ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠬᠠᠩᠵᠧᠦ ᠶᠢᠨ ᠬᠤᠪᠢᠶᠠᠷᠢ ᠪᠠᠩᠬᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠨᠠᠮ ᠤᠨ ᠪᠠᠶᠢᠭᠤᠯᠤᠯᠲᠠ ᠶᠢᠨ ᠶᠠᠳᠠᠭᠤ ᠶᠢ ᠲᠡᠳᠬᠦᠬᠦ ᠬᠠᠨᠳᠢᠪᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/12/16
    ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠬᠠᠩᠵᠧᠦ ᠶᠢᠨ ᠬᠤᠪᠢᠶᠠᠷᠢ ᠪᠠᠩᠬᠢ     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠨᠠᠮ ᠤᠨ ᠪᠠᠶᠢᠭᠤᠯᠤᠯᠲᠠ ᠶᠢᠨ     ᠶᠠᠳᠠᠭᠤ ᠶᠢ ᠲᠡᠳᠬᠦᠬᠦ ᠬᠠᠨᠳᠢᠪᠯᠠᠬᠤ ᠠᠵᠢᠯᠯᠠᠭ᠎ᠠ ᠦᠷᠨᠢᠬᠦᠯᠪᠡ    11 ᠰᠠᠷ᠎ᠠ ᠶᠢᠨ 18 ᠤ ᠡᠳᠦᠷ᠂ ᠬᠠᠩᠵᠧᠦ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠩᠬᠢ ᠶᠢᠨ ᠳᠠᠷᠤᠭ᠎ᠠ ᠫᠢᠩ ᠫᠢᠩ᠂ ᠬᠠᠩᠵᠧᠦ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠰᠦᠩ ᠴᠢᠦ  ᠬᠠᠢ᠂ ᠬᠠᠩᠵᠧᠦ ᠶᠢᠨ ᠬᠤᠪᠢᠶᠠᠷᠢ ᠪᠠᠩᠬᠢ‌‍ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠢᠦᠶ ᠰᠢᠶᠣᠣ ᠰᠠᠨ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠳ᠋ᠠ ᠵᠢᠩ ᠲᠣᠰᠬᠤᠨ ᠪᠤᠯᠤᠨ ᠲᠡᠮᠦᠷᠲᠡᠶ ᠪᠠᠯᠭᠠᠰᠤᠨ ᠤ ᠳ᠋ᠠ ᠰᠢ ᠲᠣᠰᠬᠤᠨ ᠳᠤ ᠨᠠᠮ ᠤᠨ ᠪᠠᠶᠢᠭᠤᠯᠤᠯᠲᠠ ᠪᠠᠷ ᠶᠠᠳᠠᠭᠤ ᠶᠢ ᠳᠡᠳᠬᠦᠬᠦ ᠠᠵᠢᠯᠯᠠᠭ᠎ᠠ ᠥᠷᠨᠢᠭᠦᠯᠵᠡᠶ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠨᠢ ᠯᠦᠩ ᠬᠠᠨᠳᠢᠪᠯᠠᠬᠤ ᠶᠣᠰᠣᠯᠠᠯ ᠢ ᠡᠷᠭᠢᠯᠡᠵᠦ᠂ ᠪᠠᠶᠠᠨᠴᠠᠭᠠᠨ ᠪᠠᠯᠭᠠᠰᠤ᠂ ᠲᠡᠮᠦᠷ ᠲᠠᠢ ᠪᠠᠯᠭᠠᠰᠤ᠂ ᠳ᠋ᠠ ᠵᠢᠩ ᠲᠣᠰᠬᠤᠨ ᠵᠢᠴᠢ ᠳ᠋ᠠ ᠰᠢ ᠲᠣᠰᠬᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠠᠵᠢᠯᠯᠠᠭ᠎ᠠ ᠳᠤ ᠣᠷᠣᠯᠴᠠᠵᠠᠶ᠃
  ᠨᠢ ᠯᠦᠩ ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠬᠠᠩᠵᠧᠦ ᠶᠢᠨ ᠬᠤᠪᠢᠶᠠᠷᠢ ᠪᠠᠩᠬᠢ ᠶᠢᠨ ᠳ᠋ᠠ ᠵᠢᠩ ᠲᠣᠰᠬ ᠤᠨ ᠪᠣᠯᠤᠨ ᠳ᠋ᠠ ᠰᠢ ᠲᠣᠰᠬᠤᠨ ᠳᠤ ᠲᠤᠰᠠᠯᠠᠨ ᠲᠡᠳᠬᠦᠬᠦ ᠠᠵᠢᠯ ᠥᠷᠨᠢᠭᠦᠯᠬᠦ ᠶᠢ ᠤᠭᠲᠤᠵᠤ ᠪᠠᠶᠢᠬᠤ ᠪᠠ ᠲᠠᠯᠠᠷᠬᠠᠵᠤ ᠪᠠᠶᠢᠨ᠎ᠠ᠃ ᠬᠤᠷᠠᠯ ᠳᠡᠭᠡᠷ᠎ᠡ ᠳ᠋ᠡ ᠵᠢᠩ ᠲᠣᠰᠬᠤᠨ᠂ ᠳ᠋ᠠ ᠰᠢ ᠲᠣᠰᠬᠤᠨ ᠤ ᠬᠠᠷᠢᠭᠤᠴᠠᠯᠭᠠᠲᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠪᠡ᠃ ᠨᠢ ᠯᠦᠩ ᠬᠤᠶᠠᠷ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠣᠯᠤᠭᠰᠠᠨ ᠠᠮᠵᠢᠯᠳᠠ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠶᠠᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠪᠲᠤᠯᠤᠯᠲᠠ ᠶᠢᠨ ᠱᠠᠲᠤᠨ ᠳᠤ ᠣᠷᠣᠰᠢᠵᠤ ᠪᠠᠶᠢᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠲᠤᠭ᠎ᠠ ᠪᠠᠷᠢᠮᠲᠠ ᠶᠢ ᠨᠠᠷᠢᠯᠢᠭ ᠤᠨᠤᠪᠴᠢᠲᠠᠢ ᠪᠠᠷ ᠢᠯᠭᠠᠨ ᠳᠣᠲᠣᠯᠠᠵᠤ᠂ ᠨᠠᠷᠢᠨ ᠨᠢᠮᠪᠠᠶ ᠰᠤᠳᠤᠯᠤᠨ ᠮᠠᠭᠠᠳᠯᠠᠵᠤ᠂ ︽ᠨᠢᠭᠡ ᠳᠤ ᠪᠠᠷᠢᠮᠵᠢᠶ᠎ᠠ ᠳᠤ ᠬᠦᠷᠭᠡᠬᠦ᠂ ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ ᠶᠠᠳᠠᠭᠤ ᠬᠦᠴᠢᠷᠳᠡᠯ ᠤᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠬᠠᠨᠳᠢᠪᠯᠠᠨ ᠬᠦᠷᠭᠡᠭᠰᠡᠨ ᠪᠡᠯᠡ ᠮᠥᠩᠭᠦ ᠶᠢ ᠠᠮᠢᠳᠤᠯᠢᠭ ᠢᠶᠠᠷ ᠬᠡᠷᠡᠭᠯᠡᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠲᠠᠭᠤᠳᠠᠯ ᠢ ᠨᠥᠬᠦᠪᠥᠷᠢᠯᠡᠬᠦ ᠶᠢᠨ ᠵᠢᠯ ᠲᠠᠢ ᠤᠶᠠᠯᠳᠤᠭᠤᠯᠤᠨ᠂ ᠵᠣᠭᠤᠰ ᠢᠶᠠᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠡᠷᠡᠭᠯᠡᠵᠤ᠂ ᠬᠠᠮᠤᠭ ᠤᠨ ᠬᠡᠷᠡᠭᠴᠡᠭᠡ ᠲᠠᠢ ᠬᠥᠮᠦᠨ ᠳᠤ ᠬᠡᠷᠡᠭᠯᠡᠵᠦ᠂ ᠭᠤᠶᠢᠳᠠ ᠰᠠᠶᠢᠬᠠᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠲᠣᠰᠬᠤᠨ ᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠪᠠᠷ ᠲᠦᠰᠢᠭ ᠪᠣᠯᠭᠠᠵᠤ᠂ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ ᠶᠢ ᠬᠦᠢᠴᠡᠳ ᠠᠭᠤᠳᠠᠯᠵᠤ᠂ ᠤᠷᠢᠳᠴᠢᠯᠠᠨ ᠲᠥᠯᠥᠪᠯᠡᠵᠦ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠶ ᠪᠠᠳᠤᠯᠠᠭ᠎ᠠ ᠬᠠᠩᠭᠠᠨ᠎ᠠ᠃
  ᠨᠢ ᠯᠦᠩ ᠴᠢᠬᠤᠯᠠᠴᠢᠯᠠᠭᠰᠠᠨ ᠨᠢ᠂ 2020 ᠤᠨ ᠤ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠤᠶᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠴᠢᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠠᠳᠠᠭᠤ ᠶᠢ ᠲᠡᠳᠬᠦᠬᠦ ᠠᠵᠢᠯ ᠤᠨ ᠶᠡᠷᠦᠩᠬᠡᠶ ᠲᠣᠬᠢᠷᠠᠭᠤᠯᠤᠯᠲᠠ ᠶᠤᠰᠤᠭᠠᠷ ᠬᠠᠮᠢᠶᠠᠷᠤᠯᠲᠠ ᠪᠠᠨ ᠴᠢᠩᠬᠠᠳᠬᠠᠵᠠᠶ᠃ ᠴᠢᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠣᠯᠤᠨ ᠵᠥᠪᠯᠡᠯᠴᠡᠭᠡᠷ ᠲᠣᠭᠲᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ︽ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠡᠷᠭᠡᠶᠢᠯᠡᠨ ᠬᠠᠮᠠᠭᠠᠯᠠᠬᠤ︾ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠲᠡᠶ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ︽ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠬᠠᠭᠤᠯᠭ᠎ᠠ ᠶᠢᠨ ᠭᠠᠷ ᠳᠡᠪᠲᠡᠷ︾ ᠤᠨ ᠤᠬᠠᠭᠤᠯᠬᠤ ᠤᠶᠢᠯᠡᠳᠤᠯ ᠢ ᠬᠦᠢᠴᠡᠳ ᠰᠠᠶᠢᠲᠤᠷ ᠠᠰᠢᠭᠯᠠᠨ᠎ᠠ᠃ ︽ᠴᠢᠰᠤ ᠶᠡᠭᠦᠯᠡᠬᠦ︾ ᠶᠢ ︽ᠴᠢᠰᠤ ᠤᠶᠢᠯᠡᠳᠬᠦ︾ ᠳᠠᠰᠢ ᠬᠤᠪᠢᠷᠠᠭᠤᠯᠬᠤ ᠶᠢ ᠬᠦᠴᠦᠲᠡᠶ ᠠᠳᠬᠤᠵᠤ᠂ ᠠᠵᠤ ᠤᠶᠢᠯᠡᠰ᠂ ᠬᠡᠷᠡᠭᠯᠡᠭᠡ᠂ ᠡᠷᠡᠭᠦᠯ ᠮᠡᠨᠳᠦ᠂ ᠬᠥᠮᠦᠵᠢᠯ ᠪᠣᠯᠪᠠᠰᠤᠷᠠᠭᠤᠯᠤᠯ ᠵᠡᠷᠭᠡ ᠬᠦᠷᠢᠶ᠎ᠡ ᠴᠠᠷᠠᠭ᠎ᠠ ᠶᠢᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃
  ᠲᠤᠰ ᠤᠳᠠᠭᠠᠨ ᠤ ᠨᠠᠮ ᠤᠨ ᠪᠠᠶᠢᠭᠤᠯᠤᠯᠲᠠ ᠶᠢᠨ ᠶᠠᠳᠠᠭᠤ ᠶᠢ ᠲᠡᠳᠬᠦᠬᠦ ᠠᠵᠢᠯᠯᠠᠭ᠎ᠠ ᠳ᠋ᠠ ᠵᠢᠩ ᠲᠣᠰᠬᠤᠨ ᠪᠤᠯᠤᠨ ᠳ᠋ᠠ ᠰᠢ ᠲᠣᠰᠬᠤᠨ ᠳᠤ ᠲᠤᠰ ᠲᠤᠰ 10 ᠲᠦᠮᠡᠨ ᠲᠥᠭᠦᠷᠢᠭ ᠬᠠᠨᠳᠢᠪᠯᠠᠵᠤ ᠡᠨᠡ ᠬᠤᠶᠠᠷ ᠵᠣᠭᠤᠰ ᠢ ᠳ᠋ᠠ ᠰᠢ ᠼᠦᠨ ᠲᠣᠰᠬᠤᠨ ᠪᠣᠯᠤᠨ ᠳ᠋ᠠ ᠵᠢᠩ ᠲᠣᠰᠬᠤᠨ ᠤ ᠨᠠᠮ ᠣᠯᠠᠨ ᠲᠦᠮᠡᠨ ᠤ ᠤᠶᠢᠯᠡᠴᠢᠯᠡᠬᠡᠨ ᠤ ᠲᠥᠪ ᠤᠨ ᠪᠠᠶᠢᠭᠤᠯᠤᠯᠲᠠ ᠳᠤ ᠬᠡᠷᠡᠭᠯᠡᠨ᠎ᠡ᠃ ᠨᠠᠮ ᠪᠠ ᠣᠯᠠᠨ ᠲᠦᠮᠡᠨ ᠤ ᠤᠶᠢᠯᠡᠴᠢᠯᠡᠬᠡᠨ ᠤ ᠲᠢᠩᠬᠢᠮ᠂ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠬᠥᠮᠦᠵᠢᠯ ᠪᠣᠯᠪᠠᠰᠤᠷᠠᠭᠤᠯᠤᠯ ᠤᠨ ᠲᠠᠰᠤᠭ᠂ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠠᠰᠤᠭ᠂ ᠶᠠᠳᠠᠭᠤ ᠠᠴᠠ ᠠᠩᠭᠢᠵᠢᠷ ᠠᠭᠤᠯᠬᠤ ᠪᠣᠭᠤᠮᠲᠠ ᠰᠢᠪᠲᠤᠯᠬᠤ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠠᠵᠢᠯᠯᠠᠬᠤ ᠲᠠᠰᠤᠭ᠂  ᠠᠷᠠᠳ ᠤᠨ ᠪᠠᠶᠢᠳᠠᠯ ᠢ ᠶᠠᠷᠢᠯᠴᠠᠬᠤ ᠲᠠᠰᠤᠭ᠂ ᠠᠷᠠᠳ ᠲᠤ ᠲᠥᠬᠦᠮ ᠦᠵᠡᠭᠦᠯᠬᠦ  ᠤᠶᠢᠯᠡᠴᠢᠯᠡᠬᠡᠨ ᠤ ᠲᠥᠪ ᠤᠨ ᠴᠢᠳᠠᠮᠵᠢᠳᠤ ᠣᠷᠣᠨ ᠵᠡᠷᠭᠡ ᠪᠡᠯᠡᠳᠬᠡᠮᠵᠢ ᠶᠢ ᠪᠠᠶᠢᠭᠤᠯᠬᠤ ᠳᠤ ᠪᠣᠳᠠᠲᠠᠶ ᠬᠡᠷᠡᠭᠯᠡᠨ᠎ᠡ᠃                                                 ᠵᠣᠬᠢᠶᠠᠭᠴᠢ᠄ ᠵᠣᠣ ᠵᠢᠶᠧ                                                 ᠣᠷᠴᠢᠭᠤᠯᠣᠭᠴᠢ᠄  ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号