ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2021 ᠣᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠣᠶᠢᠯ ᠢ ᠭᠤᠶᠤᠴᠢᠯᠠᠨ ᠮᠡᠳᠡᠭᠦᠯᠬᠦ ᠠᠬᠢᠭᠤᠯᠬᠤ ᠬᠤᠷᠠᠯ ᠵᠢᠴᠢ ᠶᠠᠳᠠᠭᠤ ᠶᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠣᠪᠡ
ᠨᠡᠶᠢᠲᠡᠯᠡᠭᠰᠡᠨ ᠴᠠᠭ᠄
2020/12/17
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2021 ᠣᠨ ᠤ ᠪᠡᠭᠡᠵᠢᠩ      ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠣᠶᠢᠯ ᠢ      ᠭᠤᠶᠤᠴᠢᠯᠠᠨ ᠮᠡᠳᠡᠭᠦᠯᠬᠦ ᠠᠬᠢᠭᠤᠯᠬᠤ ᠬᠤᠷᠠᠯ ᠵᠢᠴᠢ ᠶᠠᠳᠠᠭᠤ ᠶᠢ ᠲᠡᠳᠬᠦᠬᠦ ᠠᠵᠢᠯ ᠤᠨ      ᠶᠠᠷᠢᠯᠴᠠᠬᠤ ᠬᠤᠷᠠᠯ ᠬᠤᠷᠠᠯᠳᠣᠪᠡ      12 ᠰᠠᠷ᠎ᠠ ᠶᠢᠨ 9 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2021 ᠣᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠣᠶᠢᠯ ᠢ ᠭᠤᠶᠤᠴᠢᠯᠠᠨ ᠮᠡᠳᠡᠭᠦᠯᠬᠦ ᠠᠬᠢᠭᠤᠯᠬᠤ ᠬᠤᠷᠠᠯ ᠵᠢᠴᠢ ᠶᠠᠳᠠᠭᠤ ᠶᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠨᠠᠮ ᠵᠠᠰᠠᠭ ᠤᠨ ᠲᠣᠮᠣ ᠠᠰᠠᠷ ᠤᠨ ᠬᠤᠶᠠᠳᠣᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠽᠧᠩ ᠾᠧ ᠬᠤᠷᠠᠯ ᠳᠤ ᠣᠷᠣᠯᠴᠠᠵᠤ᠂ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ  ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ᠡᠩ ᠲᠡᠷᠢᠭᠦᠨ ᠳᠤ 2021 ᠣᠨ ᠤ ᠪᠡᠭᠡᠵᠢᠩ ᠬᠤᠳᠠ ᠶᠢᠨ ᠲᠤᠰᠠᠯᠠᠮᠵᠢ ᠬᠦᠷᠳᠡᠬᠦ ᠭᠠᠵᠠᠷ ᠣᠷᠣᠨ ᠤ ᠤᠶᠤᠨ ᠤ ᠲᠤᠰᠠᠯᠠᠮᠵᠢ ᠶᠢᠨ ᠲᠦᠷᠦᠯ ᠵᠦᠢᠯ ᠤᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠨᠢ ᠬᠤᠷᠠᠯ ᠳᠤ ᠣᠷᠣᠯᠴᠠᠬᠤ ᠲᠥᠷᠥᠯ ᠵᠦᠢᠯ ᠤᠨ ᠠᠵᠢᠯ ᠤᠨ ᠭᠤᠣᠯᠳᠠᠯᠭ᠎ᠠ ᠶᠢ ᠪᠦᠬᠦ ᠲᠠᠯ᠎ᠠ ᠪᠠᠷ ᠪᠣᠰᠣᠣᠨᠴᠢ ᠣᠨᠣᠪᠴᠢᠲᠠᠶ ᠵᠠᠳᠠᠯᠵᠤ᠂ 2021 ᠣᠨ ᠨᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠭᠰᠠᠨ ᠤ ᠬᠤᠪᠢ ᠳᠤ᠂ ᠬᠠᠮᠢᠶ᠎ᠠ ᠪᠦᠬᠦᠢ ᠨᠢᠭᠡᠴᠡ ᠨᠢ ᠲᠤᠰᠠᠯᠠᠮᠵᠢ ᠬᠦᠷᠲᠡᠭᠰᠡᠨ ᠭᠠᠵᠠᠷ ᠣᠷᠣᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ 2021 ᠣᠨ ᠤ ᠪᠡᠭᠡᠵᠢᠩ ᠬᠤᠳᠠ ᠶᠢᠨ ᠲᠤᠰᠠᠯᠠᠮᠵᠢ ᠬᠦᠷᠳᠡᠬᠦ ᠭᠠᠵᠠᠷ ᠣᠷᠣᠨ ᠤ ᠤᠶᠤᠨ ᠤ ᠲᠤᠰᠠᠯᠠᠮᠵᠢ ᠶᠢᠨ ᠲᠦᠷᠦᠯ ᠵᠦᠢᠯ ᠤᠨ ᠲᠥᠯᠥᠪᠯᠡᠭᠡ ᠶᠢ ᠳᠤᠷᠠᠳᠴᠠᠢ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠬᠤᠷᠠᠯ ᠳᠡᠭᠡᠷ᠎ᠡ᠂ ᠸᠠᠩ ᠽᠧᠩ ᠾᠧ ᠴᠢᠬᠤᠯᠠᠴᠢᠯᠠᠭᠰᠠᠨ ᠨᠢ᠂ ᠲᠥᠷᠥᠯ ᠵᠣᠶᠢᠯ ᠢ ᠮᠡᠳᠡᠭᠦᠯᠬᠦ ᠶᠠᠪᠤᠴᠠ ᠳᠤ ᠨᠠᠷᠢᠨ ᠨᠢᠮᠪᠠᠶ ᠮᠡᠳᠡᠭᠦᠯᠬᠦ ᠬᠡᠷᠡᠭᠲᠡᠶ᠃ ᠪᠦᠬᠦ᠋ᠢᠯᠡ ᠶᠠᠪᠤᠴᠠ ᠶᠢ ᠴᠢᠩᠭ᠎ᠠ ᠠᠳᠬᠤᠵᠤ᠂ ᠠᠰᠢᠭ ᠬᠦᠷᠲᠡᠬᠦ ᠲᠣᠰᠬᠤᠨ ᠪᠠ ᠠᠰᠢᠭ ᠬᠦᠷᠲᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠨᠢᠭᠡᠪᠦᠷᠢ ᠳᠤ ᠬᠦᠷᠲᠡᠯ᠎ᠡ ᠨᠠᠷᠢᠯᠢᠭᠵᠢᠭᠤᠯᠤᠨ ᠨᠡᠶᠢᠳᠠᠪᠣᠷᠢᠵᠢᠭᠤᠯᠬᠤ᠂ ᠳᠠᠩᠰᠠ ᠡᠪᠬᠡᠮᠡᠯ ᠪᠠᠶᠢᠭᠤᠯᠤᠨ ᠺᠠᠷᠲ ᠬᠢᠵᠦ ᠠᠵᠢᠯ ᠣᠯᠤᠭᠰᠠᠨ ᠬᠦᠮᠣᠰ ᠢ ᠰᠢᠩᠭᠡᠭᠡᠨ ᠠᠪᠴᠤ᠂ ᠬᠠᠮᠢᠶ᠎ᠠ ᠪᠦᠬᠦᠢ ᠲᠥᠷᠥᠯ ᠵᠣᠶᠢᠯ ᠢ ᠬᠡᠷᠡᠭᠵᠢᠭᠦᠯᠬᠦ ᠨᠢᠭᠡᠴᠡ ᠶᠢᠨ ᠬᠠᠷᠢᠭᠤᠴᠠᠯᠭ᠎ᠠ ᠶᠢᠨ ᠬᠠᠷᠢᠶᠠᠯᠠᠯ ᠢ ᠵᠣᠯᠭᠠᠭᠤᠯᠣᠨ ᠬᠢᠨᠠᠯᠲᠠ ᠲᠠᠯᠪᠢᠵᠤ᠂ ᠲᠥᠷᠥᠯ ᠵᠣᠶᠢᠯ ᠢ ᠲᠥᠯᠥᠪᠯᠡᠭᠡ ᠶᠣᠰᠣᠭᠠᠷ ᠲᠦᠷᠭᠡᠨ ᠪᠥᠭᠡᠳ ᠪᠦᠲᠦᠮᠵᠢᠲᠡᠶ  ᠪᠡᠶᠡᠯᠡᠭᠦᠯᠬᠦ ᠶᠢ ᠠᠬᠢᠭᠤᠯᠤᠨ᠎ᠠ᠃    ᠬᠠᠮᠤᠭ ᠰᠡᠭᠦᠯ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠬᠠᠮᠢᠶ᠎ᠠ ᠪᠦᠬᠦᠢ ᠠᠵᠢᠯ ᠤᠨ ᠥᠷᠨᠢᠭᠦᠯᠦᠭᠰᠡᠨ ᠪᠠᠶᠢᠳᠠᠯ ᠪᠣᠯᠤᠨ ᠱᠠᠭᠠᠷᠳᠠᠯᠭ᠎ᠠ ᠶᠢ ᠳ᠋ᠦᠩᠨᠡᠨ ᠵᠠᠳᠠᠯᠣᠭᠰᠡᠨ ᠤ ᠳᠠᠷᠠᠭ᠎ᠠ᠂ ᠢᠷᠡᠭᠡᠳᠦᠢ ᠶᠢᠨ ᠬᠠᠮᠢᠶ᠎ᠠ ᠪᠦᠬᠦᠢ ᠠᠵᠢᠯ ᠤᠨ ᠭᠤᠣᠯᠳᠠᠯᠭ᠎ᠠ ᠪᠣᠯᠤᠨ ᠠᠭᠤᠯᠭ᠎ᠠ ᠶᠢ ᠲᠣᠳᠣᠷᠬᠠᠶᠢᠯᠡᠪᠡ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠨᠢᠭᠡᠴᠡ ᠨᠦᠭᠦᠳ ᠶᠠᠳᠠᠭᠤ ᠶᠢ ᠲᠡᠳᠬᠦᠬᠦ ᠲᠥᠷᠥᠯ ᠵᠣᠶᠢᠯ ᠤᠨ ᠲᠦᠯᠣᠪᠵᠢᠭᠦᠯᠭᠡ ᠶᠢ ᠵᠠᠯᠭᠠᠭ᠎ᠠ ᠪᠠᠷ ᠳᠤᠷᠠᠳᠤᠨ ᠭᠠᠷᠭᠠᠪᠠ᠃     ᠸᠠᠩ ᠽᠧᠩ ᠾᠧ᠂ ᠪᠢᠳᠡ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠯ᠎ᠡ ᠵᠣᠶᠢᠯ ᠤᠨ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠡᠢ᠃ ᠬᠠᠮᠢᠶ᠎ᠠ ᠪᠦᠬᠦᠢ ᠡᠯ᠎ᠡ ᠵᠣᠶᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠬᠤᠷᠠᠯ ᠤᠨ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃                                                  ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号