︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2019 ᠣᠨ ᠤ ᠤᠯᠤᠰ ᠤᠨ | ᠭᠤᠤᠯᠳᠠᠯᠭ᠎ᠠ ᠲᠠᠢ ᠠᠮᠢ ᠠᠬᠤᠶ ᠶᠢᠨ ᠴᠢᠳᠡᠮᠵᠢᠳᠦ ᠣᠷᠣᠨ ᠤ ᠰᠢᠶᠠᠨ ᠤ ᠬᠡᠪᠴᠢᠶᠡᠨ ᠤ | ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ | ᠬᠢᠨᠠᠨ ᠰᠢᠯᠭᠠᠬᠤ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠨᠢᠭᠡ᠂ ᠲᠣᠭᠲᠠᠭᠠᠭᠰᠠᠨ ᠠᠬᠤᠶ ᠪᠠᠶᠢᠳᠠᠯ | 2019 ᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ | ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠵᠤ ᠦᠨᠡᠯᠡᠬᠦ ᠪᠠ ᠬᠢᠨᠠᠨ | ᠰᠢᠯᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ︽ᠤᠯᠤᠰ ᠤᠨ ᠭᠤᠤᠯᠳᠠᠯᠭ᠎ᠠ ᠲᠠᠢ ᠠᠮᠢ | ᠠᠬᠤᠶ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠬᠢᠨᠠᠨ ᠬᠡᠮᠵᠢᠵᠦ ᠦᠨᠡᠯᠡᠬᠦ ᠪᠠ ᠬᠢᠨᠠᠨ ᠰᠢᠯᠭᠠᠬᠤ ᠠᠷᠭ᠎ᠠ︾ ︵ᠣᠷᠴᠢᠨ ᠲᠣᠭᠤᠷᠢᠨ ᠲᠠᠷᠬᠠᠭᠠᠭᠰᠠᠨ ︹ 2011 | ︺ 18 ᠳ᠋ᠤᠭᠠᠷ ᠲᠣᠭᠠᠲᠤ︶᠂ ︽︿13 · 5﹀ ᠶᠢᠨ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ | ᠴᠢᠳᠠᠮᠵᠢᠲᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠠᠯᠠᠬᠦ ᠪᠠ ᠬᠢᠨᠠᠨ | ᠰᠢᠯᠭᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ︵ᠣᠷᠴᠢᠨ ᠲᠣᠭᠤᠷᠢᠨ ᠤ ᠠᠯᠪᠠᠨ ᠬᠡᠷ ︹ 2017 ︺ | 279 ᠳ᠋ᠦᠭᠡᠷ ᠲᠣᠭᠠᠲᠤ︶᠂ ︽ᠣᠷᠣᠨ ᠨᠤᠲᠤᠭ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ | ᠣᠷᠣᠨ ᠳᠤ ᠲᠥᠪ ᠬᠤᠷᠢᠶ᠎ᠠ ᠠᠴᠠ ᠰᠢᠯᠵᠢᠭᠦᠯᠦᠨ ᠥᠭᠬᠦ ᠠᠷᠭ᠎ᠠ︾ ︵ᠡᠳ᠋ ᠲᠥᠰᠦᠪ ︹ 2019 ︺ 94 | ᠳ᠋ᠣᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠮᠢ | ᠠᠬᠤᠶ ᠶᠢᠨ ᠴᠢᠳᠠᠮᠵᠢᠳᠤ ᠣᠷᠣᠨ ᠤ ᠰᠢᠶᠠᠨ ᠤ ᠠᠮᠢ ᠠᠬᠤᠶ ᠣᠷᠴᠢᠨ ᠲᠣᠭᠤᠷᠢᠨ ᠢ ᠮᠠᠨ ᠤ ᠬᠤᠰᠢᠭᠤᠨ ᠤ ᠪᠣᠳᠠᠲᠤ | ᠪᠡᠶᠢᠳᠡᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠣᠨᠴᠠᠭᠠᠶᠢᠯᠠᠨ ᠲᠣᠭᠳᠠᠭᠠᠪᠡ᠃ | ᠬᠤᠶᠠᠷ᠂ ᠬᠡᠷᠡᠭᠯᠡᠬᠦ ᠬᠡᠪᠴᠢᠶ᠎ᠡ | ᠲᠣᠰ ᠲᠥᠰᠦᠯ ᠨᠢ ᠨᠡᠭᠡᠭᠡᠨ ᠬᠥᠭᠵᠢᠭᠦᠯᠬᠦ ᠶᠢ ᠬᠢᠵᠠᠭᠠᠷᠯᠠᠭᠰᠠᠨ ᠤᠯᠤᠰ ᠤᠨ ᠭᠤᠤᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠤ ᠬᠠᠷᠢᠶ᠎ᠠ ᠣᠷᠣᠨ ᠪᠦᠰᠡ ᠳᠤ ᠬᠡᠷᠡᠭᠯᠡᠭᠳᠡᠨ᠎ᠡ᠃ ︵︽ᠲᠥᠪ ᠤᠨ ᠣᠷᠣᠨ | ᠨᠤᠲᠤᠭ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠳᠤ ᠰᠢᠯᠵᠢᠭᠦᠯᠦᠨ ᠦᠭᠬᠦ ᠠᠷᠭ᠎ᠠ︾ ᠶᠢᠨ | ᠡᠳ᠋ ᠤᠨ ᠵᠠᠰᠠᠭ ᠪᠡᠯᠡᠳᠬᠡᠯ ︹ 2019 ︺ 94 ᠳ᠋ᠦᠭᠡᠷ ᠲᠣᠭᠠᠲᠤ︶ ᠳᠤ ᠨᠠᠷᠢᠨ ᠦᠵᠡᠭᠡᠷᠡᠶ᠃ | ᠭᠤᠷᠪᠠ᠂ ᠭᠤᠤᠯ ᠠᠭᠤᠯᠭ᠎ᠠ | ︽ᠠᠵᠢᠯ ᠤᠨ ᠲᠥᠰᠦᠯ︾ ᠳᠤ ᠭᠤᠤᠯᠳᠠᠭᠤ ᠭᠦᠢᠴᠡᠳᠭᠡᠬᠦ ᠲᠤᠭ᠎ᠠ ᠶᠢᠨ ᠰᠢᠰᠲ᠋ᠧᠮᠵᠢ᠂ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠂ ᠠᠵᠢᠯ ᠤᠨ ᠲᠣᠬᠢᠷᠠᠭᠤᠯᠤᠯᠲᠠ᠂ ᠬᠢᠨᠠᠨ ᠬᠡᠮᠵᠢᠬᠦ ᠠᠵᠢᠯ ᠤᠨ ᠲᠥᠰᠦᠯ ᠪᠣᠯᠤᠨ | ᠪᠤᠰᠤᠳ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠲᠠᠪᠤᠨ ᠬᠡᠰᠡᠭ ᠪᠠᠭᠲᠠᠨ᠎ᠠ᠃ | ︵ᠨᠢᠭᠡ︶ ᠭᠦᠢᠴᠡᠳᠭᠡᠯ ᠲᠣᠭᠠᠨ ᠤ ᠰᠢᠰᠲ᠋ᠧᠮ | ︽ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠵᠦ ᠦᠨᠡᠯᠡᠬᠦ ᠪᠠ ᠬᠢᠨᠠᠨ ᠰᠢᠯᠭᠠᠬᠤ ᠭᠦᠢᠴᠡᠳᠭᠡᠯ | ᠲᠤᠭ᠎ᠠ ᠶᠢᠨ ᠰᠢᠰᠲ᠋ᠧᠮᠵᠢ ᠶᠢᠨ ᠮᠡᠳᠡᠭᠳᠡᠯ︾ ︵ᠣᠷᠴᠢᠨ ᠲᠣᠭᠤᠷᠢᠨ ᠲᠠᠷᠬᠠᠭᠠᠭᠰᠠᠨ ︹ 2014 ︺ 32 | ᠳ᠋ᠤᠭᠠᠷ ᠲᠣᠭᠠᠲᠤ︶ ᠪᠠ ︽ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ | ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠵᠦ ᠦᠨᠡᠯᠡᠬᠦ ᠪᠠ ᠬᠢᠨᠠᠨ ᠰᠢᠯᠭᠠᠬᠤ | ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠬᠡᠷᠡᠭᠵᠢᠭᠦᠯᠬᠦ ᠨᠠᠷᠢᠨ ᠲᠦᠷᠢᠮ︾ ︵ᠣᠷᠴᠢᠨ ᠲᠣᠭᠤᠷᠢᠨ ︹ 2014 | ︺ 96 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠭᠦᠯᠪᠡ᠃ ᠪᠦᠬᠦ ᠬᠤᠰᠢᠭᠤᠨ ᠤ ︵ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠲᠥᠷᠥᠯ︶ | ᠠᠮᠢ ᠠᠬᠤᠢ ᠶᠢᠨ ᠴᠢᠳᠠᠮᠵᠢᠲᠤ ᠣᠷᠣᠨ ᠳᠤ ᠦᠨᠡᠯᠡᠯᠲᠡ ᠬᠢᠨ᠎ᠡ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ᠂ ᠣᠢ ᠰᠢᠭᠤᠶ ᠡᠪᠡᠰᠦ ᠪᠡᠯᠴᠢᠭᠡᠷ᠂ | ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠲᠤᠭ᠎ᠠ ᠪᠦᠷᠢᠳᠬᠡᠯ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠪᠣᠳᠠᠲᠠᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃ | ︵ᠭᠤᠷᠪᠠ︶ ᠠᠵᠢᠯ ᠤᠨ ᠲᠣᠬᠢᠷᠠᠭᠤᠯᠤᠯᠲᠠ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠢ ᠲᠤᠭ᠎ᠠ ᠪᠠᠷᠢᠮᠲᠠ ᠶᠢᠨ ᠮᠠᠲ᠋ᠧᠷᠢᠶᠠᠯ᠂ ᠵᠢᠷᠤᠭ᠂ | ᠵᠠᠳᠠᠯᠤᠯᠲᠠ ᠶᠢᠨ ᠮᠠᠲ᠋ᠧᠷᠢᠶᠠᠯ ᠬᠠᠩᠭᠠᠬᠤ ᠶᠢ ᠬᠠᠷᠢᠭᠤᠴᠠᠬᠤ ᠶᠢᠨ ᠬᠠᠮᠲᠤ᠂ ᠬᠤᠰᠢᠭᠤᠨ ᠤ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠳᠤ ᠮᠡᠳᠡᠭᠦᠯᠵᠦ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠪᠠ ᠬᠢᠨᠠᠨ ᠬᠠᠷᠭᠤᠭᠤᠯᠤᠨ᠎ᠠ᠃ | 2019 ᠣᠨ ᠤ 10 ᠰᠠᠷ᠎ᠠ ᠶᠢᠨ 10 ᠤ ᠡᠳᠦᠷ ᠠᠴᠠ ᠡᠮᠦᠨ᠎ᠡ᠂ ᠬᠤᠰᠢᠭᠤᠨ ᠤ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠡ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠶᠢᠨ ᠬᠠᠮᠲᠤ ᠬᠤᠷᠢᠶᠠᠩᠭᠤᠶᠢᠯᠠᠨ ᠳᠡᠭᠡᠭᠰᠢ | ᠮᠡᠳᠡᠭᠦᠯᠦᠨ᠎ᠡ᠃ ᠳᠠᠷᠠᠭ᠎ᠠ ᠨᠢ ᠰᠢᠯᠭᠠᠨ ᠬᠢᠨᠠᠬᠤ ᠮᠠᠲ᠋ᠧᠷᠢᠶᠠᠯ ᠢ ᠡᠮᠬᠢᠯᠡᠵᠦ᠂ ᠲᠤᠭ᠎ᠠ ᠪᠠᠷᠢᠮᠲᠠ ᠳᠤ ᠣᠷᠣᠭᠤᠯᠤᠨ᠎ᠠ᠃ | 2019 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠥᠪᠡᠰᠦᠪᠡᠨ ᠪᠠᠶᠢᠴᠠᠭᠠᠭᠰᠠᠨ | ᠮᠡᠳᠡᠭᠦᠯᠦᠯᠲᠡ ᠵᠢᠴᠢ ᠬᠠᠮᠢᠶ᠎ᠠ ᠪᠥᠬᠦᠶ ᠲᠤᠭ᠎ᠠ ᠪᠠᠷᠢᠮᠲᠠ᠂ ᠬᠡᠷᠡᠯ ᠵᠢᠷᠤᠭ ᠤᠨ ᠮᠠᠲ᠋ᠧᠷᠢᠶᠠᠯ ᠢ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠳᠤ ᠮᠡᠳᠡᠭᠦᠯᠦᠨ᠎ᠡ᠃ | ︵ᠲᠦᠷᠪᠡ︶ ᠬᠢᠨᠠᠨ ᠬᠡᠮᠵᠢᠬᠦ ᠠᠵᠢᠯ ᠤᠨ ᠲᠥᠰᠦᠯ | ᠪᠥᠬᠦ ᠬᠤᠰᠢᠭᠤᠨ ᠤ ᠭᠤᠤᠯᠳᠠᠯᠭ᠎ᠠ ᠲᠠᠢ ᠪᠣᠬᠢᠷᠲᠤᠯ ᠤᠨ ᠡᠬᠢ ᠰᠤᠷᠪᠤᠯᠵᠢ᠂ ᠲᠥᠪᠯᠡᠷᠡᠩᠭᠦᠶ ᠬᠡᠯᠪᠡᠷᠢ ᠶᠢᠨ | ᠤᠤᠭᠤᠬᠤ ᠤᠰᠤᠨ ᠤ ᠡᠬᠢ ᠰᠤᠷᠪᠤᠯᠵᠢ ᠶᠢᠨ ᠬᠢᠨᠠᠨ ᠬᠡᠮᠵᠢᠬᠦ ᠳᠠᠪᠲᠠᠮᠵᠢ᠂ ᠭᠦᠢᠴᠡᠳᠭᠡᠯ ᠲᠤᠭ᠎ᠠ ᠵᠢᠴᠢ ᠡᠲᠡᠭᠡᠳ | ᠵᠡᠷᠭᠡ ᠢ ᠲᠣᠳᠣᠷᠬᠠᠶᠢᠯᠠᠪᠠ᠃ | ︵ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠮᠠᠨ ᠤ ᠬᠤᠰᠢᠭᠤᠨ ᠤ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ | ᠠᠮᠢ ᠠᠬᠤᠢ ᠶᠢᠨ ᠶᠠᠰᠤ ᠴᠢᠨᠠᠷ ᠢ ᠬᠢᠨᠠᠨ ᠰᠢᠯᠭᠠᠵᠤ ᠦᠨᠡᠯᠡᠬᠦ ᠪᠠ ᠬᠢᠨᠠᠨ ᠰᠢᠯᠭᠠᠬᠤ ᠠᠵᠢᠯ ᠢ ᠤᠷᠤᠭᠰᠢᠲᠠᠶ | ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ | ᠳᠠᠷᠤᠭ᠎ᠠ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠣᠬᠤ ᠤᠳᠤᠷᠢᠳᠤᠯᠭ᠎ᠠ ᠳᠤᠭᠤᠶᠢᠯᠠᠩᠤᠨ ᠳᠡᠳ᠋ ᠳᠠᠷᠤᠭ᠎ᠠ᠂ | ᠡᠯ᠎ᠡ ᠬᠤᠯᠪᠣᠭᠳᠠᠯ ᠪᠥᠬᠦᠶ ᠬᠤᠰᠢᠭᠤᠨ ᠤ ᠰᠢᠭᠤᠳ ᠬᠠᠷᠢᠶ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ | ᠪᠦᠷᠢᠯᠳᠦᠬᠦᠨ ᠪᠣᠯᠭᠠᠭᠰᠠᠨ ᠪᠥᠬᠦ ᠬᠤᠰᠢᠭᠤᠨ ᠤ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ | ᠰᠢᠶᠠᠨ ᠤ ᠬᠡᠪᠴᠢᠶᠡᠨ ᠤ ᠠᠮᠢ ᠠᠬᠤᠶ ᠶᠢᠨ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠬᠢᠨᠠᠨ ᠰᠢᠯᠭᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠲᠡᠷᠡᠴᠢᠯᠡᠨ ᠬᠢᠨᠠᠨ ᠰᠢᠯᠭᠠᠬᠤ ᠠᠵᠢᠯ ᠤᠨ ᠳᠤᠮᠳᠠ᠂ | ᠬᠠᠮᠢᠶ᠎ᠠ ᠪᠦᠬᠦᠢ ᠪᠠᠷᠢᠮᠵᠢᠶ᠎ᠠ ᠵᠢᠴᠢ ᠵᠢᠷᠤᠮᠵᠢᠯ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ |