︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠬᠠᠮᠢᠶᠠᠷᠣᠯᠳᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/17
     ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ      ᠬᠥᠭᠵᠢᠯᠲᠡ ᠶᠢᠨ ᠬᠠᠮᠢᠶᠠᠷᠣᠯᠳᠠ ᠶᠢᠨ ᠠᠷᠭ᠎ᠠ︾ ᠶᠢᠨ ᠲᠠᠶᠢᠯᠤᠮᠵᠢ     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2020 ᠣᠨ‌‍ᠤ 8 ᠰᠠᠷ᠎ᠠ ᠶᠢᠨ 31 ᠤ ᠡᠳᠦᠷ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠯ᠎ᠠ ᠨᠤᠲᠤᠭ ᠤᠨ ᠵᠤᠭᠠᠴᠠᠯ ᠤᠨ ᠬᠥᠭᠵᠢᠯᠲᠡ ᠶᠢᠨ ᠬᠠᠮᠢᠶᠠᠷᠣᠯᠳᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ᠃    ᠨᠢᠭᠡ᠂ ︽ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ᠂ ᠶᠠᠪᠤᠴᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ  ᠲᠠᠢ ᠤᠶᠠᠯᠳᠤᠭᠤᠯᠤᠨ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠩ ᠲᠣᠪᠣᠶᠢᠮ᠎ᠡ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠠᠯ᠎ᠠ ᠨᠤᠲᠤᠭ ᠤᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ‌‍ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢ ᠬᠠᠷᠢᠯᠴᠠᠨ ᠤᠶᠠᠯᠳᠤᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠬᠠᠯᠠᠮᠰᠢᠯ ᠣᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃    ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ    ᠲᠠᠯ᠎ᠠ ᠨᠤᠲᠤᠭ ᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ  ᠵᠢᠷᠣᠮᠵᠢᠭᠤᠯᠬᠤ ᠶᠢᠨ ᠲᠥᠯᠥᠭᠡ᠂ ᠲᠠᠯ᠎ᠠ ᠨᠤᠲᠤᠭ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ᠂ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠵᠤ᠂ ᠴᠢᠨᠠᠷ ᠰᠠᠶᠢᠲᠠᠶ ᠬᠥᠭᠵᠢᠭᠦᠯᠬᠦ︾ ᠵᠠᠷᠴᠢᠮ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠦ ᠪᠡᠶᠢᠳᠡᠯ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠭᠤᠷᠪᠠ᠂ ︽ᠠᠷᠭ᠎ᠠ︾ ᠶᠢᠨ ᠭᠤᠤᠯ ᠠᠭᠤᠯᠭ᠎ᠠ    ︽ᠠᠷᠭ᠎ᠠ︾ ᠳᠤ ᠨᠡᠶᠢᠲᠡ ᠲᠠᠪᠤᠨ ᠵᠣᠶᠢᠯ ᠤᠨ ᠠᠭᠤᠯᠭ᠎ᠠ ᠪᠣᠶ᠂ ᠡᠭᠦᠨ ᠳᠤ ᠭᠤᠤᠯᠳᠠᠭᠤ ᠶᠡᠷᠦᠩᠬᠡᠶ ᠲᠦᠷᠢᠮ᠂ ᠪᠦᠳᠣᠭᠡᠨ ᠪᠠᠶᠢᠭᠤᠯᠤᠯᠲᠠ ᠶᠢᠨ ᠵᠢᠷᠤᠮᠵᠢᠯ᠂ ᠡᠵᠡᠩᠨᠡᠯᠲᠡ ᠶᠢᠨ ᠵᠢᠷᠤᠮᠵᠢᠯ᠂ ᠬᠢᠨᠠᠯᠲᠠ ᠬᠠᠮᠢᠶᠠᠷᠤᠯᠲᠠ ᠶᠢᠨ ᠲᠦᠷᠢᠮ᠂ ᠳᠠᠭᠠᠯᠳᠤᠭᠤᠯᠤᠭᠰᠠᠨ ᠲᠦᠷᠢᠮ ᠪᠠᠭᠲᠠᠨ᠎ᠠ᠃ ᠵᠣᠷᠢᠯᠭ᠎ᠠ ᠨᠢ ᠲᠠᠯ᠎ᠠ ᠨᠤᠲᠤᠭ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠳᠣᠮᠵᠢᠳᠡᠢ ᠲᠣᠭᠲᠠᠴᠠ ᠶᠢ ᠪᠠᠶᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠬᠠᠮᠢᠶᠠᠷᠤᠯᠲᠠ ᠶᠢ  ᠵᠢᠷᠣᠮᠵᠢᠭᠤᠯᠬᠤ ᠶᠢᠨ ᠲᠥᠯᠥᠭᠡ ᠶᠤᠮ᠃     1. ᠶᠡᠷᠦᠩᠬᠡᠶ ᠳᠦᠷᠢᠮ   ︽ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ᠂ ᠦᠨᠳᠦᠰᠦᠯᠡᠯ᠂ ᠬᠡᠷᠡᠭᠯᠡᠬᠦ ᠬᠡᠪᠴᠢᠶ᠎ᠡ᠃ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠣᠯ ᠮᠠᠨ ᠤ ᠬᠤᠰᠢᠭᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠣᠯᠳᠠ ᠶᠢᠨ ᠪᠤᠰᠤᠳᠴᠢ ᠬᠡᠷᠡᠭᠴᠡᠭᠡ᠂ ᠲᠠᠯ᠎ᠠ ᠨᠤᠲᠤᠭ ᠤᠨ ᠵᠢᠭᠤᠯᠴᠢᠯᠠᠯ ᠢ ᠬᠥᠭᠵᠢᠭᠦᠯᠬᠦ ᠨᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠢᠯ ᠣᠯᠭᠤᠯᠲᠠ ᠶᠢ ᠥᠷᠭᠡᠳᠬᠡᠬᠦ᠂ ᠶᠠᠳᠠᠭᠤ ᠠᠴᠠ ᠠᠩᠭᠢᠵᠢᠷᠠᠨ ᠪᠠᠶᠠᠵᠢᠬᠤ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠢ ᠰᠢᠭᠤᠶ ᠨᠤᠲᠤᠭ  ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ︵ᠡᠷᠦᠬᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠨᠤᠲᠤᠭ ᠪᠡᠯᠴᠢᠭᠡᠷ ᠤᠨ ᠵᠢᠭᠤᠯᠴᠢᠯᠠᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠬᠤᠯᠪᠣᠭᠳᠠᠯ ᠪᠦᠬᠦᠢ ᠲᠣᠭᠲᠠᠭᠠᠯ ᠤᠨ ᠳᠡᠰ ᠳᠠᠷᠠᠭᠠᠯᠠᠯ ᠤᠨ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠵᠦ᠂ ᠬᠠᠮᠲᠤᠷᠠᠨ ᠰᠢᠯᠭᠠᠨ ᠠᠪᠬᠤ ᠳᠦᠷᠢᠮ  ᠢ ᠬᠡᠷᠡᠭᠵᠢᠭᠦᠯᠬᠦ ᠬᠡᠷᠡᠭᠲᠡᠶ᠃     2. ᠪᠦᠲᠦᠭᠡᠨ ᠪᠠᠶᠢᠭᠤᠯᠤᠯᠲᠠ ᠶᠢᠨ ᠵᠢᠷᠤᠮᠵᠢᠯ   ᠨᠤᠲᠤᠭ ᠪᠡᠯᠴᠢᠭᠡᠷ ᠤᠨ ᠵᠢᠭᠤᠯᠴᠢᠯᠠᠯ ᠤᠨ ᠡᠵᠡᠩᠨᠡᠯᠲᠡ ᠶᠢᠨ ᠡᠷᠦᠬᠡ ︵ᠨᠢᠭᠡᠴᠡ︶ ᠶᠢᠨ ᠪᠦᠷᠢᠯᠳᠦᠭᠦᠯᠪᠡᠰᠦ  ᠵᠣᠬᠢᠬᠤ ᠦᠨᠳᠦᠰᠦᠨ ᠵᠣᠶᠢᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠤᠲᠤᠭ ᠪᠡᠯᠴᠢᠭᠡᠷ ᠤᠨ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠶ ᠲᠥᠯᠥᠪᠵᠢᠭᠦᠯᠭᠡ ᠳᠤ ᠨᠡᠶᠢᠴᠡᠨ᠎ᠡ᠃ ᠡᠵᠡᠩᠨᠡᠯᠲᠡ ᠶᠢᠨ ᠭᠠᠵᠠᠷ ᠤᠨ ᠬᠡᠪᠴᠢᠶ᠎ᠡ ᠨᠢ 5 ᠣᠷᠣᠢ ᠠᠴᠠ ᠳᠡᠭᠡᠭᠰᠢᠬᠢ ᠠᠮᠢ ᠠᠬᠤᠢ ᠶᠢᠨ ᠰᠠᠭᠤᠷᠢ ᠮᠣᠩᠭᠤᠯ ᠭᠡᠷ ᠢ ᠱᠠᠭᠠᠷᠳᠠᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠦᠨᠳᠦᠰᠦᠲᠡᠨ ᠤ ᠰᠣᠶᠣᠯ ᠤᠨ ᠭᠦᠨ ᠵᠤᠵᠠᠭᠠᠨ ᠣᠨᠴᠠᠯᠢᠭ ᠲᠠᠢ ᠪᠠᠶᠢᠬᠤ ᠬᠡᠷᠡᠭᠲᠡᠢ᠃ ᠨᠤᠲᠤᠭ ᠪᠡᠯᠴᠢᠭᠡᠷ ᠤᠨ ᠵᠢᠭᠤᠯᠴᠢᠯᠠᠯ ᠢ ᠡᠵᠡᠩᠨᠡᠬᠦ ᠳᠤ ᠵᠣᠬᠢᠬᠤ ᠲᠠᠯᠠᠪᠠᠢ ᠲᠠᠢ ᠪᠠᠶᠢᠭᠠᠯᠢ ᠶᠢᠨ ᠪᠡᠯᠴᠢᠭᠡᠷ ᠪᠡᠶᠢᠬᠤ ᠬᠡᠷᠡᠭᠲᠡᠶ᠃ ᠬᠠᠳᠤᠯᠠᠩ ᠪᠡᠯᠴᠢᠭᠡᠷ ᠢ ᠲᠦᠷᠢᠶᠡᠰᠦᠯᠡᠬᠦ ᠳᠤ ᠡᠷᠬᠡᠪᠰᠢ ᠲᠦᠷᠢᠶᠡᠰᠦᠯᠡᠨ ᠬᠡᠷᠡᠭᠯᠡᠬᠦ ᠭᠡᠷ᠎ᠡ ᠪᠡᠶᠢᠬᠤ ᠬᠡᠷᠡᠭᠲᠡᠶ᠃ ᠬᠠᠮᠲᠤ ᠶᠢᠨ ᠪᠡᠯᠴᠢᠭᠡᠷ ᠬᠡᠷᠡᠭᠯᠡᠭᠰᠡᠨ ᠨᠤᠲᠤᠭ ᠪᠡᠯᠴᠢᠭᠡᠷ ᠤᠨ ᠪᠤᠶ ᠪᠦᠬᠦᠢ ᠰᠤᠮᠤ ᠪᠤᠶᠤ ᠭᠠᠴᠠᠭ᠎ᠠ ᠲᠣᠰᠬᠤᠨ ᠲᠠᠢ ᠬᠠᠮᠲᠤ ᠶᠢᠨ ᠭᠠᠵᠠᠷ ᠰᠢᠷᠣᠶ ᠶᠢ ᠬᠡᠷᠡᠭᠯᠡᠬᠦ ᠭᠡᠷ᠎ᠡ ᠲᠣᠭᠲᠠᠵᠤ᠂ ᠬᠠᠮᠲᠤ ᠶᠢᠨ ᠭᠠᠵᠠᠷ ᠰᠢᠷᠣᠶ ᠶᠢᠨ 2 ᠵᠢᠯ ᠤᠨ ᠨᠥᠬᠦᠪᠥᠷᠢ ᠮᠥᠩᠭᠦ ᠲᠤᠰᠢᠶᠠᠬᠤ ᠬᠡᠷᠡᠭᠲᠡᠶ᠃ ᠢᠳᠡᠭᠡᠨ ᠤᠮᠳᠠᠭᠠᠨ ᠤ ᠦᠢᠯᠡᠴᠢᠯᠡᠭᠡᠨ ᠢ ᠡᠵᠡᠩᠨᠡᠬᠦ ᠳᠤ ᠡᠷᠬᠡᠪᠰᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶ᠋ᠬᠤ ᠬᠡᠷᠡᠭᠲᠡᠶ᠃     3. ᠡᠵᠡᠩᠨᠡᠯᠲᠡ ᠶᠢᠨ ᠵᠢᠷᠤᠮᠵᠢᠯ   ᠨᠤᠲᠤᠭ ᠪᠡᠯᠴᠢᠭᠡᠷ ᠤᠨ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ︵ᠡᠷᠦᠬᠡ︶ ᠶᠢᠨ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ᠂ ᠠᠮᠤᠷ ᠲᠦᠪᠰᠢᠨ ᠤ ᠪᠡᠯᠡᠳᠬᠡᠮᠵᠢ ᠵᠢᠴᠢ ᠬᠤᠭᠤᠯᠠ ᠢᠳᠡᠬᠦ ᠣᠷᠴᠢᠨ ᠲᠣᠭᠤᠷᠢᠨ᠂ ᠬᠤᠭ ᠨᠣᠪᠰᠢ ᠰᠢᠢᠳᠪᠣᠷᠢᠯᠡᠬᠦ᠂ ᠪᠣᠬᠢᠷ ᠤᠰᠤ ᠪᠣᠯᠤᠨ ᠲᠣᠰᠣᠨ ᠤᠲᠤᠭ᠎ᠠ ᠭᠠᠳᠠᠭᠰᠢᠯᠠᠭᠤᠯᠬᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠪᠣᠯᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠰᠤᠨ ᠤ ᠡᠬᠢ ᠰᠤᠷᠪᠤᠯᠵᠢ ᠶᠢ ᠤᠯᠤᠰ ᠤᠨ ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠳᠡᠢ᠃ ᠡᠵᠡᠩᠨᠡᠭᠴᠢ ᠵᠣᠬᠢᠬᠤ ᠬᠡᠮᠵᠢᠶᠡᠨ ᠤ ᠵᠢᠭᠤᠯᠴᠢᠯᠠᠯ ᠤᠨ ᠬᠦᠯᠢᠶᠡᠨ ᠵᠣᠴᠢᠯᠠᠬᠤ ᠶᠡᠷᠦ ᠶᠢᠨ ᠮᠡᠳᠡᠯᠭᠡ ᠪᠠ ᠦᠢᠯᠡᠴᠢᠯᠡᠭᠡᠨ  ᠤ ᠤᠷ᠎ᠠ ᠴᠢᠳᠠᠪᠤᠷᠢ ᠲᠠᠢ ᠪᠡᠶᠢᠬᠤ ᠬᠡᠷᠡᠭᠲᠡᠶ᠂ ᠦᠨᠳᠦᠰᠦᠲᠡᠨ ᠤ ᠵᠠᠩ ᠦᠢᠯᠡ ᠶᠢᠨ ᠶᠣᠰᠣ ᠵᠢᠷᠤᠮ ᠢ ᠰᠠᠶᠢᠨ ᠮᠡᠳᠡᠵᠦ᠂ ᠠᠵᠢᠯᠲᠠᠨ ᠡᠷᠬᠡᠪᠰᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠬᠡᠷᠡᠭᠲᠡᠶ᠃ ᠬᠦᠴᠦᠨ ᠲᠡᠭᠦᠯᠳᠡᠷ ᠬᠢᠷᠢ ᠲᠡᠩᠴᠡᠭᠰᠡᠨ ᠭᠡᠷᠡᠴᠢ ᠣᠯᠪᠠᠯ ᠰᠠᠶ᠋ᠢ ᠠᠵᠢᠯ ᠤᠨ ᠪᠠᠶᠢᠷᠢ ᠳᠤ ᠭᠠᠷᠴᠤ ᠪᠣᠯᠤᠨ᠎ᠠ᠃ ᠪᠠᠶᠢᠷᠢ ᠳᠤ ᠰᠠᠭᠤᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠣᠰᠣᠭᠠᠷ ᠦᠨᠡᠨ ᠨᠡᠷ᠎ᠡ ᠶᠢᠨ ᠳᠦᠷᠢᠮ ᠤᠨ ᠳᠠᠩᠰᠠᠯᠠᠯ ᠢ ᠬᠡᠷᠡᠭᠵᠢᠭᠦᠯᠬᠦ ᠬᠡᠷᠡᠭᠲᠡᠶ᠃    ︽ᠮᠣᠷᠢ ᠤᠨᠤᠬᠤ᠂ ᠲᠡᠮᠡᠭᠡ ᠤᠨᠤᠬᠤ᠂ ᠴᠢᠷᠦᠭᠦᠯ ᠲᠡᠷᠭᠡ ᠵᠡᠷᠭᠡ ᠣᠨᠴᠠ ᠲᠥᠷᠥᠯ ᠤᠨ ᠵᠤᠭ᠎ᠠ ᠴᠡᠩᠭᠡᠯ ᠤᠨ ᠲᠥᠷᠥᠯ ᠵᠦᠢᠯ ᠢ ᠥᠷᠨᠢᠭᠦᠯᠵᠦ᠂ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢ ︵ᠲᠡᠮᠡᠭᠡ︶ ᠤᠨᠤᠬᠤ ᠵᠢᠭᠤᠯᠴᠢᠯᠠᠯ ᠤᠨ ᠠᠵᠢᠯᠯᠠᠭ᠎ᠠ ᠶᠢᠨ ᠡᠵᠡᠩᠨᠡᠯᠲᠡ ᠶᠢᠨ ᠲᠥᠷᠥᠯ ᠵᠣᠶᠢᠯ ᠢ ᠳᠠᠩᠰᠠᠯᠠᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠲᠣᠭᠲᠠᠭᠠᠯ︾ ᠳᠤ ᠨᠡᠶᠢᠴᠡᠭᠰᠡᠨ ᠪᠡᠶᠢᠬᠤ ᠬᠡᠷᠡᠭᠲᠡᠶ᠃ ᠠᠵᠢᠯᠯᠠᠭ᠎ᠠ ᠶᠢᠨ ᠲᠥᠷᠥᠯ ᠵᠣᠶᠢᠯ ᠢ ᠡᠷᠬᠡᠪᠰᠢ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃ ᠨᠤᠲᠤᠭ ᠪᠡᠯᠴᠢᠭᠡᠷ ᠳᠡᠭᠡᠷ᠎ᠡ ᠡᠯᠡᠰᠦᠨ ᠳᠠᠩ ᠤᠨ ᠮᠣᠲ᠋ᠣᠷ ᠲᠡᠷᠭᠡ᠂ ᠲᠠᠯ᠎ᠠ ᠨᠤᠲᠤᠭ ᠤᠨ ᠲᠣᠭᠤᠷᠢᠨ ᠦᠵᠡᠬᠦ ᠲᠡᠷᠭᠡ ︵ᠺᠠᠷᠳᠢᠩ ᠲᠡᠷᠭᠡ︶ ᠵᠢᠴᠢ ᠨᠤᠲᠤᠭ ᠪᠡᠯᠴᠢᠭᠡᠷ ᠤᠨ ᠠᠮᠢ ᠠᠬᠤᠶ ᠶᠢ ᠠᠮᠠᠷᠬᠠᠨ ᠡᠪᠳᠡᠳᠡᠭ ᠪᠤᠰᠤᠳ ᠵᠤᠭ᠎ᠠ ᠴᠡᠩᠭᠡᠯ ᠤᠨ ᠲᠥᠷᠥᠯ ᠵᠣᠶᠢᠯ ᠥᠷᠨᠢᠭᠦᠯᠬᠦ ᠶᠢ ᠴᠠᠭᠠᠵᠠᠯᠠᠨ᠎ᠠ᠃ ᠡᠯᠡᠰᠦᠷᠬᠡᠭ ᠭᠠᠵᠠᠷ ᠲᠤ ᠺᠠᠷᠲ᠋ᠢᠩ ᠲᠡᠷᠭᠡᠨ ᠤ ᠲᠥᠷᠥᠯ ᠵᠣᠶᠢᠯ ᠢ ᠥᠷᠨᠢᠭᠦᠯᠬᠦ ᠳᠤ ᠠᠮᠢ ᠠᠬᠤᠢ ᠶᠢᠨ ᠰᠠᠯᠠᠭ᠎ᠠ ᠮᠦᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠪᠠ ᠨᠢᠰᠦᠯᠲᠡ ᠵᠡᠷᠭᠡ ᠠᠶᠤᠯ ᠲᠦᠭᠰᠢᠭᠦᠷᠢ ᠶᠡᠬᠡᠲᠡᠶ ᠲᠦᠷᠣᠯ ᠵᠦᠢᠯ ᠢ ᠡᠷᠬᠡᠪᠰᠢ ᠪᠦᠷᠢᠨ ᠲᠡᠭᠦᠯᠳᠡᠷ ᠵᠥᠪᠰᠢᠶᠡᠷᠡᠵᠦ᠂ ᠶᠠᠰᠤ ᠴᠢᠨᠠᠷ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠯᠲᠠ ᠪᠠᠷ ᠳᠠᠮᠵᠢᠭᠠᠳ ᠬᠢᠷᠢ ᠲᠡᠨᠴᠡᠭᠰᠡᠨ ᠪᠡᠶᠢᠪᠡᠯ᠂ ᠳᠠᠭᠠᠳᠬᠠᠯ ᠳᠤ ᠣᠷᠣᠪᠠᠯ ᠰᠠᠶ᠋ᠢ ᠡᠵᠡᠩᠨᠡᠵᠦ ᠪᠣᠯᠤᠨ᠎ᠠ᠃     4. ᠬᠢᠨᠠᠯᠲᠠ ᠬᠠᠮᠢᠶᠠᠷᠤᠯᠲᠠ    ᠡᠵᠡᠩᠨᠡᠭᠴᠢᠳ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠵᠢᠭᠤᠯᠴᠢᠯᠠᠯ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠬᠠᠮᠢᠶ᠎ᠡ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠵᠠᠭᠠᠯᠳᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠭᠠᠵᠠᠷ ᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠭᠠᠵᠠᠷ ᠲᠤ ᠵᠠᠷᠭᠤ ᠬᠢᠬᠦ ︵ᠯᠠᠪᠯᠠᠭ᠎ᠠ ᠥᠭᠬᠦ︶ ᠳ᠋ᠢᠶᠠᠩᠬᠤᠸᠠ ᠭᠠᠷᠭᠠᠵᠤ᠂ ᠢᠯᠡ ᠭᠠᠵᠠᠷ ᠲᠤ ᠦᠨ᠎ᠡ ᠬᠠᠩᠰᠢ ᠶᠢ ᠢᠯᠡ ᠪᠠᠷ ᠲᠡᠮᠳᠡᠭᠯᠡᠵᠦ᠂ ᠵᠢᠭᠤᠯᠴᠢᠯᠠᠭᠴᠢᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠲᠠᠯ᠎ᠠ ᠨᠤᠲᠤᠭ ᠤᠨ ᠵᠤᠭᠠᠴᠠᠯ ᠤᠨ ᠡᠵᠡᠩᠨᠡᠯᠲᠡ ᠶᠢᠨ ᠨᠢᠭᠡᠴᠢ ︵ᠡᠷᠦᠬᠡ︶ ᠶᠢ ᠢᠳᠡᠪᠬᠢᠲᠡᠢ ᠳᠡᠰ ᠳᠡᠪᠰᠢᠭᠦᠯᠬᠦ ᠶᠢ ᠰᠠᠨᠠᠭᠠᠴᠢᠯᠠᠵᠤ᠂ ᠣᠳᠣᠨ ᠲᠡᠰ ᠤᠨ ᠶᠠᠰᠤ ᠴᠢᠨᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ ᠶᠢ ᠢᠳᠡᠪᠬᠢᠲᠡᠢ ᠭᠤᠶᠤᠴᠢᠯᠠᠵᠤ᠂ ᠰᠣᠶᠣᠯ ᠵᠢᠭᠤᠯᠴᠢᠯᠠᠯ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ ᠪᠠᠷᠢᠮᠵᠢᠶ᠎ᠠ︾ ︵ᠲᠤᠷᠰᠢᠨ ᠬᠡᠷᠡᠭᠵᠢᠭᠦᠯᠬᠦ︶ ᠶᠢᠨ ᠶᠣᠰᠣᠭᠠᠷ ᠦᠨᠡᠯᠡᠨ ᠲᠣᠭᠲᠠᠭᠠᠬᠤ ᠶᠢ ᠬᠠᠷᠢᠭᠤᠴᠠᠨ᠎ᠠ᠃ ᠡᠭᠦᠨ ᠤ ᠬᠠᠮᠲᠤ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠳᠠᠬᠢᠨ ᠬᠢᠨᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃   ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠤᠮᠤ ᠰᠢᠶᠠᠩ ᠪᠠᠯᠭᠠᠰᠤ ᠨᠢ ︽ᠲᠠᠯ᠎ᠠ ᠨᠤᠲᠤᠭ ᠤᠨ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ︵ᠡᠷᠦᠬᠡ︶︾ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠯ᠎ᠡ ᠬᠤᠯᠪᠣᠭᠳᠠᠯ ᠪᠦᠬᠦᠢ ᠲᠣᠬᠠᠶᠢᠯᠠᠭᠰᠡᠨ ᠠᠵᠢᠯ ᠤᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠬᠦ ᠦᠭᠡᠶ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠡᠵᠡᠩᠨᠡᠯᠲᠡ ᠶᠢᠨ ᠵᠢᠷᠤᠮᠵᠢᠯ ᠪᠠᠷᠢᠮᠵᠢᠶ᠎ᠠ ᠳᠤ ᠬᠦᠷᠬᠦ ᠦᠭᠡᠶ ᠶᠢ ᠨᠢ ᠴᠥᠮ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠭᠰᠡᠨ ᠪᠡᠶᠢᠪᠡᠯ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠡᠶᠢᠪᠡᠯ ᠡᠵᠡᠩᠨᠡᠯᠲᠡ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃                                                   ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号