᠯ ᠢ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ   ᠶᠢᠨ ᠪᠠᠭᠰᠢ ᠶᠢᠨ ᠪᠣᠯᠪᠠᠰᠤᠷᠠᠭᠤᠯᠤᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠲᠤ ᠨᠢᠭᠡᠳᠦᠯᠲᠡᠢ ᠣᠷᠣᠭᠤᠯᠵᠤ᠂ ᠨᠢᠭᠡᠳᠣᠯᠳᠡᠢ ᠲᠥᠯᠥᠪᠯᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠶᠠᠷ ᠲᠤ ︽ᠢᠵᠢᠯ ᠠᠯᠬᠤᠮᠲᠤ ᠬᠢᠴᠢᠶᠡᠯ ᠤᠨ ᠲᠠᠩᠬᠢᠮ︾ ᠢ ᠪᠠᠶᠢᠭᠤᠯᠤᠨ᠎ᠠ᠃ ᠨᠡᠷᠡᠲᠦ ᠰᠢᠯᠢᠳᠡᠭ ᠭᠤᠣᠯᠯᠠᠭᠴᠢ ᠪᠠᠭᠰᠢ ᠨᠠᠷ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠮᠣᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠠ ᠥᠪᠥᠷ ᠮᠣᠩᠭᠤᠯ ᠤᠨ ᠤᠲᠠᠰᠤᠲᠤ ᠲᠧᠯᠸᠢᠰ ᠢ ᠠᠰᠢᠭᠯᠠᠵᠤ᠂ ︽ᠢᠵᠢᠯ ᠠᠯᠬᠤᠮᠲᠤ ᠬᠢᠴᠢᠶᠡᠯ‌‍ᠤᠨ ᠲᠠᠩᠬᠢᠮ︾ ᠢ ᠨᠡᠪᠲᠡᠷᠡᠭᠦᠯᠵᠦ᠂ ︽ᠦᠨᠳᠦᠰᠦᠨ ᠵᠦᠢᠯ ᠢ ᠪᠠᠲᠤᠯᠠᠬᠤ︾ ᠴᠢᠨᠠᠷᠲᠠᠶ ᠵᠢᠭᠠᠨ ᠰᠤᠷᠭᠠᠯᠲᠠ ᠶᠢᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠪᠠ ᠪᠠᠭᠰᠢ ᠶᠢᠨ ᠪᠣᠯᠪᠠᠰᠤᠷᠠᠭᠤᠯᠤᠯ ᠳᠤ ᠬᠡᠷᠡᠭᠯᠡᠵᠦ᠂ ᠭᠠᠵᠠᠷ ᠣᠷᠣᠨ᠂ ᠰᠤᠷᠭᠠᠭᠤᠯᠢ᠂ ᠰᠤᠷᠤᠯᠭ᠎ᠠ ᠶᠢᠨ ᠬᠡᠰᠡᠭ ᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃ ᠭᠤᠷᠪᠠ ᠳᠤ ᠵᠢᠭᠠᠨ ᠰᠤᠷᠭᠠᠯᠲᠠ ᠪᠠ ᠰᠤᠳᠤᠯᠭᠠᠨ ᠤ ᠵᠢᠯᠣᠭᠤᠳᠣᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ᠂ ᠲᠤᠰᠬᠠᠶ ᠮᠡᠷᠭᠡᠵᠢᠯᠲᠡᠳ ᠤᠨ ᠡᠩᠨᠡᠭᠡ ᠶᠢ ᠵᠣᠬᠢᠶᠠᠨ ᠪᠠᠶᠢᠭᠤᠯᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠵᠠᠳᠠᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠵᠢᠭᠠᠬᠤ ᠮᠠᠲ᠋ᠧᠷᠢᠶᠠᠯ ᠨᠠᠶᠢᠷᠠᠭᠤᠯᠤᠨ ᠪᠢᠴᠢᠬᠦ ᠰᠢᠰᠲ᠋ᠧᠮ ᠪᠣᠯᠤᠨ ᠪᠦᠲᠦᠴᠡ ᠶᠢᠨ ᠠᠭᠤᠯᠭ᠎ᠠ ᠶᠢ ᠦᠨᠳᠦᠰᠦᠯᠡᠨ ᠵᠢᠭᠠᠨ ᠰᠤᠷᠭᠠᠯᠲᠠ ᠶᠢᠨ ᠵᠢᠯᠣᠭᠤᠳᠬᠤ ᠰᠠᠨᠠᠯ ᠢ ᠬᠡᠰᠡᠭ ᠬᠤᠪᠢᠶᠠᠨ ᠲᠣᠭᠲᠠᠭᠠᠨ᠎ᠠ᠃ ᠡᠭᠦᠨ ᠤ ᠬᠠᠮᠲᠤ ᠡᠯ᠎ᠡ ᠭᠠᠵᠠᠷ ᠤᠨ ᠵᠢᠭᠠᠨ ᠰᠤᠳᠤᠯᠬᠤ ᠰᠠᠯᠠᠭ᠎ᠠ ᠮᠥᠴᠢᠷ ᠢ ᠵᠢᠯᠣᠭᠤᠳᠤᠨ ᠰᠤᠷᠤᠯᠭ᠎ᠠ ᠶᠢᠨ ᠪᠡᠶᠢᠳᠡᠯ ᠤᠨ ᠵᠠᠳᠠᠯᠤᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠦᠨᠡᠯᠡᠨ ᠵᠢᠱᠢᠬᠦ ᠶᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠵᠢᠭᠠᠨ ᠰᠤᠷᠭᠠᠯᠲᠠ ᠶᠢᠨ ᠠᠬᠢᠴᠠ ᠶᠢ ᠰᠢᠨᠵᠢᠯᠡᠬᠦ ᠤᠬᠠᠭᠠᠨᠴᠢ‌‍ᠪᠠᠷ ᠲᠣᠬᠢᠷᠠᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠳᠥᠷᠪᠡ ᠳᠤ ᠦᠨᠡᠯᠡᠬᠦ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠠ᠃ ᠰᠤᠷᠤᠭᠴᠢᠳ ᠤᠨ ᠲᠠᠨᠢᠨ ᠮᠡᠳᠡᠬᠦᠢ ᠶᠢᠨ ᠬᠢᠷᠢ ᠬᠡᠮᠵᠢᠶ᠎ᠡ ᠪᠠ ᠬᠢᠴᠢᠶᠡᠯ ᠤᠨ ᠴᠠᠭ ᠤᠨ ᠪᠦᠲᠦᠴᠡ ᠶᠢ ᠦᠨᠳᠦᠰᠦᠯᠡᠨ᠂ ᠵᠢᠭᠠᠨ ᠰᠤᠷᠭᠠᠯᠲᠠ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠬᠢᠴᠢᠶᠡᠯ ᠤᠨ ᠬᠡᠯᠪᠡᠷᠢ ᠶᠢ ᠠᠮᠢᠳᠤᠯᠢᠭ ᠢᠶᠠᠷ ᠲᠣᠬᠢᠷᠠᠭᠤᠯᠬᠤ ᠶᠢᠨ ᠬᠠᠮᠲᠤ᠂ ᠰᠢᠯᠭᠠᠨ ᠦᠨᠡᠯᠡᠬᠦ ᠪᠠᠷᠢᠮᠵᠢᠶ᠎ᠠ ᠲᠤ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠲᠡᠶ᠃     12᠂ ︽ᠬᠡᠯᠡ ᠪᠢᠴᠢᠭ︾ ᠤᠨ ᠬᠢᠴᠢᠶᠡᠯ ᠬᠥᠮᠦᠵᠢᠯ ᠤᠨ ᠡᠬᠢ ᠪᠠᠶᠠᠯᠢᠭ ᠢ ᠬᠡᠷᠬᠢᠨ ᠪᠦᠲᠦᠮᠵᠢᠲᠡᠶ ᠬᠠᠩᠭᠠᠬᠤ ᠪᠣᠶ︖    ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ᠂ ᠮᠡᠳᠡᠭᠡ ᠵᠠᠩᠭᠢ ᠶᠢᠨ ᠲᠥᠪ ᠨᠢ ᠶᠠᠭ ︽ᠬᠡᠯᠡ ᠪᠢᠴᠢᠭ︾ ᠢ ᠵᠡᠷᠭᠡᠳᠡ ᠬᠢᠴᠢᠶᠡᠯᠯᠡᠬᠦ ᠬᠢᠴᠢᠶᠡᠯ ᠤᠨ ᠲᠠᠩᠬᠢᠮ ᠢ ᠰᠢᠩᠭᠡᠭᠡᠨ ᠦᠢᠯᠡᠳᠬᠦ ᠠᠵᠢᠯ ᠢ ᠥᠷᠨᠢᠭᠦᠯᠵᠦ᠂ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠮᠣᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠠ ᠥᠪᠥᠷ ᠮᠣᠩᠭᠤᠯ ᠤᠨ ᠤᠲᠠᠰᠤᠲᠤ ᠲᠧᠯᠸᠢᠰ ᠤᠨ ︽ᠢᠵᠢᠯ ᠠᠯᠬᠤᠮᠲᠤ ᠬᠢᠴᠢᠶᠡᠯ ᠤᠨ ᠲᠠᠩᠬᠢᠮ︾ ᠢ ᠨᠡᠪᠲᠡᠷᠡᠭᠦᠯᠬᠦ ᠪᠠᠷ ᠳᠠᠮᠵᠢᠭᠤᠯᠤᠨ᠂ ᠭᠠᠵᠠᠷ ᠣᠷᠣᠨ᠂ ᠰᠤᠷᠭᠠᠭᠤᠯᠢ᠂ ᠰᠤᠷᠤᠯᠭ᠎ᠠ ᠶᠢᠨ ᠬᠡᠰᠡᠭ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃     13. ︽ᠬᠡᠯᠡ ᠪᠢᠴᠢᠭ︾ ᠤᠨ ᠪᠠᠭᠰᠢ ᠶᠢᠨ ᠪᠣᠯᠪᠠᠰᠤᠷᠠᠭᠤᠯᠤᠯ ᠵᠢᠴᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠠᠷᠤᠳᠠᠯ ᠢ ᠬᠡᠷᠬᠢᠨ ᠪᠠᠲᠤᠯᠠᠬᠤ ᠪᠣᠶ︖     ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰᠬᠠᠶ ᠵᠦᠢᠯ ᠤᠨ ᠵᠠᠷᠤᠳᠠᠯ ᠢ ᠭᠠᠷᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠳᠤ ᠤᠯᠤᠰ ᠤᠨ ᠨᠢᠭᠡᠳᠣᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠬᠤᠯᠪᠣᠭᠳᠠᠬᠤ ᠪᠠᠭᠰᠢ ᠶᠢᠨ ᠪᠣᠯᠪᠠᠰᠣᠷᠠᠭᠤᠯᠣᠯ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠲᠤᠰᠬᠠᠶ ᠵᠣᠶᠢᠯ ᠤᠨ ᠵᠠᠷᠣᠯᠭ᠎ᠠ ᠶᠢ ᠡᠩ ᠲᠡᠷᠢᠭᠦᠨ ᠳᠤ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠥᠪ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠵᠣᠶᠢᠯ ᠤᠨ ᠵᠠᠷᠤᠳᠠᠯ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃                                                  ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠦᠪᠦᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号