ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ  ᠬᠠᠣᠯᠢ ᠶᠢᠨ ᠰᠢᠨ᠎ᠡ ᠬᠡᠪᠯᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/15
   ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ  ᠬᠠᠣᠯᠢ ᠶᠢᠨ ᠰᠢᠨ᠎ᠡ ᠬᠡᠪᠯᠡᠯ ᠤᠨ ᠲᠠᠶᠢᠯᠤᠮᠵᠢ   10 ᠰᠠᠷ᠎ᠠ ᠶᠢᠨ 17 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠣᠭᠰᠡᠨ ᠤ ᠳᠠᠷᠠᠭᠠᠬᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠶᠢ ᠪᠠᠲᠤᠯᠠᠪᠠ᠃ ᠲᠣᠰ ᠬᠠᠤᠯᠢ ᠶᠢ 2021 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠦᠢᠷ᠎ᠡ ᠶᠢᠨ ᠵᠢᠯ ᠳᠤ᠂ ᠨᠠᠰᠤᠨ ᠳᠤ ᠦᠯᠦ ᠬᠦᠷᠦᠭᠰᠡᠳ ᠲᠤ ᠬᠤᠯᠪᠣᠭᠳᠠᠭᠰᠠᠨ ᠨᠡᠶᠢᠭᠡᠮ ᠤᠨ ᠰᠣᠨᠢᠨ ᠮᠡᠳᠡᠭᠡ ᠶᠡᠷᠦ ᠨᠢ ᠬᠥᠮᠦᠨ ᠢ ᠰᠣᠴᠢᠭᠠᠮ᠎ᠠ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠭᠡᠬᠦ ᠡᠨᠡ ᠬᠤᠶᠠᠷ ᠨᠠᠰᠤᠨ ᠳᠤ ᠥᠯᠥ ᠭᠦᠷᠦᠭᠰᠡᠳ ᠤᠨ ᠲᠤᠰᠬᠠᠶ ᠬᠠᠤᠯᠢ ᠳᠤ ᠵᠠᠯᠭᠠᠭ᠎ᠠ ᠪᠠᠷ ᠵᠠᠰᠠᠪᠣᠷᠢ ᠣᠷᠣᠭᠤᠯᠵᠤ᠂ ᠨᠡᠶᠢᠭᠡᠮ ᠤᠨ ᠴᠢᠩᠭ᠎ᠠ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃    ᠰᠤᠷᠪᠤᠯᠵᠢᠯᠠᠭᠴᠢ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠤᠨ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠶᠢᠨ ᠨᠣᠣᠷᠠᠭ ᠢ ᠲᠦᠷᠦᠭᠦᠯᠡᠨ ᠲᠤᠭᠤᠷᠪᠢᠭᠴᠢ ᠶᠢᠨ ᠨᠢᠭᠡ ᠶᠢ ᠰᠣᠷᠪᠣᠯᠵᠢᠯᠠᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠰᠤᠳᠤᠯᠭᠠᠨ ᠤ ᠲᠥᠪ ᠤᠨ ᠡᠷᠬᠢᠯᠡᠭᠴᠢ ᠰᠦᠩ ᠶᠢᠩ ᠬᠤᠢ᠂ ᠡᠨᠡ ᠬᠠᠤᠯᠢ ᠴᠠᠭᠠᠵᠠ ᠶᠢᠨ ᠲᠤᠬᠠᠢ ᠨᠠᠩ ᠣᠯᠠᠨ ᠮᠡᠳᠡᠭᠡ ᠵᠠᠩᠭᠢ ᠶᠢ ᠣᠢᠯᠠᠭᠠᠨ᠎ᠠ᠃    1.ᠰᠤᠷᠪᠤᠯᠵᠢᠯᠠᠭᠴᠢ᠄ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ︵ᠳᠣᠷᠣᠭᠰᠢ ︽ᠦᠯᠦ ᠪᠠᠲᠤᠯᠠᠬᠤ ᠬᠠᠤᠯᠢ︾ ᠭᠡᠵᠦ ᠲᠣᠪᠴᠢᠯᠠᠨ᠎ᠠ︶ ᠶᠢ ᠬᠡᠵᠢᠶ᠎ᠡ ᠠᠴᠠ ᠡᠬᠢᠯᠡᠨ ᠵᠠᠰᠠᠪᠤᠷᠢ ᠣᠷᠣᠭᠤᠯᠬᠤ ᠪᠠᠷ ᠪᠡᠯᠡᠳᠬᠡᠵᠦ᠂ ᠲᠤᠬᠠᠶ ᠶᠢᠨ ᠦᠶ᠎ᠡ ᠶᠢᠨ ᠪᠠᠲᠤᠯᠠᠭᠰᠠᠨ ᠦᠭᠡᠢ ᠬᠠᠤᠯᠢ ᠳᠤ ᠶᠠᠮᠠᠷ ᠶᠠᠮᠠᠷ ᠬᠦᠷᠦᠯᠴᠡᠬᠦ ᠦᠭᠡᠢ ᠲᠠᠯ᠎ᠠ ᠪᠠᠶᠢᠬᠤ ᠪᠣᠢ︖    ᠰᠦᠩ ᠶᠢᠩ ᠬᠤᠢ᠄ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠣᠰᠣᠯᠠᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2018 ᠣᠨ ᠤ ᠬᠠᠣᠯᠢ ᠲᠣᠭᠲᠠᠭᠠᠬᠤ ᠠᠵᠢᠯ ᠤᠨ ᠲᠥᠯᠥᠪᠯᠡᠭᠡ ᠳᠤ ᠪᠠᠲᠤᠯᠠᠭᠳᠠᠭᠰᠠᠨ ᠥᠬᠡᠶ ᠬᠠᠤᠯᠢ ᠳᠤ ᠵᠠᠰᠠᠪᠤᠷᠢ ᠣᠷᠣᠭᠤᠯᠬᠤ ᠶᠢ ᠪᠡᠯᠡᠳᠭᠡᠯ ᠬᠢᠨᠠᠨ ᠵᠥᠪᠯᠡᠬᠦ ᠵᠣᠶᠢᠯ ᠳᠤ ᠣᠷᠣᠭᠤᠯᠵᠤ᠂ ᠵᠠᠰᠠᠪᠤᠷᠢ ᠣᠷᠣᠭᠤᠯᠬᠤ ᠠᠵᠢᠯ ᠢ ᠵᠢᠩᠬᠢᠨᠢ ᠪᠠᠷ ᠡᠬᠢᠯᠡᠭᠦᠯᠪᠡ᠃    ᠪᠠᠲᠤᠯᠠᠭ᠎ᠠ ᠦᠭᠡᠶ ᠬᠠᠤᠯᠢ ᠶᠢ 1991 ᠣᠨ ᠳᠤ ᠲᠣᠭᠲᠠᠭᠠᠵᠤ᠂ ᠣᠳᠣ ᠪᠣᠯᠲᠠᠯ᠎ᠠ ᠪᠠᠷᠤᠭ 30 ᠵᠢᠯ ᠤᠨ ᠬᠤᠭᠤᠴᠠᠭᠠᠨ ᠳᠤ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠭᠰᠠᠨ ᠪᠡᠶᠢᠨ᠎ᠠ᠃ ᠡᠨᠡ ᠬᠤᠭᠤᠴᠠᠭᠠᠨ ᠳᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠠᠯ᠎ᠠ ᠪᠠᠷ ᠮᠠᠰᠢ ᠣᠯᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠭᠠᠷᠤᠭᠰᠠᠨ ᠪᠠᠶᠢᠨ᠎ᠠ᠃    ᠲᠤᠬᠠᠶᠢᠯᠠᠪᠠᠯ᠂ ᠭᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠠᠰᠠᠭᠤᠳᠠᠯ ᠲᠣᠪᠤᠶᠢᠮ᠎ᠠ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠲᠣᠳᠣᠷᠬᠠᠶ ᠪᠤᠰᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠳᠤᠲᠠᠮᠠᠭ᠂ ᠨᠠᠰᠤᠨ ᠳᠤ ᠦᠯᠦ ᠬᠦᠷᠦᠭᠰᠡᠳ ᠤᠨ ᠲᠣᠤᠷ ᠰᠦᠯᠵᠢᠶᠡᠨ ᠤ ᠬᠠᠮᠠᠭᠠᠯᠠᠯᠲᠠ ᠳᠤᠲᠠᠮᠠᠭ᠂ ᠰᠤᠷᠭᠠᠭᠤᠯᠢ ᠶᠢᠨ ᠳᠣᠷᠣᠮᠵᠢᠯᠠᠯ ᠨᠢ ᠨᠡᠶᠢᠭᠡᠮ ᠤᠨ ᠠᠩᠬᠠᠷᠤᠯ ᠢ ᠲᠠᠲᠠᠵᠤ᠂ ᠨᠡᠶᠢᠭᠡᠮ ᠤᠨ ᠬᠠᠮᠠᠭᠠᠯᠠᠯᠲᠠ ᠳᠤ ᠬᠦᠷᠦᠯᠴᠡᠬᠦ ᠦᠭᠡᠶ ᠲᠠᠯ᠎ᠠ ᠪᠠ ᠪᠠᠯᠠᠶ ᠣᠷᠣᠨ ᠣᠷᠣᠰᠢᠵᠤ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢᠨ ᠠᠩᠬᠠᠷᠤᠯ ᠭᠦᠢᠴᠡᠳ ᠦᠭᠡᠶ ᠵᠡᠷᠭᠡ ᠠᠰᠠᠭᠤᠳᠠᠯ ᠢ ᠰᠢᠢᠳᠪᠣᠷᠢᠯᠡᠵᠦ᠂ ᠡᠳᠡᠭᠡᠷ ᠠᠰᠠᠭᠤᠳᠠᠯ ᠢ ᠰᠢᠢᠳᠪᠣᠷᠢᠯᠡᠬᠦ ᠬᠡᠷᠡᠭᠲᠡᠶ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠳᠤ ᠪᠦᠬᠦ ᠲᠠᠯ᠎ᠠ ᠪᠠᠷ ᠵᠠᠰᠠᠪᠤᠷᠢ ᠣᠷᠣᠭᠤᠯᠬᠤ ᠴᠢᠬᠤᠯᠳᠡᠢ᠃    ᠡᠭᠦᠨ ᠠᠴᠠ ᠭᠠᠳᠠᠨ᠎ᠠ᠂ ᠪᠠᠲᠤᠯᠠᠬᠤ ᠦᠭᠡᠢ ᠬᠠᠤᠯᠢ ᠲᠤᠩᠬᠠᠭᠯᠠᠬᠤ ᠴᠢᠨᠠᠷᠲᠠᠶ᠂ ᠰᠠᠨᠠᠭᠠᠴᠢᠯᠠᠬᠤ ᠴᠢᠨᠠᠷᠲᠠᠶ ᠵᠣᠶᠢᠯ ᠵᠤᠷᠪᠤᠰ ᠨᠡᠯᠢᠶᠡᠳ ᠠᠷᠪᠢᠨ᠂ ᠬᠠᠲᠠᠭᠤ ᠴᠢᠨᠠᠷ ᠢᠶᠠᠷ ᠳᠤᠲᠠᠮᠠᠭ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠢᠰᠢ᠂ ᠪᠠᠰᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠰᠢᠢᠳᠪᠣᠷᠢᠯᠡᠬᠦ ᠴᠢᠬᠤᠯᠠᠲᠠᠶ᠃    2. ᠰᠤᠷᠪᠤᠯᠵᠢᠯᠠᠭᠴᠢ᠄ ᠲᠣᠰ ᠤᠳᠠᠭᠠᠨ ᠤ ᠪᠠᠲᠤᠯᠠᠭ᠎ᠠ ᠥᠬᠡᠶ ᠬᠠᠤᠯᠢ ᠳᠤ ᠵᠠᠰᠠᠪᠤᠷᠢ ᠣᠷᠣᠭᠤᠯᠬᠤ ᠳᠤ ᠶᠠᠮᠠᠷ ᠶᠠᠮᠡᠷ ᠬᠢᠯᠠᠰ ᠴᠡᠭ ᠪᠠᠶᠢᠬᠤ ᠪᠣᠶ︖    ᠰᠦᠩ ᠶᠢᠩ ᠬᠤᠢ᠄ ᠡᠨᠡ ᠤᠳᠠᠭ᠎ᠠ ᠵᠠᠰᠠᠪᠤᠷᠢ ᠣᠷᠣᠭᠤᠯᠤᠭᠠᠳ ᠪᠠᠲᠤᠯᠠᠭᠰᠠᠨ ᠦᠭᠡᠢ ᠬᠠᠤᠯᠢ ᠳᠤ ᠮᠠᠰᠢ ᠣᠯᠠᠨ ᠳᠦᠷᠢᠮ ᠤᠨ ᠲᠣᠳᠠᠭᠳᠠᠯ ᠢ ᠨᠥᠬᠦᠪᠥᠷᠢᠯᠡᠪᠡ᠃ ᠵᠦᠢᠯ ᠵᠤᠷᠪᠤᠰ ᠤᠤᠯ ᠤᠨ 72 ᠵᠦᠢᠯ ᠠᠴᠠ ᠨᠡᠮᠡᠭᠳᠡᠭᠡᠳ 132 ᠵᠤᠷᠪᠤᠰ ᠪᠣᠯᠵᠤ᠂ ᠭᠢᠯᠠᠰ ᠴᠡᠭ ᠮᠠᠰᠢ ᠣᠯᠠᠨ ᠪᠡᠶᠢᠨ᠎ᠠ᠃ ᠵᠢᠱᠢᠶᠡᠯᠡᠪᠡᠯ᠂ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠨᠠᠷᠢᠯᠢᠭᠵᠢᠭᠤᠯᠤᠭᠰᠠᠨ ᠵᠠᠰᠠᠭ ᠤᠨ ᠣᠷᠳᠣᠨ ᠤ ᠬᠠᠮᠠᠭᠠᠯᠠᠯᠲᠠ ᠪᠠ ᠲᠣᠣᠷ ᠰᠦᠯᠵᠢᠶᠡᠨ ᠤ ᠬᠠᠮᠠᠭᠠᠯᠠᠯᠲᠠ ᠭᠡᠬᠦ ᠬᠤᠶᠠᠷ ᠪᠦᠯᠦᠭ ᠨᠡᠮᠡᠵᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠭᠤᠣᠯ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠣᠷᠣ ᠰᠤᠯᠠ ᠪᠠᠶᠢᠬᠤ ᠪᠠ ᠤᠯᠤᠰ ᠠᠴᠠ ᠬᠡᠷ ᠪᠦᠯᠢ ᠶᠢᠨ ᠬᠢᠨᠠᠨ ᠬᠠᠮᠠᠭᠠᠯᠠᠯᠳᠠ ᠶᠢ ᠳᠡᠮᠵᠢᠬᠦ᠂ ᠬᠠᠮᠢᠶᠠᠷᠬᠤ᠂ ᠣᠷᠣᠯᠠᠭᠤᠯᠬᠤ ᠳᠤ ᠴᠢᠭᠯᠡᠭᠦᠯᠦᠨ ᠪᠣᠳᠠᠲᠠᠶ ᠲᠣᠭᠲᠠᠭᠠᠯ ᠭᠠᠷᠭᠠᠪᠠ᠃    ᠰᠤᠷᠭᠠᠭᠤᠯᠢ ᠶᠢᠨ ᠬᠠᠮᠠᠭᠠᠯᠠᠯᠲᠠ ᠳᠤᠮᠳᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠬᠦ ᠡᠨᠡ ᠬᠦ ᠨᠡᠶᠢᠭᠡᠮ ᠤᠨ ᠥᠷᠭᠡᠨ ᠳᠡᠯᠭᠡᠷ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠤᠷᠢᠳᠴᠢᠯᠠᠨ ᠰᠡᠷᠭᠡᠶᠢᠯᠡᠬᠦ ᠠᠴᠠ ᠰᠢᠢᠳᠪᠣᠷᠢᠯᠡᠬᠦ ᠬᠦᠷᠲᠡᠯ᠎ᠡ ᠲᠤᠰᠬᠠᠶ ᠲᠣᠭᠲᠠᠭᠠᠯ ᠭᠠᠷᠭᠠᠵᠠᠶ᠃ ᠨᠠᠰᠤᠨ ᠳᠤ ᠥᠯᠥ ᠭᠦᠷᠦᠭᠰᠡᠳ ᠲᠤ ᠪᠡᠯᠭᠡ ᠶᠢᠨ ᠬᠠᠯᠳᠠᠯᠭ᠎ᠠ ᠬᠢᠭᠰᠡᠨ ᠵᠡᠷᠭᠡ ᠬᠠᠤᠯᠢ ᠶᠢ ᠵᠥᠷᠢᠴᠡᠵᠦ ᠶᠠᠯ᠎ᠠ ᠬᠢᠭᠰᠡᠳ ᠤᠨ ᠲᠤᠰᠢᠶᠠᠯ ᠳᠤ ᠭᠠᠷᠬᠤ ᠶᠢ ᠪᠠᠶᠢᠴᠠᠭᠠᠨ ᠯᠠᠪᠯᠠᠬᠤ ᠪᠠ ᠠᠵᠢᠯ ᠡᠷᠬᠢᠯᠡᠬᠦ ᠶᠢ ᠬᠢᠵᠠᠭᠠᠷᠯᠠᠬᠤ ᠲᠦᠷᠢᠮ ᠢ ᠲᠣᠭᠳᠠᠭᠠᠪᠡ᠃    ᠨᠠᠰᠤᠨ ᠳᠤ ᠦᠯᠤ ᠬᠥᠷᠦᠭᠰᠡᠳ ᠤᠨ ᠲᠣᠤᠷ ᠰᠦᠯᠵᠢᠶ᠎ᠡ ᠶᠢ ᠬᠡᠷᠡᠭᠯᠡᠬᠦ ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠣᠷᠳᠣᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠰᠦᠯᠵᠢᠶᠡᠨ ᠤ ᠠᠵᠤ ᠠᠬᠤᠶᠢᠯᠠᠯ ᠵᠡᠷᠭᠡ ᠶᠢᠨ ᠭᠦᠢᠴᠡᠳᠭᠡᠪᠡᠰᠦ ᠵᠣᠬᠢᠬᠤ ᠡᠭᠦᠷᠭᠡ ᠶᠢ ᠨᠠᠷᠢᠨ ᠲᠣᠳᠣᠷᠬᠠᠶ ᠪᠣᠯᠭᠠᠪᠠ᠃ ᠡᠯ᠎ᠡ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠬᠦ ᠶᠢᠨ ᠲᠥᠯᠥᠭᠡ᠂ ᠪᠠᠰᠠ ᠲᠣᠷᠭᠠᠬᠤ ᠲᠦᠷᠢᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠬᠠᠲᠠᠭᠤ ᠴᠢᠨᠠᠷ ᠢ ᠴᠢᠩᠭᠠᠳᠬᠠᠪᠠ᠃    3. ᠰᠤᠷᠪᠤᠯᠵᠢᠯᠠᠭᠴᠢ᠄ ᠵᠠᠰᠠᠪᠤᠷᠢ ᠣᠷᠣᠭᠤᠯᠬᠤ ᠶᠠᠪᠤᠴᠠ ᠳᠤ ᠶᠠᠮᠠᠷ ᠶᠠᠮᠠᠷ ᠠᠰᠠᠭᠤᠳᠠᠯ ᠨᠢ ᠲᠤᠰᠬᠠᠶ ᠮᠡᠷᠭᠡᠵᠢᠯᠲᠡᠨ ᠡᠷᠳᠡᠮᠲᠡᠨ ᠢ ᠨᠡᠯᠢᠶᠡᠳ ᠣᠯᠠᠨ ᠶᠠᠷᠢᠯᠴᠠᠭᠤᠯᠳᠠᠭ ᠪᠣᠶ︖    ᠰᠦᠩ ᠶᠢᠩ ᠬᠤᠢ᠄ ᠠᠪᠤ ᠡᠵᠢ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠲᠤᠬᠠᠶ ᠶᠠᠷᠢᠶ᠎ᠠ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠥᠬᠦᠴᠡᠯ ᠲᠠᠢ ᠡᠴᠢᠭᠡ ᠡᠬᠡ ᠨᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠂ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠢ ᠪᠡᠶᠢᠪᠡᠯ᠂ ᠪᠢ ᠣᠯᠠᠨ ᠵᠦᠢᠯ ᠤᠨ ᠰᠢᠢᠳᠭᠡᠨ ᠲᠣᠷᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠵᠣᠷᠢᠵᠤ ᠪᠡᠶᠢᠬᠤ ᠪᠥᠭᠡᠳ ᠡᠷᠴᠢᠮ ᠲᠠᠢ ᠪᠡᠶᠢᠬᠤ ᠬᠡᠷᠡᠭᠲᠡᠶ᠂ ᠢᠷᠭᠡᠨ ᠤ ᠬᠡᠷᠡᠭ ᠤᠨ ᠪᠠ ᠵᠠᠰᠠᠭ ᠵᠠᠬᠢᠷᠭᠠᠨ ᠤ ᠬᠢ ᠪᠠᠭᠲᠠᠨ᠎ᠠ᠂ ᠬᠦᠨᠳᠦ ᠨᠣᠴᠢᠲᠠᠶ ᠨᠢ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ ᠪᠠᠭᠲᠠᠨ᠎ᠠ᠃    ᠭᠡᠪᠡᠴᠦ ᠡᠨᠡ ᠠᠰᠠᠭᠤᠳᠠᠯ ᠳᠡᠭᠡᠷ᠎ᠡ ᠤᠯᠠᠨ ᠤ ᠣᠶᠢᠯᠠᠭᠠᠯᠲᠠ ᠵᠥᠷᠢᠯᠳᠦᠭᠡᠨ ᠲᠠᠢ ᠪᠠᠶᠢᠨ᠎ᠠ᠃ ᠨᠢᠭᠡ ᠵᠦᠢᠯ ᠤᠨ ᠰᠠᠨᠠᠯ ᠨᠢ ᠡᠴᠢᠭᠡ ᠡᠬᠡ ᠨᠢ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠣᠯᠠᠩᠬᠢ ᠨᠢ ᠥᠪᠡᠷ ᠤᠨ ᠪᠡᠶ᠎ᠡ ᠶᠢᠨ ᠶᠠᠳᠠᠭᠤ ᠬᠦᠴᠢᠷᠳᠡᠯ ᠠᠴᠠ ᠪᠣᠯᠵᠤ ᠠᠷᠭ᠎ᠠ ᠪᠤᠰᠤ ᠪᠡᠶᠢᠳᠠᠭ᠃ ᠢᠩᠭᠢᠵᠦ ᠣᠶᠢᠯᠠᠭᠠᠬᠤ ᠨᠢ ᠮᠠᠰᠢ ᠰᠠᠶᠢᠨ ᠰᠠᠨᠠᠭ᠎ᠠ ᠲᠠᠢ ᠶᠤᠮ᠃ ᠭᠡᠪᠡᠴᠦ ᠪᠢᠳᠡ ᠪᠠᠶᠢᠴᠠᠭᠠᠨ ᠰᠤᠳᠤᠯᠤᠯᠲᠠ ᠶᠢᠨ ᠳᠤᠮᠳᠠ ᠣᠯᠵᠤ ᠮᠡᠳᠡᠭᠰᠡᠨ ᠨᠢ᠂ ᠵᠢᠩᠬᠢᠨᠢ ᠠᠰᠠᠭᠤᠳᠠᠯ ᠭᠠᠷᠤᠭᠰᠠᠨ ᠬᠡᠦᠬᠡᠳ ᠤᠨ ᠣᠯᠠᠩᠬᠢ ᠨᠢ ᠭᠡᠷ ᠪᠦᠯᠢ ᠶᠢᠨ ᠶᠠᠳᠠᠭᠤ ᠬᠤᠭᠤᠰᠣᠨ ᠪᠢᠰᠢ᠂ ᠭᠤᠣᠯ ᠨᠢ ᠡᠴᠢᠭᠡ ᠡᠬᠡ ᠨᠢ ᠬᠠᠮᠢᠶᠠᠷᠬᠤ ᠦᠭᠡᠢ ᠪᠠᠶᠢᠳᠠᠭ᠃ ᠬᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠤᠭᠲᠤ ᠪᠡᠶᠢᠬᠤ ᠦᠭᠡᠢ᠃    ᠪᠤᠰᠤᠳ ᠤᠨ ᠡᠷᠬᠡ ᠠᠰᠢᠭ ᠲᠤ ᠬᠦᠨᠳᠦ ᠨᠣᠴᠢᠲᠠᠶ ᠬᠠᠯᠳᠠᠭᠰᠠᠨ ᠨᠠᠰᠤᠨ ᠳᠤ ᠦᠯᠦ ᠬᠦᠷᠦᠭᠰᠡᠳ ᠲᠤ ᠮᠢᠨᠦ ᠦᠵᠡᠬᠦ ᠪᠠᠷ ᠡᠴᠢᠭᠡ ᠡᠬᠡ ᠨᠢ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠵᠢᠱᠢᠶᠡᠯᠡᠪᠡᠯ ᠳ᠋ᠠᠯᠢᠶᠠᠨ ᠤ 13 ᠨᠠᠰᠤᠲᠠᠶ ᠬᠦᠤ 10 ᠨᠠᠰᠤᠲᠠᠶ ᠵᠢᠭᠠᠯ ᠥᠬᠢᠨ ᠢ ᠠᠯᠠᠭᠰᠠᠨ ᠬᠡᠷᠡᠭ ᠵᠠᠭᠤᠴᠢᠯᠠᠭᠤᠷ ᠤᠨ ᠮᠡᠳᠡᠭᠡᠯᠡᠯ ᠢ ᠦᠨᠳᠦᠰᠦᠯᠡᠪᠡᠯ ᠂ ᠡᠨᠡ ᠬᠦᠦ ᠡᠩ ᠤᠨ ᠦᠶ᠎ᠡ ᠳᠤ ᠵᠠᠷᠢᠮ ᠮᠠᠭᠤ ᠠᠵᠢᠯᠯᠠᠭ᠎ᠠ ᠲᠠᠢ ᠪᠠᠶᠢᠳᠠᠭ᠃ ᠲᠡᠭᠦᠨ ᠤ ᠡᠴᠢᠭᠡ ᠡᠬᠡ ᠨᠢ ᠪᠦᠷ ᠳᠤᠷ᠎ᠠ ᠪᠠᠷ ᠨᠢ ᠲᠠᠯᠪᠢᠵᠤ ᠬᠠᠮᠢᠶᠠᠷᠬᠤ ᠦᠭᠡᠢ ᠪᠣᠯᠬᠤᠷ ᠦᠨᠡᠨ ᠳᠡᠭᠡᠨ ᠭᠡᠷ‌‍ᠤᠨ ᠠᠬᠠᠮᠠᠳ ᠨᠢ ᠬᠠᠮᠤᠭ ᠡᠴᠦᠰ ᠤᠨ ᠬᠡᠷᠡᠭ ᠭᠠᠷᠤᠭᠰᠠᠨ ᠶᠠᠪᠤᠳᠠᠯ ᠳᠤ ᠮᠠᠰᠢ ᠶᠡᠭᠡ ᠬᠠᠷᠢᠭᠤᠴᠠᠯᠭ᠎ᠠ ᠲᠠᠢ ᠶᠤᠮ᠃ ᠭᠡᠪᠡᠴᠦ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢ ᠦᠨᠳᠦᠰᠦᠯᠡᠨ ᠡᠴᠢᠭᠡ ᠡᠭᠡ‌ᠡᠴᠠ ᠪᠠᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ ᠴᠢᠳᠠᠬᠤ ᠦᠭᠡᠢ ᠪᠣᠯ ᠵᠥᠪᠬᠡᠨ ᠢᠷᠭᠡᠨ ᠤ ᠬᠡᠷᠡᠭ ᠤᠨ ᠲᠥᠯᠥᠪᠦᠷᠢ ᠨᠡᠬᠡᠮᠵᠢᠯᠡᠨ᠎ᠡ᠃ ᠣᠳᠣᠬᠠᠨ ᠳᠤ ᠡᠨᠡ ᠬᠦ ᠠᠰᠠᠭᠤᠳᠠᠯ ᠳᠡᠭᠡᠷ᠎ᠡ ᠪᠠᠰᠠ ᠬᠠᠮᠲᠤ ᠶᠢᠨ ᠲᠠᠨᠢᠯᠲᠠ ᠲᠠᠢ ᠪᠣᠯᠤᠭᠠᠳᠤᠶ ᠪᠠᠶᠢᠨ᠎ᠠ᠃    4. ᠰᠤᠷᠪᠤᠯᠵᠢᠯᠠᠭᠴᠢ᠄ ᠲᠣᠰ ᠤᠳᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭ᠍ᠭᠤ ᠶᠢᠨ ᠬᠤᠷᠢᠶᠠᠨ ᠤ ᠬᠤᠷᠠᠯᠳᠤᠭᠠᠨ ᠳᠡᠭᠡᠷ᠎ᠡ᠂ ᠡᠷᠡᠭᠦᠤ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶ ᠤᠨ ᠲᠥᠰᠦᠯ ᠤᠨ ᠬᠤᠶᠠᠳᠠᠬᠢ ᠬᠢᠨᠠᠯᠳᠠ ᠶᠢᠨ ᠨᠤᠤᠷᠠᠭ ᠲᠤ ᠨᠠᠰᠤᠨ ᠳᠤ ᠤᠢᠯᠦ ᠬᠦᠷᠦᠭᠰᠡᠦᠠ ᠤᠨ ᠲᠤᠬᠠᠶ ᠵᠣᠶᠢᠯ ᠵᠤᠷᠪᠤᠰ ᠢ ᠬᠠᠯᠠᠭᠤᠨ ᠶᠠᠷᠢᠯᠴᠠᠭᠰᠡ ᠪᠠᠶᠢᠨ᠎ᠠ᠂ ᠲᠤᠬᠠᠶᠢᠯᠠᠪᠠᠯ ᠣᠨᠴᠠᠭᠠᠶ ᠪᠠᠶᠢᠳᠠᠯ ᠳᠣᠤᠷ᠎ᠠ ᠣᠨᠴᠠᠭᠠᠶ ᠵᠢᠷᠤᠮ ᠢᠶᠠᠷ ᠳᠠᠮᠵᠢᠭᠤᠯᠤᠨ ᠬᠠᠤᠯᠢ ᠳᠤ ᠲᠣᠭᠲᠠᠭᠠᠭᠰᠠᠨ ᠡᠷᠡᠭᠦᠤ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠣᠵᠢᠯ ᠢ ᠣᠨᠴᠠ ᠵᠠᠷᠢᠮ ᠲᠠᠯ᠎ᠠ ᠪᠠᠷ ᠪᠠᠭᠤᠷᠠᠭᠤᠯᠤᠨ᠎ᠠ᠃ ᠵᠠᠷᠢᠮ ᠬᠥᠮᠦᠨ ᠢᠩᠭᠢᠬᠦ ᠨᠢ ᠳᠣᠤᠷ᠎ᠠ ᠨᠠᠰᠤᠨ ᠤ ᠨᠠᠰᠤᠨ ᠳᠤ ᠦᠯᠤ ᠬᠥᠷᠦᠭᠰᠡᠳ ᠤᠨ ᠬᠦᠨᠳᠦ ᠨᠣᠴᠢᠲᠠᠶ ᠬᠦᠴᠣᠷᠬᠡᠭᠯᠡᠯ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ ᠴᠢᠳᠠᠨ᠎ᠠ ᠭᠡᠵᠦ ᠦᠵᠡᠵᠦ ᠪᠠᠶᠢᠨ᠎ᠠ᠂ ᠪᠠᠰᠠ ᠵᠠᠷᠢᠮ ᠬᠥᠮᠦᠨ ᠡᠨᠡ ᠨᠢ ᠨᠠᠰᠤᠨ ᠳᠤ ᠦᠯᠤ ᠬᠥᠷᠦᠭᠰᠡᠳ ᠤᠨ ᠶᠠᠯᠠᠲᠤ ᠠᠵᠢᠯᠯᠠᠭ᠎ᠠ ᠶᠢ ᠵᠠᠰᠠᠬᠤ ᠰᠠᠶᠢᠨ ᠵᠣᠷ ᠪᠢᠰᠢ ᠭᠡᠵᠦ ᠦᠵᠡᠵᠦ ᠪᠠᠶᠢᠨ᠎ᠠ᠃ ᠲᠠ ᠡᠨᠡ ᠠᠰᠠᠭᠤᠳᠠᠯ ᠢ ᠶᠠᠭᠠᠬᠢᠵᠤ ᠦᠵᠡᠵᠦ ᠪᠠᠶᠢᠬᠤ ᠪᠤᠢ︖    ᠰᠦᠩ ᠶᠢᠩ ᠬᠤᠢ᠄ ᠡᠨᠡ ᠤᠳᠠᠭᠠᠨ ᠤ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠨᠢ ᠵᠣᠬᠢᠬᠤ ᠬᠡᠮᠵᠡᠶᠠᠨ ᠠᠴᠠ ᠠᠪᠴᠤ ᠬᠡᠯᠡᠪᠡᠯ ᠠᠷᠠᠳ ᠤᠨ ᠰᠡᠳᠬᠢᠯ ᠳᠤ ᠬᠠᠷᠢᠭᠤ ᠥᠭᠭᠦᠭᠰᠡᠨ ᠶᠤᠮ᠃ ᠡᠭᠦᠨ ᠤ ᠬᠠᠮᠲᠤ ᠪᠠᠰᠠ ᠬᠦᠷᠢᠶ᠎ᠡ ᠬᠡᠪᠴᠢᠶ᠎ᠡ ᠪᠠ ᠵᠢᠷᠤᠮ ᠢ ᠴᠢᠩᠭ᠎ᠠ ᠬᠢᠵᠠᠭᠠᠷᠯᠠᠵᠤ᠂ ᠬᠡᠷᠡᠭᠵᠢᠭᠦᠯᠬᠦ ᠶᠠᠪᠤᠴᠠ ᠳᠤ ᠬᠡᠯᠪᠠᠶᠢᠬᠦ ᠠᠴᠠ ᠵᠠᠶᠢᠯᠠᠰᠬᠢᠬᠦ ᠳᠤ ᠠᠰᠢᠭᠲᠠᠶ ᠶᠤᠮ᠃    ᠭᠡᠪᠡᠴᠦ ᠨᠠᠰᠤᠨ ᠳᠤ ᠬᠦᠷᠦᠭᠡᠳᠦᠢ ᠶᠠᠯ᠎ᠠ ᠬᠢᠬᠦ ᠶᠢ ᠰᠡᠷᠭᠡᠶᠢᠯᠡᠬᠦ ᠲᠠᠯ᠎ᠠ ᠠᠴᠠ ᠠᠪᠴᠤ ᠬᠡᠯᠡᠪᠡᠯ᠂ ᠮᠢᠨᠦ ᠦᠵᠡᠬᠦ ᠪᠠᠷ ᠨᠡᠩ ᠰᠠᠶᠢᠨ ᠠᠷᠭ᠎ᠠ ᠪᠣᠯ ︽ᠲᠤᠰᠬᠠᠶᠢᠯᠠᠨ ᠵᠠᠯᠠᠷᠠᠭᠤᠯᠬᠤ ᠬᠥᠮᠦᠵᠢᠯ︾ ᠤᠨ ᠲᠦᠷᠢᠮ ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃    ᠳᠣᠣᠷ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠤᠨ ᠬᠦᠨᠳᠦ ᠨᠣᠴᠢᠲᠠᠶ ᠬᠦᠴᠦᠷᠬᠡᠭᠯᠡᠯ ᠤᠨ ᠬᠡᠷᠡᠭ ᠭᠠᠷᠤᠭᠰᠠᠨ ᠤ ᠳᠠᠷᠠᠭ᠎ᠠ᠂ ᠨᠡᠶᠢᠭᠡᠮ ᠳᠡᠭᠡᠷ᠎ᠡ ᠡᠷᠡᠭᠦᠤ ᠶᠢᠨ ᠬᠠᠷᠢᠭᠤᠴᠠᠯᠭ᠎ᠠ ᠶᠢᠨ ᠨᠠᠰᠤ ᠶᠢ ᠪᠠᠭᠤᠷᠠᠭᠤᠯᠬᠤ ᠶᠢ ᠨᠡᠶᠢᠳᠡᠮ ᠤᠷᠢᠶᠠᠯᠠᠵᠤ ᠪᠠᠶᠢᠭ᠎ᠠ ᠨᠢ ᠭᠤᠤᠯᠳᠠᠭᠤ ᠥᠩᠭᠡᠷᠡᠭᠰᠡᠨ ᠳᠤ ᠡᠨᠡ ᠬᠡᠰᠡᠭ ᠨᠠᠰᠤᠨ ᠳᠤ ᠦᠯᠤ ᠬᠥᠷᠦᠭᠰᠡᠳ ᠲᠤ ᠬᠦᠴᠦᠨ ᠪᠦᠬᠦᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠳᠤᠲᠠᠭᠳᠠᠵᠤ ᠪᠠᠶᠢᠭᠰᠠᠨ ᠶᠠᠪᠤᠳᠠᠯ ᠪᠣᠯᠤᠨ᠎ᠠ᠃ ᠪᠢᠳᠡ ᠤᠤᠯ ᠨᠢ ᠬᠤᠷᠢᠶᠠᠮᠵᠢᠯᠠᠨ ᠵᠠᠰᠠᠨ ᠬᠥᠮᠦᠵᠢᠭᠦᠯᠬᠦ ᠳᠦᠷᠢᠮ ᠪᠠᠶᠢᠭᠰᠠᠨ ᠶᠤᠮ᠃ ᠭᠡᠪᠡᠴᠦ 2013 ᠣᠨ ᠠᠴᠠ ᠬᠤᠶᠢᠰᠢ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠲᠤᠬᠠᠶ ᠬᠠᠤᠯᠢ ᠴᠠᠭᠠᠵᠠ ᠶᠢᠨ ᠲᠣᠭᠳᠠᠭᠠᠯ ᠢ ᠬᠦᠴᠦᠨ ᠦᠭᠡᠢ ᠪᠣᠯᠭᠠᠵᠤ᠂ ᠬᠤᠷᠢᠶᠠᠮᠵᠢᠯᠠᠨ ᠵᠠᠰᠠᠨ ᠬᠥᠮᠦᠵᠢᠭᠦᠯᠬᠦ ᠲᠤᠭ᠎ᠠ ᠬᠡᠮᠵᠢᠶ᠎ᠡ ᠨᠢ ᠢᠯᠡᠳᠲᠡ ᠪᠠᠳᠠᠷᠠᠵᠡᠢ᠃    ᠡᠭᠦᠨ ᠤ ᠬᠠᠮᠲᠤ ᠦᠢᠯᠡᠳᠦᠯᠭᠡ ᠶᠢᠨ ᠳᠤᠮᠳᠠ᠂ ᠲᠤᠰᠬᠠᠶ ᠰᠤᠷᠭᠠᠭᠤᠯᠢ ᠳᠤ ᠣᠷᠣᠬᠤ ᠵᠢᠷᠤᠮ ᠨᠢ ︽ᠭᠤᠷᠪᠠᠨ ᠰᠠᠶᠢᠨ ᠳᠤᠷ᠎ᠠ ᠶᠢᠨ︾ ᠵᠠᠷᠴᠢᠮ ᠪᠣᠯᠵᠤ ᠬᠤᠪᠢᠷᠠᠨ᠎ᠠ᠂ ᠲᠤᠬᠠᠶᠢᠯᠠᠪᠠᠯ ᠬᠢᠨᠠᠨ ᠬᠠᠮᠠᠭᠠᠯᠠᠭᠴᠢ᠂ ᠰᠤᠷᠤᠭᠴᠢ ᠪᠠ ᠪᠠᠶᠢᠭ᠎ᠠ ᠰᠤᠷᠭᠠᠭᠤᠯᠢ ᠨᠢ ᠪᠦᠷ ᠵᠥᠪᠰᠢᠶᠡᠷᠡᠨ᠎ᠡ᠂ ᠢᠩᠭᠢᠪᠡᠯ ᠰᠠᠶ᠋ᠢ ᠲᠤᠰᠬᠠᠶ ᠰᠤᠷᠭᠠᠭᠤᠯᠢ‌‍ᠳᠤ ᠬᠦᠷᠭᠡᠵᠦ ᠴᠢᠳᠠᠨ᠎ᠠ᠃ ᠭᠡᠲᠡᠯ᠎ᠡ ᠬᠢᠨᠠᠨ ᠬᠠᠮᠠᠭᠠᠯᠠᠭᠴᠢ ᠨᠢ ᠵᠥᠪᠰᠢᠶᠡᠷᠡᠬᠦ ᠦᠭᠡᠢ ᠪᠠᠶᠢᠪᠠᠯ ︵ᠦᠢᠯᠡᠳᠣᠯᠭᠡ ᠶᠢᠨ ᠳᠤᠮᠳᠠ ᠬᠢᠨᠠᠨ ᠬᠠᠮᠠᠭᠠᠯᠠᠭᠴᠢ ᠶᠢᠨ ᠣᠯᠠᠩᠬᠢ ᠨᠢ ᠴᠥᠮ ᠵᠥᠪᠰᠢᠶᠡᠷᠡᠬᠦ ᠦᠭᠡᠢ︶᠂ ᠲᠤᠰᠬᠠᠶ ᠰᠤᠷᠭᠠᠭᠤᠯᠢ ᠳᠤ ᠬᠦᠷᠭᠡᠵᠦ ᠰᠤᠷᠭᠠᠨ ᠬᠦᠮᠣᠵᠢᠭᠦᠯᠵᠦ ᠵᠠᠰᠠᠭᠤᠯᠬᠤ ᠴᠢᠬᠤᠯᠠᠲᠠᠶ ᠵᠠᠷᠢᠮ ᠨᠠᠰᠤᠨ ᠳᠤ ᠦᠯᠤ ᠬᠥᠷᠦᠭᠰᠡᠳ ᠨᠢ ᠲᠤᠰᠬᠠᠶ ᠰᠤᠷᠭᠠᠭᠤᠯᠢ ᠳᠤ ᠣᠷᠣᠬᠤ ᠶᠢᠨ ᠠᠷᠭ᠎ᠠ ᠦᠭᠡᠢ ᠪᠣᠯᠤᠨ᠎ᠠ᠃ ᠡᠨᠡ ᠬᠡᠰᠡᠭ ᠬᠡᠦᠬᠡᠳ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠢ ᠬᠤᠬᠢᠷᠠᠭᠤᠯᠤᠭᠰᠠᠨ ᠠᠴᠠ ᠣᠯᠠᠩᠬᠢ ᠨᠢ ᠵᠥᠪᠬᠡᠨ ᠲᠠᠯᠪᠢᠵᠤ ᠶᠠᠪᠤᠭᠤᠯᠳᠠᠭ᠃    ᠪᠠᠭᠰᠢ ᠰᠤᠷᠤᠭᠴᠢᠳ ᠢ ᠬᠠᠪᠰᠤᠷᠤᠨ ᠵᠢᠯᠣᠭᠤᠳᠴᠤ ᠬᠢᠴᠢᠶᠡᠯ ᠤᠨ ᠭᠡᠷ ᠤᠨ ᠪᠣᠯᠪᠠᠰᠤᠷᠠᠯ ᠬᠢᠵᠦ ᠪᠠᠶᠢᠨ᠎ᠠ᠃    ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠳᠤ ᠵᠠᠰᠠᠪᠤᠷᠢ ᠣᠷᠣᠭᠤᠯᠤᠭᠰᠠᠨ ᠲᠦᠰᠣᠯ ᠤᠨ ᠬᠤᠶᠠᠳᠠᠬᠢ ᠬᠢᠨᠠᠯᠲᠠ ᠶᠢᠨ ᠨᠣᠣᠷᠠᠭ ᠲᠤ᠂ ︽ᠬᠤᠷᠢᠶᠠᠮᠵᠢᠯᠠᠨ ᠵᠠᠰᠠᠨ ᠬᠥᠮᠦᠵᠢᠭᠦᠯᠬᠦ︾ ᠭᠡᠳᠡᠭ ᠤᠬᠠᠭᠳᠠᠬᠤᠨ ᠢ ᠬᠡᠷᠡᠭᠯᠡᠬᠦ ᠦᠭᠡᠢ᠂ ᠬᠠᠷᠢᠨ ︽ᠲᠤᠰᠬᠠᠶ ᠰᠤᠷᠭᠠᠨ ᠬᠥᠮᠦᠵᠢᠯ︾ ᠢ ᠬᠡᠷᠡᠭᠯᠡᠵᠦ᠂ ᠨᠠᠰᠤᠨ ᠳᠤ ᠦᠯᠦ ᠬᠦᠷᠦᠭᠰᠡᠳ ᠡᠷᠡᠭᠦᠦ ᠶᠢᠨ ᠬᠠᠤᠯᠢ ᠳᠤ ᠲᠣᠭᠲᠠᠭᠠᠭᠰᠠᠨ ᠦᠢᠯᠡ ᠠᠵᠢᠯᠯᠠᠭ᠎ᠠ ᠲᠠᠢ᠂ ᠬᠠᠤᠯᠢ ᠳᠤ ᠲᠣᠭᠳᠠᠭᠠᠭᠰᠠᠨ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠬᠦᠷᠦᠭᠰᠡᠨ ᠦᠭᠡᠢ ᠠᠴᠠ ᠪᠣᠯᠵᠤ ᠡᠷᠡᠭᠦᠦ ᠰᠢᠢᠳᠬᠡᠯ ᠥᠭᠬᠦ ᠦᠭᠡᠢ ᠭᠡᠵᠦ ᠲᠣᠭᠲᠠᠭᠠᠭᠰᠠᠨ ᠪᠡᠶᠢᠪᠡᠯ᠂ ᠲᠤᠰᠬᠠᠶ ᠰᠤᠷᠭᠠᠨ ᠬᠥᠮᠦᠵᠢᠯ ᠤᠨ ᠵᠢᠯᠣᠭᠤᠳᠬᠤ ᠺᠣᠮᠢᠰ ᠤᠨ ᠦᠨᠡᠯᠡᠨ ᠵᠢᠱᠢᠭᠰᠡᠨ ᠢᠶᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠡᠭᠦᠨ ᠢ ᠲᠤᠰᠬᠠᠶ ᠰᠤᠷᠭᠠᠭᠤᠯᠢ ᠳᠤ ᠬᠦᠷᠭᠡᠵᠦ ᠲᠤᠰᠬᠠᠶ ᠰᠤᠷᠭᠠᠨ ᠬᠥᠮᠦᠵᠢᠯ ᠬᠦᠷᠲᠡᠭᠡᠬᠦ ᠪᠠᠷ ᠲᠣᠭᠲᠠᠭᠠᠵᠤ ᠪᠣᠯᠤᠨ᠎ᠠ᠃   ᠡᠶᠢᠮᠦ ᠠᠴᠠ ᠤᠳᠤ ᠲᠤᠰᠬᠠᠶ ᠰᠤᠷᠭᠠᠨ ᠬᠥᠮᠦᠵᠢᠯ ᠤᠨ ᠳᠣᠲᠣᠷ᠎ᠠ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠭᠰᠡᠨ ᠪᠠᠶᠢᠳᠠᠭ᠄ ᠨᠢᠭᠡ ᠬᠡᠰᠡᠭ ᠨᠢ ᠬᠠᠤᠯᠢ ᠶᠢ ᠬᠥᠩᠭᠡᠪᠲᠦᠷ ᠵᠦᠷᠢᠴᠡᠭᠰᠡᠨ ᠨᠠᠰᠤᠨ ᠳᠤ ᠦᠯᠤ ᠬᠥᠷᠦᠭᠰᠡᠳ᠂ ᠨᠢᠭᠡ ᠬᠡᠰᠡᠭ ᠨᠢ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠲᠠᠢ ᠪᠠᠶᠢᠳᠠᠭ᠃    ᠣᠳᠣᠬᠠᠨ ᠤ ᠬᠤᠶᠠᠳᠠᠬᠢ ᠬᠢᠨᠠᠯᠲᠠ ᠶᠢᠨ ᠨᠣᠣᠷᠠᠭ ᠲᠤ ᠪᠢ ᠠᠳᠠᠯᠢ ᠪᠤᠰᠤ ᠦᠵᠡᠯᠲᠡ ᠲᠠᠢ ᠪᠠᠶᠢᠨ᠎ᠠ᠃ ᠮᠢᠨᠦ ᠦᠵᠡᠬᠦ ᠪᠠᠷ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠲᠠᠢ ᠨᠠᠰᠤᠨ ᠳᠤ ᠦᠯᠦ ᠬᠦᠷᠦᠭᠰᠡᠳ ᠲᠤ ᠴᠢᠭᠯᠡᠭᠦᠯᠦᠭᠰᠡᠨ ᠲᠤᠰᠬᠠᠶ ᠰᠤᠷᠭᠠᠨ ᠬᠥᠮᠦᠵᠢᠯ ᠨᠢ ᠠᠯᠪᠠᠳᠠᠯᠭ᠎ᠠ ᠶᠢᠨ ᠴᠢᠨᠠᠷᠲᠠᠶ ᠪᠠᠶᠢᠬᠤ ᠬᠡᠷᠡᠭᠲᠡᠶ᠂ ᠡᠨᠡ ᠨᠢ ᠡᠩ ᠤᠨ ᠲᠤᠰᠬᠠᠶ ᠰᠤᠷᠭᠠᠨ ᠬᠥᠮᠦᠵᠢᠯ ᠲᠠᠢ ᠢᠯᠭᠠᠭ᠎ᠠ ᠲᠠᠢ ᠪᠠᠶᠢᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠶᠢᠭᠤᠯᠤᠯᠭ᠎ᠠ ᠬᠡᠷᠡᠭ ᠰᠢᠢᠳᠪᠣᠷᠢᠯᠡᠬᠦ ᠶᠠᠪᠤᠴᠠ ᠳᠤ ᠰᠢᠭᠤᠣᠨ ᠲᠣᠭᠲᠠᠭᠠᠯ ᠭᠠᠷᠭᠠᠬᠤ ᠬᠡᠷᠡᠭᠲᠡᠶ᠂ ᠰᠤᠷᠭᠠᠭᠤᠯᠢ ᠳᠤ ᠬᠦᠷᠭᠡᠬᠦ ᠶᠠᠪᠤᠴᠠ ᠶᠢ ᠳᠥᠭᠦᠮᠴᠢᠯᠡᠵᠦ᠂ ᠲᠤᠰᠬᠠᠶ ᠰᠤᠷᠭᠠᠭᠤᠯᠢ ᠳᠤ ᠬᠦᠷᠭᠡᠬᠦ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠨ᠎ᠠ᠃                                                  ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号