︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤᠨ ᠤ 2020 ᠣᠨ ᠤ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠦᠯᠣᠪᠯᠡᠨ ᠡᠮᠬᠢᠯᠡᠨ ᠨᠡᠶᠢᠯᠡᠭᠦᠯᠬᠦ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | | ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠶ | ᠲᠦᠯᠣᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ | ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠭᠤᠨ ᠪᠥᠭᠡᠳ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠪᠡᠯᠡ ᠮᠥᠩᠭᠦ ᠶᠢ | ᠡᠮᠬᠢᠯᠡᠨ ᠨᠡᠶᠢᠯᠡᠭᠦᠯᠬᠦ ᠱᠠᠭᠠᠷᠳᠠᠯᠭ᠎ᠠ ᠶᠢ ᠦᠨᠳᠦᠰᠦᠯᠡᠬᠦ ᠬᠡᠷᠡᠭᠲᠡᠶ᠃ ᠮᠠᠨ ᠤ ᠬᠤᠰᠢᠭᠤᠨ ᠤ ᠪᠡᠯᠡ ᠮᠥᠩᠭᠦ ᠶᠢᠨ | ᠭᠦᠢᠴᠡᠳᠭᠡᠯ ᠲᠤᠭ᠎ᠠ ᠪᠣᠯᠤᠨ ᠮᠠᠨ ᠤ ᠬᠤᠰᠢᠭᠤᠨ ᠤ ᠬᠠᠭᠠᠰ ᠵᠢᠯ ᠤᠨ ᠲᠣᠷᠰᠢᠬᠢ ᠪᠣᠳᠠᠲᠠᠶ ᠬᠡᠷᠡᠭᠵᠢᠭᠦᠯᠦᠭᠰᠡᠨ | ᠪᠡᠶᠢᠳᠡᠯ ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠳᠤ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠨᠰᠡᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠲᠤᠷᠰᠢᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄ | ᠨᠢᠭᠡ᠂ ᠲᠣᠬᠢᠷᠠᠭᠤᠯᠬᠤ ᠵᠠᠷᠴᠢᠮ | ᠪᠡᠯᠡ ᠮᠥᠩᠭᠦ ᠲᠥᠷᠥᠯ ᠵᠦᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠪᠠᠲᠤ | ᠪᠠᠬᠢ︾ ᠶᠢ ᠭᠤᠣᠯᠳᠠᠯᠭ᠎ᠠ ᠲᠠᠢ ᠣᠨᠢᠯᠠᠵᠤ᠂ ᠪᠠᠬᠢᠵᠢᠭᠦᠯᠦᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠬᠦᠮᠣᠷᠭᠡ ᠪᠠᠷ ᠲᠦᠰᠢᠭ ᠪᠣᠯᠭᠠᠵᠤ᠂ ︽ᠶᠠᠳᠠᠭᠤ ᠠᠴᠠ ᠠᠩᠭᠢᠵᠢᠷᠠᠭᠰᠠᠨ ᠴᠤ | ᠬᠠᠷᠢᠭᠤᠴᠠᠯᠭ᠎ᠠ ᠪᠠᠨ ᠬᠠᠶᠠᠬᠤ ᠥᠬᠡᠶ᠂ ᠲᠥᠷᠥ ᠶᠢᠨ ᠪᠣᠳᠣᠯᠭ᠎ᠠ ᠪᠠᠨ ᠲᠠᠰᠣᠯᠬᠤ ᠥᠬᠡᠶ᠂ ᠬᠠᠪᠰᠤᠷᠤᠨ | ᠲᠡᠳᠬᠦᠬᠦ ᠪᠠᠨ ᠵᠣᠭᠰᠣᠬᠤ ᠥᠬᠡᠶ᠂ ᠬᠢᠨᠠᠯᠲᠠ ᠬᠠᠮᠢᠶᠠᠷᠤᠯᠲᠠ ᠪᠠᠨ ᠬᠠᠶᠠᠬᠤ ᠥᠬᠡᠶ︾ ᠪᠠᠶᠢᠬᠤ ᠶᠢ ᠪᠠᠷᠢᠮᠲᠠᠯᠠᠵᠤ᠂ ︽ | ᠶᠠᠳᠠᠭᠤ ᠠᠴᠠ ᠠᠩᠭᠢᠵᠢᠷᠠᠭᠰᠠᠨ ᠴᠤ ᠳᠠᠬᠢᠨ ᠶᠠᠳᠠᠭᠤᠷᠠᠬᠤ ᠥᠬᠡᠶ︾ ᠪᠠᠶᠢᠬᠤᠶᠢ ᠦᠨᠡᠨᠬᠦ ᠪᠠᠲᠤᠯᠠᠵᠤ᠂ ᠮᠠᠨ ᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ᠣᠨ ᠤ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠲᠥᠯᠥᠪᠯᠡᠭᠡ ᠶᠢ ᠪᠡᠶᠡᠯᠡᠭᠦᠯᠦᠨ᠎ᠡ᠃ ︽ᠬᠡᠷᠡᠭᠴᠡᠭᠡᠨ ᠠᠴᠠ | ᠪᠣᠯᠵᠤ ᠴᠡᠭᠴᠡᠯᠡᠬᠦ︾ ᠤᠷᠢᠲᠠᠯ ᠳᠣᠣᠷ᠎ᠠ᠂ ᠮᠠᠨ ᠤ ᠬᠤᠰᠢᠭᠤᠨ ᠤ ᠪᠣᠳᠠᠲᠤ ᠪᠡᠶᠢᠳᠡᠯ ᠢ ᠦᠨᠳᠣᠰᠣᠯᠡᠨ ᠪᠡᠯᠡ | ᠮᠥᠩᠭᠦ ᠶᠢ ᠨᠢᠭᠡᠳᠬᠡᠬᠦ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠣᠬᠢᠷᠠᠭᠤᠯᠤᠯᠲᠠ ᠬᠢᠨ᠎ᠡ᠃ | ᠬᠤᠶᠠᠷ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠭᠰᠡᠨ ᠪᠡᠶᠢᠳᠡᠯ | ᠲᠥᠪ ᠪᠣᠯᠤᠨ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠡᠮᠬᠢᠯᠡᠨ ᠨᠡᠶᠢᠯᠡᠭᠦᠯᠬᠦ ᠪᠡᠯᠡ ᠮᠥᠩᠭᠦ | ᠶᠢᠨ ᠬᠡᠪᠴᠢᠶᠡᠨ ᠳᠤ ᠬᠠᠷᠢᠶᠠᠯᠠᠭᠳᠠᠬᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ | ᠬᠤᠪᠢᠶᠠᠷᠢᠯᠠᠵᠦ᠂ ᠪᠡᠯᠡ ᠮᠥᠩᠭᠦᠨ ᠤ ᠢᠷᠡᠯᠲᠡ ᠪᠣᠯᠤᠨ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠵᠢᠯ ᠤᠨ ᠪᠡᠯᠡ ᠮᠥᠩᠭᠦᠨ ᠤ ᠱᠠᠭᠠᠷᠳᠠᠯᠭ᠎ᠠ ᠶᠣᠰᠣᠭᠠᠷ ᠨᠡᠶᠢᠳᠬᠡᠬᠦ ᠬᠡᠪᠴᠢᠶ᠎ᠡ ᠶᠢ | ᠲᠣᠭᠲᠠᠭᠠᠨ᠎ᠠ᠃ 2020 ᠣᠨ ᠳᠤ ᠡᠮᠬᠢᠯᠡᠨ ᠨᠡᠶᠢᠯᠡᠭᠦᠯᠬᠦ ᠪᠠᠷ ᠲᠥᠯᠥᠪᠯᠡᠭᠰᠡᠨ ᠪᠠᠯᠠ ᠮᠥᠩᠭᠦ ᠶᠢᠨ ᠶᠡᠷᠦᠩᠬᠡᠶ | ᠲᠤᠭ᠎ᠠ ᠶᠢ 16259 ᠲᠦᠮᠡᠨ ᠲᠥᠭᠦᠷᠢᠭ ᠪᠣᠯᠭᠠᠨ ᠳᠣᠭᠢᠷᠠᠭᠤᠯᠵᠤ᠂ ᠨᠡᠶᠢᠲᠡ 9 ᠲᠠᠯ᠎ᠠ ᠶᠢᠨ ᠪᠠᠯᠠ ᠮᠥᠩᠭᠦ ᠶᠢ | ᠡᠮᠬᠢᠯᠡᠨ ᠨᠡᠶᠢᠯᠡᠭᠦᠯᠬᠦ ᠪᠠᠷ ᠲᠥᠯᠥᠪᠯᠡᠪᠡ᠃ | ᠭᠤᠷᠪᠠ᠂ ᠲᠣᠬᠢᠷᠠᠭᠤᠯᠤᠭᠰᠠᠨ ᠤ ᠳᠠᠷᠠᠭᠠᠬᠢ ᠪᠡᠯᠡ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ | 1. ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠷᠢᠵᠤ ᠲᠡᠵᠢᠭᠡᠨ ᠦᠷᠡᠵᠢᠭᠦᠯᠣᠨ | ᠬᠥᠪᠥᠷᠢ ᠳᠤ ᠬᠡᠷᠡᠭᠯᠡᠨ᠎ᠡ | ᠡᠨᠡ ᠬᠡᠰᠡᠭ ᠲᠥᠯᠥᠪᠯᠡᠭᠡ ᠳᠤ 1068.8969 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠡᠮᠬᠢᠯᠡᠨ | ᠨᠡᠶᠢᠯᠡᠭᠦᠯᠬᠦ ᠪᠠᠷ ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠠᠷᠢᠵᠤ | ᠲᠡᠵᠢᠭᠡᠨ ᠦᠷᠡᠵᠢᠭᠦᠯᠬᠦ ᠨᠦᠬᠦᠪᠣᠷᠢ ᠶᠢᠨ ᠬᠡᠯᠪᠡᠷᠢ ᠪᠠᠷ ᠬᠡᠷᠡᠭᠵᠢᠭᠦᠯᠵᠦ᠂ ᠮᠠᠨ ᠤ ᠬᠤᠰᠢᠭᠤᠨ ᠤ ᠭᠤᠤᠯᠯᠠᠬᠤ ᠠᠵᠤ | ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠠᠶ᠃ ᠲᠡᠵᠢᠭᠡᠪᠦᠷᠢ ᠶᠢᠨ ᠦᠢᠯᠡᠰ ᠪᠠ ᠲᠠᠷᠢᠮᠠᠯ ᠤᠨ ᠦᠢᠯᠡᠰ | ᠭᠡᠵᠦ ᠬᠤᠶᠠᠷ ᠬᠡᠰᠡᠭ ᠬᠤᠪᠢᠶᠠᠨ᠎ᠠ᠃ | ᠲᠡᠵᠢᠭᠡᠨ ᠦᠷᠡᠵᠢᠭᠦᠯᠬᠦ ᠦᠢᠯᠡᠰ ᠲᠤ ᠭᠤᠤᠯᠳᠠᠭᠤ ᠦᠬᠡᠷ᠂ ᠡᠯᠵᠢᠭᠡ᠂ ᠭᠠᠭ᠋ᠠᠶ ᠵᠡᠷᠭᠡ ᠨᠥᠬᠦᠪᠥᠷᠢ ᠥᠭᠭᠦᠨ᠎ᠡ᠃ | ᠲᠠᠷᠢᠮᠠᠯ ᠤᠨ ᠦᠢᠯᠡᠰ ᠨᠢ ᠮᠠᠨ ᠤ ᠬᠤᠰᠢᠭᠤᠨ ᠤ ᠳᠠᠪᠠᠭᠤᠯᠢᠭ ᠲᠠᠷᠢᠮᠠᠯ ᠤᠨ ᠲᠥᠮᠥᠰᠥ ᠲᠠᠷᠢᠬᠤ | ᠨᠥᠬᠦᠪᠥᠷᠢ ᠪᠠᠷ ᠭᠤᠣᠯ ᠪᠣᠯᠭᠠᠨ᠎ᠠ᠃ | ᠨᠥᠬᠦᠪᠥᠷᠢ ᠶᠢᠨ ᠪᠠᠷᠢᠮᠵᠢᠶ᠎ᠠ ᠶᠢ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠢᠯᠣᠭᠤᠳᠬᠤ ᠭᠠᠵᠠᠷ ᠤᠨ ᠲᠣᠭᠲᠠᠭᠠᠭᠰᠠᠨ ᠲᠥᠰᠦᠯ ᠢᠶᠠᠷ ᠬᠡᠷᠡᠭᠵᠢᠭᠦᠯᠦᠨ᠎ᠡ᠃ | 2. ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠬᠡᠷᠡᠭᠯᠡᠨ᠎ᠡ | ᠡᠨᠡ ᠬᠡᠰᠡᠭ ᠨᠢ 8375.1031 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠦ | ᠪᠠᠶᠢᠨ᠎ᠠ᠃ | ᠭᠤᠤᠯᠳᠠᠭᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ᠂ ᠣᠯᠠᠨ ᠵᠣᠶᠢᠯ ᠤᠨ ᠠᠷᠭ᠎ᠠ ᠮᠠᠶ᠋ᠢᠭ ᠢ ᠠᠪᠴᠤ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠳᠡᠮᠵᠢᠨ ᠬᠥᠭᠵᠢᠭᠦᠯᠵᠦ᠂ ᠭᠠᠴᠠᠭ᠎ᠠ ᠲᠣᠰᠬᠤᠨ | ᠨᠢᠭᠡᠪᠦᠷᠢ ᠶᠢᠨ ᠬᠠᠮᠳᠦ ᠶᠢᠨ ᠠᠵᠤ ᠠᠬᠤᠶ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠵᠣᠶᠢᠯ ᠨᠡᠶᠢᠲᠡ 22 | ᠪᠠᠶᠢᠵᠤ᠂ 8375.1031 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠦ ᠡᠮᠬᠢᠯᠡᠨ ᠨᠡᠶᠢᠯᠡᠭᠦᠯᠬᠦ ᠪᠠᠷ | ᠲᠥᠯᠥᠪᠯᠡᠵᠦ ᠪᠣᠶ᠃ | 3. ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ | ᠡᠨᠡ ᠬᠡᠰᠡᠭ ᠵᠠᠷᠤᠯᠭ᠎ᠠ ᠶᠢ ᠭᠤᠤᠯᠳᠠᠭᠤ ᠬᠤᠶᠠᠷ ᠲᠠᠯ᠎ᠠ ᠪᠠᠷ ᠬᠤᠪᠢᠶᠠᠵᠤ᠂ ᠨᠡᠶᠢᠲᠡ 6815 ᠲᠦᠮᠡᠨ | ᠲᠥᠭᠦᠷᠢᠭ ᠪᠣᠯᠣᠨ᠎ᠠ᠃ | ᠨᠢᠭᠡ ᠳᠤ᠂ ᠭᠠᠴᠠᠭ᠎ᠠ ᠳᠤᠭᠤᠶᠢᠯᠠᠩ ᠤᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠵᠢᠴᠢ ᠵᠡᠭᠡᠯᠢ | ᠭᠤᠳᠤᠮᠵᠢ ᠶᠢ ᠬᠠᠲᠠᠭᠤᠷᠠᠭᠤᠯᠬᠤ ᠲᠥᠷᠥᠯ ᠵᠣᠶᠢᠯ ᠳᠤ 6015 ᠲᠦᠮᠡᠨ ᠲᠥᠭᠦᠷᠢᠭ ᠵᠠᠷᠤᠴᠠᠭᠤᠯᠪᠠ᠃ ᠬᠤᠶᠠᠷ ᠲᠤ᠂ | ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤ ᠶᠢ ᠠᠮᠤᠷ ᠲᠦᠪᠰᠢᠨ ᠳᠡᠭᠡᠭᠰᠢᠯᠡᠭᠦᠯᠬᠦ ᠲᠥᠷᠥᠯ ᠵᠣᠶᠢᠯ ᠳᠤ | ᠬᠡᠷᠡᠭᠯᠡᠵᠦ᠂ 800 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠪᠠ᠃ | ᠲᠦᠷᠪᠡ᠂ ᠪᠣᠳᠠᠲᠠᠶ ᠱᠠᠭᠠᠷᠳᠠᠯᠭ᠎ᠠ | 1. ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠪᠡᠯᠡ ᠮᠥᠩᠭᠦ ᠬᠡᠷᠡᠭᠯᠡᠬᠦ ᠴᠢᠭᠯᠡᠯ ᠢ ᠦᠨᠳᠦᠰᠦᠯᠡᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠷᠥᠯ | ᠵᠣᠶᠢᠯ ᠤᠨ ᠵᠠᠯᠭᠠᠮᠵᠢ ᠠᠵᠢᠯ ᠢ ᠰᠠᠶᠢᠲᠤᠷ ᠬᠢᠵᠦ᠂ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ | ᠪᠣᠯᠤᠨ ᠪᠡᠯᠡ ᠮᠥᠩᠭᠦ ᠣᠯᠭᠤᠬᠤ ᠶᠢ ᠵᠢᠯ ᠤᠨ ᠳᠣᠲᠣᠷ᠎ᠠ ᠴᠠᠭ ᠲᠣᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ | 2. ᠪᠡᠯᠡ ᠮᠥᠩᠭᠦ ᠶᠢ ᠬᠡᠷᠡᠭᠯᠡᠬᠦ ᠳᠤ ᠮᠠᠨ ᠤ ᠬᠤᠰᠢᠭᠤᠨ ᠤ ᠲᠣᠭᠲᠠᠭᠠᠭᠰᠠᠨ ︽ᠡᠳ᠋ ᠤᠨ ᠵᠠᠰᠠᠭ ᠤᠨ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ | ᠵᠢᠷᠤᠮᠯᠠᠨ ᠬᠡᠷᠡᠭᠵᠢᠭᠦᠯᠣᠨ᠎ᠠ᠃ ᠳᠡᠰ ᠳᠠᠷᠠᠭᠠᠯᠠᠯ ᠤᠨ ᠵᠢᠷᠤᠮᠵᠢᠯ ᠲᠠᠢ᠂ ᠬᠡᠷᠡᠭᠯᠡᠯᠲᠡ ᠨᠢ ᠵᠦᠶ ᠵᠣᠬᠢᠰᠲᠠᠶ᠂ ᠠᠮᠵᠢᠯᠲᠠ | ᠪᠦᠲᠦᠮᠵᠢ ᠨᠢ ᠢᠯᠡᠷᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠡᠯᠡ ᠮᠥᠩᠭᠦ ᠲᠥᠷᠥᠯ ᠵᠦᠢᠯ ᠢ ᠢᠯᠡ | ᠨᠡᠶᠢᠲᠡᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠥᠷᠥᠯ ᠵᠦᠢᠯ ᠤᠨ ᠬᠡᠷᠡᠭᠵᠢᠭᠦᠯᠬᠦ ᠬᠡᠪᠴᠢᠶ᠎ᠡ ᠶᠣᠰᠣᠭᠠᠷ᠂ | ᠬᠤᠰᠢᠭᠤ᠂ ᠰᠢᠶᠠᠩ᠂ ᠲᠣᠰᠬᠤᠨ ᠠᠳᠠᠯᠢ ᠪᠤᠰᠤ ᠬᠡᠪᠴᠡᠶᠡᠨ ᠳᠤ ᠢᠯᠡ ᠨᠡᠶᠢᠲᠡᠯᠡᠵᠦ᠂ ᠲᠡᠷᠡᠴᠢᠯᠡᠨ ᠬᠠᠷᠠᠭᠠᠯᠵᠠᠭᠰᠠᠨ | ᠭᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠶ᠃ | 3. ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠨᠢ | ᠪᠠᠯᠠ ᠮᠥᠩᠭᠦ ᠶᠢᠨ ᠬᠠᠮᠢᠶᠠᠷᠤᠯᠲᠠ ᠳᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠤᠮᠤ ᠰᠢᠶᠠᠩ | ᠪᠠᠯᠭᠠᠰᠤ ᠪᠣᠯᠤᠨ ᠬᠡᠰᠡᠭ ᠲᠥᠷᠥᠯ ᠵᠣᠶᠢᠯ ᠤᠨ ᠬᠠᠷᠢᠭᠤᠴᠠᠯᠭᠠᠲᠤ ᠨᠢᠭᠡᠴᠡ ᠪᠣᠯ ᠪᠡᠯᠡ ᠮᠥᠩᠭᠦ ᠶᠢᠨ ᠬᠠᠮᠢᠶᠠᠷᠤᠯᠲᠠ᠂ | ᠲᠥᠷᠥᠯ ᠵᠣᠶᠢᠯ ᠢ ᠬᠡᠷᠡᠭᠵᠢᠭᠦᠯᠬᠦ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ ᠰᠤᠮᠤ ᠰᠢᠶᠠᠩ | ᠪᠠᠯᠭᠠᠰᠤ ᠨᠤᠭᠤᠳ ᠬᠠᠷᠢᠶ᠎ᠠ ᠪᠦᠬᠦᠢ ᠶᠠᠳᠠᠭᠤ ᠬᠦᠴᠢᠷᠳᠡᠯᠲᠡᠶ ᠲᠣᠰᠬᠤᠨ ᠤ ᠲᠥᠷᠥᠯ ᠵᠣᠶᠢᠯ ᠳᠤ ᠬᠢᠨᠠᠯᠳᠠ | ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠨᠢᠭᠡᠳᠦᠭᠡᠷ ᠱᠦᠵᠢ᠂ | ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ | ᠬᠤᠷᠠᠯ ᠨᠢ ᠡᠮᠬᠢᠯᠡᠨ ᠨᠡᠶᠢᠯᠡᠭᠦᠯᠬᠦ ᠪᠠᠯᠠ ᠮᠥᠩᠭᠦ ᠪᠠ ᠲᠥᠷᠥᠯ ᠵᠣᠶᠢᠯᠤᠨ ᠬᠢᠨᠠᠯᠲᠠ ᠬᠠᠮᠢᠶᠠᠷᠤᠯᠲᠠ ᠳᠤ ᠭᠦᠨᠵᠡᠭᠡᠶ | ᠣᠷᠣᠯᠴᠠᠬᠤ ᠬᠡᠷᠡᠭᠲᠡᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠣᠳᠣᠬᠤ᠂ ᠡᠳ᠋ ᠤᠨ ᠵᠠᠰᠠᠭ ᠵᠡᠷᠭᠡ | ᠰᠠᠯᠠᠭ᠎ᠠ ᠮᠥᠴᠢᠷ ᠬᠢᠨᠠᠨ ᠪᠠᠶᠢᠴᠠᠭᠠᠬᠤ᠂ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠡᠭᠦᠨ ᠤ ᠬᠠᠮᠲᠤ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠠᠴᠠ ᠦᠷ᠎ᠡ ᠪᠦᠲᠦᠮᠵᠢ ᠶᠢ ᠮᠥᠷᠳᠡᠨ | ᠠᠰᠠᠭᠤᠵᠤ᠂ ᠪᠡᠯᠡ ᠮᠥᠩᠭᠦ ᠶᠢᠨ ᠬᠡᠷᠡᠭᠯᠡᠯᠲᠡᠶᠢᠨ ᠦᠷ᠎ᠡ ᠠᠰᠢᠭ ᠢ ᠲᠡᠭᠡᠭᠰᠢᠯᠡᠭᠦᠯᠬᠦ ᠳᠤ ᠬᠦᠴᠦᠲᠡᠶ ᠳᠡᠮᠵᠢᠯᠭᠡ | ᠦᠵᠡᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠲᠥᠯᠦᠨ ᠵᠢᠯᠣᠭᠤᠳᠴᠤ ᠪᠠᠶᠢᠭᠠᠳ | ᠰᠠᠨᠠᠭᠠᠴᠢᠯᠠᠭ᠎ᠠ ᠠᠴᠠ ᠪᠠᠨ ᠬᠢᠨᠠᠯᠳᠠ ᠳᠤ ᠣᠷᠣᠯᠴᠠᠭᠤᠯᠵᠤ᠂ ᠣᠯᠠᠨ ᠡᠰᠢᠵᠢᠭᠰᠡᠨ ᠪᠠᠯᠠ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ | 4. ᠲᠥᠷᠥᠯ ᠵᠦᠢᠯ ᠤᠨ ᠪᠡᠶᠡᠯᠡᠭᠦᠯᠬᠦ ᠲᠤᠭ᠎ᠠ ᠬᠡᠮᠵᠢᠶ᠎ᠡ᠂ ᠶᠠᠰᠤ ᠴᠢᠨᠠᠷ᠂ ᠬᠡᠷᠡᠭᠵᠢᠭᠦᠯᠬᠦ ᠦᠷ᠎ᠡ ᠠᠰᠢ᠊ ᠢ | ᠦᠨᠳᠦᠰᠦᠯᠡᠨ᠂ ᠬᠡᠮᠵᠢᠶ᠎ᠡ ᠲᠣᠭᠲᠠᠭᠠᠨ ᠰᠢᠯᠭᠠᠨ ᠦᠨᠡᠯᠡᠬᠦ ᠪᠠ ᠴᠢᠨᠠᠷ ᠢ ᠲᠣᠭᠲᠠᠭᠠᠨ ᠰᠢᠯᠭᠠᠨ ᠲᠣᠭᠲᠠᠭᠠᠬᠤ ᠶᠢ | ᠬᠠᠷᠢᠯᠴᠠᠨ ᠣᠶᠡᠯᠳᠣᠭᠤᠯᠬᠤ ᠠᠷᠭ᠎ᠠ ᠶᠢ ᠬᠡᠷᠡᠭᠯᠡᠨ᠂ ᠡᠯ᠎ᠡ ᠰᠤᠮᠤ ᠰᠢᠶᠠᠩ ᠪᠠᠯᠭᠠᠰᠤ ᠶᠢᠨ ᠲᠥᠷᠥᠯ ᠵᠣᠶᠢᠯ ᠤᠨ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠰᠢᠯᠭᠠᠨ ᠬᠢᠨᠠᠵᠤ᠂ ᠡᠮᠬᠢᠯᠡᠨ ᠨᠡᠶᠢᠯᠡᠭᠦᠯᠬᠦ ᠪᠡᠯᠡ | ᠮᠥᠩᠭᠦ ᠶᠢᠨ ᠣᠯᠪᠠᠰᠤ ᠵᠣᠬᠢᠬᠤ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ |