ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2020/12/17
     ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ      ᠶᠡᠭᠡ ᠬᠥᠳᠡᠯᠭᠡᠬᠦ ᠬᠦᠴᠦᠨ ᠨᠡᠮᠡᠷᠢᠯᠡᠪᠡ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ      ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ      ᠰᠡᠳᠦᠪ᠄ ᠣᠷᠣᠨ ᠪᠦᠰᠡ ᠪᠠ ᠪᠥᠬᠦ ᠪᠥᠮᠪᠥᠷᠴᠡᠭ ᠤᠨ ᠠᠵᠤ ᠠᠬᠤᠶ ᠶᠢᠨ ᠨᠡᠮᠡᠭᠳᠡᠯ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠨ᠎ᠡ — ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ‌‍ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠵᠦᠸᠧ ᠯᠦᠨ᠂ ᠢᠦᠢ ᠵᠢᠶᠠ ᠰᠢᠨ᠂ ᠵᠧᠩ ᠮᠢᠩ ᠳ᠋ᠡ    11 ᠰᠠᠷ᠎ᠠ ᠶᠢᠨ 15 ᠤ ᠡᠳᠦᠷ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ  ᠬᠠᠷᠢᠯᠴᠠᠭ᠎ᠠ ᠤ ᠬᠡᠯᠡᠯᠴᠡᠭᠡᠷ ︵RCEP︶ ᠭᠠᠷ ᠤᠨ ᠥᠰᠥᠭ ᠵᠢᠷᠤᠪᠠ᠃ 8 ᠵᠢᠯ ᠤᠨ ᠬᠡᠯᠡᠯᠴᠡᠭᠡ ᠶᠢ ᠥᠩᠭᠡᠷᠡᠭᠦᠯᠦᠭᠰᠡᠨ ᠤ ᠳᠠᠷᠠᠭ᠎ᠠ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠣᠭᠡᠳᠦ ᠠᠷᠠᠯᠵᠢᠶᠠᠨ‌‍ᠤ ᠣᠷᠣᠨ ᠡᠴᠦᠰ ᠲᠡᠭᠡᠨ ᠮᠡᠨᠳᠦᠯᠡᠵᠦ᠂ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃    ᠬᠠᠮᠤᠷᠬᠤ ᠬᠥᠮᠦᠨ ᠠᠮᠠ ᠶᠢᠨ ᠲᠤᠭ᠎ᠠ ᠬᠠᠮᠤᠭ ᠤᠨ ᠣᠯᠠᠨ᠂ ᠪᠦᠷᠢᠯᠳᠦᠬᠦᠨ ᠤ ᠪᠦᠲᠦᠴᠡ ᠬᠠᠮᠤᠭ ᠤᠨ ᠣᠯᠠᠨ ᠡᠰᠢᠲᠦ᠂ ᠬᠥᠭᠵᠢᠯᠲᠡ ᠶᠢᠨ ᠳᠠᠯᠳᠠ ᠬᠦᠴᠦᠨ ᠬᠠᠮᠤᠭ ᠤᠨ ᠶᠡᠭᠡ ᠁ RCEP ᠳᠤ ᠭᠠᠷ ᠤᠨ ᠦᠰᠦᠭ ᠵᠢᠷᠤᠵᠤ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ ᠲᠤ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠤᠢ︖    ᠡᠨᠡ ᠪᠣᠯ 11 ᠰᠠᠷ᠎ᠠ ᠶᠢᠨ 11 ᠤ ᠡᠳᠦᠷ ᠰᠡᠭᠦᠳᠡᠷᠯᠡᠭᠰᠡᠨ ᠳᠤᠮᠳᠠᠳᠤ ᠤᠯᠤᠰ ︵ᠱᠠᠩᠬᠠᠶ︶ ᠤᠨ ᠴᠢᠯᠥᠭᠡᠲᠦ ᠠᠷᠠᠯᠵᠠᠶᠠᠨ ᠤ ᠲᠤᠷᠰᠢᠯᠲᠠ ᠶᠢᠨ ᠣᠷᠣᠨ ᠤ ᠲᠡᠮᠳᠡᠭ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠹᠠᠩ ᠵᠧ ᠰᠡᠭᠦᠳᠡᠷᠯᠡᠪᠡ     ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ    ᠡᠨᠡ ᠤᠳᠠᠭ᠎ᠠ RCEP ᠳᠤ ᠭᠠᠷ ᠤᠨ ᠦᠰᠦᠭ ᠵᠢᠷᠤᠭᠰᠠᠨ ᠨᠡᠶᠢᠲᠡ 15 ᠪᠦᠷᠢᠯᠳᠦᠬᠦᠨ ᠤᠯᠤᠰ ᠪᠣᠯᠤᠨ᠎ᠠ᠃ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠢᠯᠡᠶ᠎ᠠ᠂ ᠰᠢᠨ᠎ᠡ ᠽᠧᠯᠡᠨᠳ᠋ ᠵᠡᠷᠭᠡ 10 ᠤᠯᠤᠰ᠂ ᠪᠦᠬᠦ ᠬᠥᠮᠦᠨ ᠠᠮᠠ 22.7 ᠳ᠋ᠦᠩᠰᠢᠭᠤᠷ ᠲᠤ ᠬᠦᠷᠴᠡᠶ᠃ GDP 26 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 5.2 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠴᠥᠮ ᠪᠦᠬᠦ ᠪᠥᠮᠪᠥᠷᠴᠡᠭ ᠤᠨ ᠶᠡᠷᠦᠩᠬᠡᠶ ᠬᠡᠮᠵᠢᠶ᠎ᠡ ᠪᠠᠷᠤᠭ 30% ᠶᠢ ᠡᠵᠡᠯᠡᠵᠦ ᠪᠠᠶᠢᠨ᠎ᠠ᠃ RCEP ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠤᠭᠰᠠᠨ ᠨᠢ ᠪᠦᠬᠦ ᠪᠥᠮᠪᠥᠷᠴᠡᠭ ᠤᠨ ᠪᠠᠷᠤᠭ ᠭᠤᠷᠪᠠᠨ ᠤ ᠨᠢᠭᠡ ᠬᠤᠪᠢ ᠶᠢᠨ ᠠᠵᠤ ᠠᠬᠤᠢ ᠶᠢᠨ ᠪᠠᠭᠲᠠᠭᠠᠮᠵᠢ ᠨᠢ ᠨᠢᠭᠡ ᠴᠤᠭᠴᠠᠵᠢᠭᠰᠠᠨ ᠶᠡᠭᠡ ᠵᠠᠬ᠎ᠠ ᠳᠡᠯᠭᠡᠭᠦᠷ ᠢ ᠪᠦᠷᠢᠯᠳᠣᠭᠦᠯᠬᠦ ᠶᠢ ᠬᠠᠷᠠᠭᠤᠯᠵᠤ ᠪᠠᠶᠢᠨ᠎ᠠ᠃     ᠡᠶᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ ᠪᠠᠷ ᠢᠷᠡᠭᠰᠡᠨ ᠶᠤᠮ — RCEP ᠨᠢ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ 2012 ᠣᠨ ᠳᠤ ᠡᠭᠦᠰᠭᠡᠭᠰᠡᠨ ᠶᠤᠮ᠃ 8 ᠵᠢᠯ᠂ 31 ᠡᠭᠡᠯᠵᠢ ᠶᠢᠨ ᠵᠢᠩᠬᠢᠨᠢ ᠬᠡᠯᠡᠯᠴᠡᠭᠡ ᠪᠠᠷ ᠳᠠᠮᠵᠢᠨ᠂ ᠢᠯᠠᠩᠭᠤᠶ᠎ᠠ ᠡᠨᠡ ᠵᠢᠯ ᠠᠴᠠ ᠨᠠᠰᠢ᠂ ᠡᠯ᠎ᠡ ᠪᠦᠷᠢᠯᠳᠦᠬᠦᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠯᠤᠲᠤ ᠶᠡᠭᠡ ᠬᠦᠴᠢᠷᠳᠡᠯ ᠢ ᠢᠯᠠᠨ ᠳᠠᠪᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠰᠠ 1.4 ᠲᠦᠮᠡ ᠭᠠᠷᠤᠶ ᠬᠠᠭᠤᠳᠠᠰᠤ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠪᠠᠷ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠡᠴᠦᠰ ᠲᠡᠭᠡᠨ ᠳᠥᠷᠪᠡᠳᠦᠭᠡᠷ ᠤᠳᠠᠭᠠᠨ ᠤ ᠤᠳᠤᠷᠢᠳᠬᠤ ᠬᠥᠮᠦᠰ ᠤᠨ ᠬᠤᠷᠠᠯᠳᠤᠭᠠᠨ ᠤ ᠬᠤᠭᠤᠴᠠᠭᠠᠨ ᠳᠤ ᠲᠣᠭᠲᠠᠭᠰᠠᠨ ᠬᠤᠭᠤᠴᠠᠭᠠᠨ ᠳᠤ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠵᠡᠭᠦᠨ ᠠᠽᠢᠶ᠎ᠠ ᠶᠢᠨ ᠠᠵᠤ ᠠᠬᠤᠶ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ 20 ᠰᠢᠬᠠᠮ ᠵᠢᠯ ᠤᠨ ᠲᠤᠷᠰᠢᠬᠢ ᠬᠠᠮᠤᠭ ᠤᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ RCEP ᠨᠢ 15 ᠪᠦᠷᠢᠯᠳᠦᠬᠦᠨ ᠤᠯᠤᠰ ᠴᠥᠮ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ ᠪᠠᠷᠢᠮᠵᠢᠶᠠᠲᠤ ᠪᠠᠬᠢᠯᠡᠯᠲᠡ ᠶᠢ ᠪᠠᠭᠠᠰᠬᠠᠬᠤ ᠪᠠᠷ ᠠᠮᠠᠯᠳᠠᠬᠤ ᠬᠡᠷᠡᠭᠲᠡᠶ ᠭᠡᠵᠦ ᠠᠮᠠᠯᠠᠵᠠᠶ᠃    ᠡᠨᠡ ᠪᠣᠯ 11 ᠰᠠᠷ᠎ᠠ ᠶᠢᠨ 3 ᠤ ᠡᠳᠦᠷ ᠰᠡᠭᠦᠳᠡᠷᠯᠡᠭᠰᠡᠨ ᠱᠠᠩᠬᠠᠶ ᠶᠢᠨ ᠶᠠᠩ ᠱᠠᠨ ᠭᠠᠷᠠᠮ ᠤᠨ ᠴᠢᠩᠭᠡᠯᠢᠭ ᠤᠨ ᠭᠠᠷᠠᠮ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠢᠶᠠᠩ ᠰᠡᠭᠦᠳᠡᠷᠯᠡᠪᠡ    ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠲᠠᠷᠤᠭ᠎ᠠ ᠷᠤᠸᠠᠨ ᠽᠦᠩ ᠽᠧ ︽ᠵᠠᠩᠭᠢᠯᠠᠭ᠎ᠠ ᠶᠢᠨ ᠪᠥᠭᠡᠳ ᠴᠠᠭ ᠲᠤᠬᠠᠢ ᠳᠤᠨᠢ︾ ᠪᠠᠷ ᠡᠨᠡᠬᠦ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠳᠦᠷᠰᠦᠯᠡᠪᠡ᠃ ︽ᠬᠢᠵᠢᠭ ᠤᠨ ᠪᠡᠶᠢᠳᠡᠯ ᠰᠠᠮᠠᠭᠤᠷᠠᠭᠰᠠᠨ᠂ ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ ᠮᠠᠭᠤᠳᠠᠭᠰᠠᠨ᠂ ᠣᠯᠠᠨ ᠤᠯᠤᠰ ᠤᠨ ᠠᠷᠠᠯᠵᠢᠶᠠᠨ ᠤ ᠪᠡᠯᠡ ᠣᠷᠣᠭᠤᠯᠤᠯᠲᠠ ᠪᠠᠭᠠᠰᠤᠭᠰᠠᠨ᠂ ᠬᠠᠮᠠᠭᠠᠯᠠᠬᠤ ᠦᠵᠡᠯ ᠭᠠᠭᠴᠠ ᠲᠠᠯᠠᠲᠤ ᠦᠵᠡᠯ ᠰᠢᠷᠦᠭᠦᠰᠴᠦ ᠪᠠᠶᠢᠭ᠎ᠠ ᠣᠨᠴᠠᠭᠠᠢ ᠠᠬᠤᠶ ᠪᠡᠶᠢᠳᠡᠯ ᠳᠣᠤᠷ᠎ᠠ᠂ ᠡᠯ᠎ᠡ ᠲᠠᠯ᠎ᠠ ᠶᠢᠨ ᠬᠢᠨ RCEP ᠶᠢᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ ᠶᠢ ᠲᠤᠩᠬᠠᠭᠯᠠᠵᠤ᠂ ᠡᠯ᠎ᠡ ᠲᠠᠯ᠎ᠠ ᠶᠢᠨ ᠠᠵᠤ  ᠠᠬᠤᠢ ᠶᠢᠨ ᠨᠡᠮᠡᠭᠳᠡᠯ ᠳᠤ ᠢᠲᠡᠭᠡᠯ ᠵᠣᠷᠢᠭ ᠢᠶᠠᠨ ᠬᠥᠪᠴᠢᠯᠡᠨ᠎ᠡ᠃    ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠨᠢ ᠵᠡᠭᠦᠨ ᠠᠽᠢᠶ᠎ᠠ ᠶᠢᠨ ᠭᠠᠵᠠᠷ ᠣᠷᠣᠨ ᠤ ᠭᠤᠣᠯ ᠪᠣᠯᠬᠤ ᠤᠯᠤᠰ ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ ᠣᠯᠠᠨ ᠤᠯᠤᠰ ᠤᠨ ᠨᠠᠷᠠᠲᠤ ᠣᠶᠤᠨ‌‍ᠤ ᠬᠥᠮᠥᠷᠭᠡ ᠶᠢᠨ ᠲᠥᠰᠦᠭᠡᠯᠡᠨ ᠪᠤᠳᠤᠭᠰᠠᠨ ᠢᠶᠠᠷ᠂ 2025 ᠣᠨ ᠪᠣᠯᠬᠤ ᠳᠤ᠂ RCEP ᠨᠢ ᠭᠡᠰᠢᠭᠦᠨ ᠤᠯᠤᠰ ᠤᠨ ᠭᠠᠳᠠᠭᠠᠳᠤ ᠭᠠᠷᠭᠠᠯᠲᠠ ᠶᠢ ᠳᠠᠶᠢᠴᠢᠯᠠᠬᠤ᠂ ᠭᠠᠳᠠᠭᠠᠳᠤ ᠳᠤ ᠪᠠᠯᠠ ᠣᠷᠣᠭᠤᠯᠬᠤ ᠬᠠᠳᠠᠭᠠᠯᠠᠮᠵᠢ᠂ GDP ᠨᠢ ᠰᠠᠭᠤᠷᠢ ᠱᠤᠭᠤᠮ ᠠᠴᠠ ᠲᠣᠰ ᠲᠣᠰ 10.4%᠂ 2.6%᠂ 1.8% ᠪᠠᠷ ᠢᠯᠡᠭᠦᠤ ᠨᠡᠮᠡᠭᠳᠡᠬᠦ ᠪᠣᠯᠣᠨ᠎ᠠ᠃    ᠳᠡᠯᠡᠬᠡᠢ ᠳ᠋ᠠᠬᠢᠨ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠳᠤᠮᠳᠠ ᠮᠠᠰᠢ ᠴᠢᠬᠤᠯᠠ ᠦᠢᠯᠡᠳᠣᠯ ᠲᠠᠢ ᠶᠤᠮ᠃ ᠷᠤᠸᠠᠨ ᠽᠦᠩ ᠽᠤ᠋ ᠢᠯᠡᠷᠬᠡᠶᠢᠯᠡᠬᠦ ᠳᠡᠭᠡᠨ᠂ ᠤᠷᠢᠳᠴᠢᠯᠠᠨ ᠮᠡᠳᠡᠵᠦ ᠪᠣᠯᠤᠨ᠎ᠠ᠃ RCEP ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ︵FTAAP︶ ᠤ ᠠᠬᠢᠴᠠ ᠪᠡᠶᠡᠯᠡᠭᠳᠡᠬᠦ ᠵᠠᠮ ᠢ ᠬᠠᠩᠭᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠶᠢᠰᠢᠳᠠ ᠶᠢᠨ ᠪᠦᠬᠦ ᠪᠦᠮᠪᠦᠷᠴᠡᠭ ᠤᠨ ᠬᠥᠭᠵᠢᠯᠲᠡ ᠶᠢᠨ ᠪᠠᠶᠢᠷᠢᠰᠢᠯ ᠳᠠᠬᠢ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃   ᠥᠩᠬᠦᠷᠢᠭᠦᠯ ᠪᠠᠷᠠᠭ᠎ᠠ ᠶᠢᠨ ᠣᠩᠭᠤᠴᠠ ︽ᠯᠣᠯᠠ︾ ᠣᠩᠭᠤᠴᠠ ᠬᠠᠶᠢᠺᠸᠤ ᠶᠢᠨ ᠰᠢᠤ ᠢᠩ ᠭᠠᠷᠠᠮ‌‍ᠳᠤ ᠣᠷᠣᠵᠤ᠂ ᠡᠨᠡ ᠪᠣᠯ ᠬᠠᠶᠢᠨᠠᠨ ᠤ ᠴᠢᠯᠥᠭᠡᠲᠦ ᠠᠷᠠᠯᠵᠢᠶᠠᠨ ᠤ ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢᠬᠢ ᠠᠩᠬᠠᠳᠠᠭᠴᠢ ᠮᠠᠰᠢᠨ ᠲᠡᠷᠭᠡᠨ ᠤ ᠭᠠᠳᠠᠭᠠᠳᠤ ᠠᠷᠠᠯᠵᠢᠶᠠᠨ ᠤ ᠣᠩᠭᠤᠴᠠ ᠪᠣᠯᠤᠨ᠎ᠠ ︵2 ᠰᠠᠷ᠎ᠠ ᠶᠢᠨ 16 ᠤ ᠡᠳᠦᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠩ ᠭᠤᠸᠠᠨ ᠢᠦᠶ ᠰᠡᠭᠦᠳᠡᠷᠯᠡᠪᠡ     ᠴᠢᠨᠠᠷ ᠰᠠᠶᠢᠲᠠᠶ ᠪᠠ ᠪᠠᠭᠲᠠᠭᠠᠮᠵᠢᠲᠤ ᠴᠢᠨᠠᠷ ᠤᠨ ᠨᠢᠭᠡᠳᠦᠯ    ᠣᠶᠢᠯᠠᠭᠠᠭᠰᠠᠨ ᠢᠶᠠᠷ᠂ RCEP ᠨᠢ ᠣᠷᠣᠰᠢᠯ᠂ 20 ᠪᠦᠯᠦᠭ ︵ᠭᠤᠤᠯᠳᠠᠭᠤ ᠪᠠᠷᠠᠭᠠᠨ ᠤ ᠠᠷᠠᠯᠵᠢᠶ᠎ᠠ᠂ ᠣᠭ ᠭᠠᠷᠤᠯᠲᠠ ᠶᠢᠨ ᠭᠠᠵᠠᠷ ᠤᠨ ᠲᠦᠷᠢᠮ᠂ ᠪᠣᠭᠤᠮᠲᠠ ᠶᠢᠨ ᠵᠢᠷᠤᠮ ᠪᠠ ᠠᠷᠠᠯᠵᠢᠶ᠎ᠠ ᠶᠢ ᠳᠥᠭᠦᠮᠴᠢᠯᠡᠬᠦ᠂ ᠠᠷᠠᠯᠵᠢᠶᠠᠨ ᠤ ᠲᠡᠳᠬᠦᠮᠵᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠪᠠᠭᠲᠠᠨ᠎ᠠ︶ ᠵᠢᠴᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠮᠠᠯᠠᠯᠲᠠ ᠶᠢᠨ  ᠬᠦᠰᠦᠨᠦᠭᠲᠦ ᠶᠢᠨ ᠳᠠᠭᠠᠯᠳᠤᠭᠤᠯᠤᠯ ᠢᠶᠠᠷ ᠪᠦᠷᠢᠯᠳᠦᠵᠡᠶ᠃    RCEP ᠨᠢ ᠶᠠᠮᠠᠷ ᠶᠠᠮᠠᠷ ᠣᠨᠴᠠᠯᠢᠭ ᠲᠠᠢ ᠪᠣᠶ︖ ᠡᠨᠡ ᠪᠣᠯ ᠣᠲᠣ ᠦᠶ᠎ᠡ ᠶᠢᠨ᠂ ᠪᠥᠬᠦ ᠲᠠᠯ᠎ᠠ ᠶᠢᠨ᠂ ᠶᠠᠰᠤ ᠴᠢᠨᠠᠷ ᠰᠠᠶᠢᠲᠠᠶ᠂ ᠬᠠᠷᠢᠯᠴᠠᠨ ᠠᠰᠢᠭᠲᠠᠶ ᠲᠣᠮᠣ ᠬᠡᠯᠪᠡᠷᠢ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ — ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠪᠥᠭᠡᠳ ᠣᠯᠠᠨ ᠤᠯᠤᠰ ᠤᠨ ᠠᠷᠠᠯᠵᠢᠶᠠᠨ ᠤ ᠬᠡᠯᠡᠯᠴᠡᠭᠡ ᠶᠢᠨ ᠳᠡᠳ᠋ ᠲᠥᠯᠥᠭᠡᠯᠡᠭᠴᠢ ᠸᠠᠩ ᠱᠸᠦ ᠸᠤᠨ ᠢᠩᠭᠢᠵᠦ ᠢᠯᠡᠷᠬᠡᠶᠢᠯᠡᠵᠦ ᠪᠠᠶᠢᠨ᠎ᠠ᠃    ᠡᠭᠦᠨ ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ ᠺᠣᠷᠢᠶᠠ ᠵᠡᠷᠭᠡ ᠤᠯᠤᠰ ᠲᠠᠢ ᠣᠯᠠᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠠᠶ᠃ ᠳᠤᠮᠳᠠᠳᠤ᠂ ᠶᠠᠫᠣᠨ᠂ ᠺᠣᠷᠢᠶᠠ᠂ ᠣᠣᠮᠧᠨ᠂ ᠰᠢᠨ᠎ᠡ ᠽᠢᠯᠠᠨᠳ᠋ ᠵᠡᠷᠭᠡ 5 ᠤᠯᠤᠰ ᠤᠨ ᠬᠤᠭᠤᠷᠣᠨᠳᠣ ᠪᠠᠰᠠ ᠴᠢᠯᠥᠭᠡᠲᠦ ᠠᠷᠠᠯᠵᠠᠶᠠᠨ ᠤ ᠬᠠᠨᠢᠲᠠᠨ ᠤ ᠬᠠᠷᠢᠯᠴᠠᠭ᠎ᠠ ᠤᠯᠠᠨ ᠪᠠᠶᠢᠨ᠎ᠠ᠃ ᠬᠠᠷᠢᠴᠠᠭᠤᠯᠵᠤ ᠦᠵᠡᠪᠡᠯ᠂ RCEP ᠶᠢᠨ ᠦᠢᠯᠡᠴᠢᠯᠡᠭᠡᠨ ᠤ ᠠᠷᠠᠯᠵᠢᠶ᠎ᠠ ᠪᠠ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠢᠷᠢ ᠲᠦᠪᠰᠢᠨ ᠨᠢ ︽10 + 1︾ ᠶᠢᠨ ᠬᠡᠯᠡᠯᠴᠡᠭᠡᠷ ᠠᠴᠠ ᠥᠨᠳᠥᠷ ᠪᠠᠶᠢᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶ ᠠᠷᠠᠯᠵᠢᠶᠠᠨ ᠤ ᠲᠦᠷᠢᠮ ᠤᠨ ︽ᠡᠮᠬᠢᠯᠡᠨ ᠨᠡᠶᠢᠯᠡᠭᠦᠯᠬᠦ ᠪᠠᠭᠠᠵᠢ︾ ᠶᠢᠨ ᠦᠢᠯᠡᠳᠣᠯ ᠢ ᠪᠠᠳᠠᠷᠠᠭᠤᠯᠬᠤ ᠪᠣᠯᠤᠨ᠎ᠠ᠃     ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠶ ᠮᠢᠶᠣᠣ ᠵᠢᠶᠧ ᠢᠯᠡᠷᠬᠡᠶᠢᠯᠡᠬᠦ ᠳᠡᠭᠡᠨ᠂ ᠬᠡᠷᠪᠡ ᠡᠯ᠎ᠡ ᠤᠯᠤᠰ ᠤᠨ ᠬᠤᠭᠤᠷᠣᠨᠳᠣ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠳᠤ ᠬᠦᠷᠪᠡᠯ᠂ ᠡᠯ᠎ᠡ ᠬᠡᠯᠡᠯᠴᠡᠭᠡᠷ ᠤᠨ ᠠᠳᠠᠯᠢ ᠪᠤᠰᠤ ᠳᠦᠷᠢᠮ ᠳᠤ ︽ᠢᠲ᠋ᠠᠯᠢ ᠶᠢᠨ ᠭᠤᠯᠢᠷ︾ ᠤᠨ ᠦᠵᠡᠭᠳᠡᠯ ᠭᠠᠷᠬᠤ ᠪᠣᠯᠤᠨ᠎ᠠ᠃ ᠬᠠᠶᠢᠴᠢᠯᠠᠭᠠᠳ ᠲᠠᠰᠤᠷᠠᠬᠤ ᠦᠭᠡᠢ᠂ ᠨᠢᠭᠡᠳᠦᠯᠲᠡᠶ ᠲᠦᠷᠢᠮ ᠢ ᠪᠦᠷᠢᠯᠳᠦᠭᠦᠯᠪᠡᠯ᠂ ᠡᠵᠡᠩᠨᠡᠯᠲᠡ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠲᠣᠭᠲᠠᠭᠠᠯᠲᠤ ᠪᠤᠰᠤ ᠴᠢᠨᠠᠷ ᠢ ᠪᠠᠭᠠᠰᠬᠠᠬᠤ ᠪᠣᠯᠤᠨ᠎ᠠ᠃    11 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠭᠤᠸᠠᠩᠵᠧᠦ ᠶᠢᠨ ᠠᠭᠠᠷ ᠤᠨ ᠠᠶᠠᠯᠠᠯ ᠤᠨ ᠰᠢᠤᠳᠠᠨ ᠤ ᠵᠣᠶᠢᠯ ᠢ ᠰᠢᠢᠳᠪᠣᠷᠢᠯᠡᠬᠦ ᠲᠥᠪ ᠲᠤ᠂ ᠠᠵᠢᠯᠲᠠᠳ ᠶᠡᠷᠦᠩᠬᠡᠶ ᠪᠣᠭᠤᠳᠠᠯ ᠶᠠᠪᠤᠭᠤᠯᠬᠤ ᠭᠡᠵᠦ ᠪᠠᠶᠢᠭ᠎ᠠ ᠣᠷᠣᠨ ᠳᠤ ᠠᠵᠢᠯᠯᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ    ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠵᠢᠭᠠᠵᠤ ᠭᠠᠷᠭᠠᠭᠰᠡᠨ ᠨᠢ᠂ RCEP ᠨᠢ ᠣᠷᠣᠨ ᠪᠦᠰᠡ ᠶᠢᠨ ᠬᠤᠷᠠᠮᠳᠤᠭᠰᠠᠨ ᠤᠭ ᠭᠠᠷᠤᠯᠲᠠ ᠶᠢᠨ ᠭᠠᠵᠠᠷ ᠤᠨ ᠳᠦᠷᠢᠮ ᠢᠶᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠬᠡᠯᠬᠢᠶ᠎ᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠮᠡᠷᠭᠡᠵᠢᠯ ᠢ ᠠᠰᠢᠭᠯᠠᠨ ᠪᠣᠭᠤᠮᠲᠠ ᠶᠢᠨ ᠳᠥᠭᠦᠮᠴᠢᠯᠡᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠨᠠᠵᠠᠭᠠᠢ ᠲᠠᠯ᠎ᠠ ᠶᠢᠨ ᠨᠠᠷᠢᠨ ᠲᠠᠩᠰᠠ ᠪᠠᠷ ᠪᠡᠯᠡ ᠣᠷᠣᠭᠤᠯᠤᠯᠲᠠ ᠶᠢᠨ ᠴᠢᠯᠥᠭᠡᠵᠢᠯ ᠢ ᠠᠬᠢᠭᠤᠯᠬᠤ ᠨᠢ ᠪᠡᠯᠡ ᠣᠷᠣᠭᠤᠯᠣᠯᠳᠠ ᠶᠢᠨ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ‌‍ᠶᠢ ᠳᠡᠭᠡᠭᠰᠢᠯᠡᠭᠦᠯᠬᠦ ᠪᠣᠯᠤᠨ᠎ᠠ᠂ ᠡᠨᠡ  ᠨᠢ ᠴᠥᠮ ᠣᠷᠣᠨ ᠪᠦᠰᠡ ᠶᠢᠨ ᠳᠣᠲᠣᠭᠠᠳᠤ ᠶᠢᠨ ᠠᠵᠤ ᠠᠬᠤᠢ ᠠᠷᠠᠯᠵᠢᠶᠠᠨ ᠤ ᠲᠦᠷᠢᠮ ᠤᠨ ᠰᠢᠯᠢᠳᠡᠭᠵᠢᠯᠲᠡ ᠪᠠ  ᠨᠡᠶᠢᠯᠡᠭᠦᠯᠣᠯᠳᠡ ᠶᠢ ᠠᠬᠢᠭᠤᠯᠬᠤ ᠪᠣᠯᠤᠨ᠎ᠠ᠃    ᠴᠢᠨᠠᠷ ᠰᠠᠶᠢᠲᠠᠶ ᠪᠠᠶᠢᠬᠤ ᠪᠣᠯ RCEP ᠶᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭᠠᠨ ᠤ ᠠᠷᠠᠯᠵᠢᠶ᠎ᠠ  ᠶᠢᠨ ᠡᠴᠦᠰ ᠤᠨ ᠲᠡᠭ ᠪᠣᠭᠤᠮᠲᠠ ᠶᠢᠨ ᠭᠠᠶᠢᠯᠢ ᠶᠢᠨ ᠦᠢᠯᠡᠳᠭᠦᠨ ᠤ ᠲᠤᠭ᠎ᠠ ᠪᠦᠬᠦᠯᠢ ᠴᠣᠭᠴᠠ ᠨᠢ 90% ᠶᠢ ᠳᠠᠪᠠᠭ᠋ᠤ ᠪᠣᠯᠣᠨ᠎ᠡ᠃ ᠦᠢᠯᠡᠴᠢᠯᠡᠭᠡᠨ ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠶᠡᠷᠦᠩᠬᠡᠶ ᠨᠡᠭᠡᠭᠡᠯᠲᠡ ᠶᠢᠨ ᠬᠢᠷᠢ ᠬᠡᠮᠵᠢᠶ᠎ᠡ ᠤᠤᠯ ᠤᠨ ︽10+1︾ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠠᠴᠠ ᠢᠯᠡᠳᠲᠡ ᠥᠨᠳᠥᠷ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠦᠷᠢᠰᠣᠯᠳᠣᠭᠡᠨ ᠤ ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ ᠲᠦᠪᠰᠢᠨ ᠪᠥᠬᠦᠶ ᠣᠳᠣᠬᠢᠴᠢᠯᠠᠭᠰᠠᠨ ᠵᠥᠪᠯᠡᠬᠦ ᠰᠡᠳᠦᠪ ᠢ ᠴᠦ ᠡᠭᠦᠨ ᠳᠤ ᠣᠷᠣᠭᠤᠯᠪᠠ ᠁    ᠷᠤᠸᠠᠨ ᠽᠦᠩ ᠽᠤ᠋ ᠢᠯᠡᠷᠬᠡᠶᠢᠯᠡᠬᠦ ᠳᠡᠭᠡᠨ᠂ ᠬᠤᠶᠢᠰᠢᠳᠠ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠩ ᠳᠥᠭᠦᠮ ᠳᠥᠲᠡ ᠬᠦᠷᠲᠡᠬᠦ ᠪᠣᠯᠤᠮᠵᠢ ᠲᠠᠢ᠂ ᠡᠯ᠎ᠡ ᠤᠯᠤᠰ ᠤᠨ ᠠᠷᠠᠳ ᠲᠦᠮᠡᠨ ᠴᠦ ᠨᠡᠩ ᠬᠢᠮᠳᠠ ᠦᠨ᠎ᠡ ᠬᠠᠩᠰᠢ ᠪᠠᠷ ᠭᠠᠳᠠᠭᠠᠳᠤ ᠠᠴᠠ ᠣᠷᠣᠭᠤᠯᠬᠤ ᠦᠢᠯᠡᠳᠭᠦᠨ ᠢ ᠡᠳ᠋ᠯᠡᠨ᠎ᠡ᠃ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠤᠯᠠᠮ ᠨᠢᠭᠡ ᠠᠯᠬᠤᠮ ᠬᠠᠩᠭᠠᠭᠳᠠᠬᠤ ᠪᠣᠯᠤᠨ᠎ᠠ᠃    ᠵᠢᠷᠤᠭ ᠪᠣᠯ 11 ᠰᠠᠷ᠎ᠠ ᠶᠢᠨ 8 ᠤ ᠡᠳᠦᠷ᠂ ᠲᠣᠭᠤᠷᠢᠨ ᠦᠵᠡᠭᠴᠢ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠣᠯᠳᠠ ᠶᠢᠨ ᠦᠵᠡᠰᠬᠦᠯᠡᠩ ᠤᠨ ᠴᠤᠭᠯᠠᠭᠠᠨ ᠤ ᠬᠡᠷᠡᠭᠯᠡᠭᠡᠨ ᠤ ᠡᠳ᠋ ᠤᠨ ᠦᠵᠡᠭᠦᠯᠭᠡ ᠶᠢᠨ ᠲᠣᠭᠤᠷᠢᠭ ᠤᠨ ᠠᠶ ᠮᠦᠸᠧ ᠯᠢ ᠨᠣᠮᠣᠬᠠᠨ ᠲᠡᠯᠡᠶ ᠶᠢᠨ ᠦᠵᠡᠭᠦᠯᠦᠯᠭᠡ ᠶᠢᠨ ᠲᠠᠪᠴᠠᠩ ᠳᠤ ᠠᠷᠠᠰᠤ ᠬᠠᠮᠠᠭᠠᠯᠠᠬᠤ ᠡᠳ᠋ ᠢ ᠲᠤᠷᠰᠢᠨ ᠬᠡᠷᠡᠭᠯᠡᠵᠦ ᠪᠠᠶᠢᠭ᠎ᠠ ᠨᠢ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ︶    ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠲᠡᠤᠬᠡᠲᠦ  ᠴᠢᠨᠡᠷᠳᠡᠢ ᠪᠠᠷ ᠳᠤᠮᠳᠠᠳᠤ ᠤᠯᠤᠰ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠠᠶ᠃ ᠳᠤᠮᠳᠠᠳᠤ ᠤᠯᠤᠰ ᠪᠣᠯᠤᠨ ᠪᠤᠰᠤᠳ RCEP ᠪᠦᠷᠢᠯᠳᠦᠬᠦᠨ ᠤ ᠬᠤᠭᠤᠷᠣᠨᠳᠣᠬᠢ ᠠᠷᠠᠯᠵᠢᠶᠠᠨ ᠤ ᠶᠡᠷᠦᠩᠬᠡᠶ ᠬᠡᠮᠵᠢᠶ᠎ᠡ 10550 ᠳ᠋ᠦᠩᠰᠢᠭᠤᠷ ᠳ᠋ᠣᠯᠯᠠᠷ ᠲᠤ ᠬᠦᠷᠴᠦ᠂ ᠪᠠᠷᠤᠭ ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠣᠭᠠᠨ ᠤ ᠭᠤᠷᠪᠠᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ᠡᠶᠢᠮᠦ ᠯᠤᠲᠤ ᠶᠡᠭᠡ ᠠᠷᠠᠯᠵᠢᠶᠠᠨ ᠤ ᠬᠡᠮᠵᠢᠶ᠎ᠡ ᠨᠢ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ ᠪᠠᠷ ᠳᠠᠮᠵᠢᠭᠠᠳ ᠯᠤᠲᠤ ᠶᠡᠭᠡ ︽ᠠᠷᠠᠯᠵᠢᠶᠠᠨ ᠤ ᠡᠭᠦᠳᠦᠯᠲᠡ︾ ᠶᠢᠨ ᠦᠢᠯᠡᠳᠣᠯ ᠭᠠᠷᠭᠠᠬᠤ ᠨᠢ ᠳᠠᠮᠵᠢᠭ ᠦᠭᠡᠢ ᠶᠤᠮ᠃    ᠳᠤᠷᠠᠳᠤᠭᠤᠰᠢᠲᠠᠶ ᠵᠦᠢᠯ ᠭᠡᠪᠡᠯ᠂ RCEP ᠳᠤ ᠭᠠᠷ ᠤᠨ ᠦᠰᠦᠭ ᠵᠢᠷᠤᠬᠤ ᠪᠠᠷ ᠳᠠᠮᠵᠢᠨ᠂ ᠤᠤᠯ‌ᠨᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠪᠠᠶᠢᠭᠰᠠᠨ ᠦᠭᠡᠢ ᠳᠤᠮᠳᠠᠳᠤ ᠶᠠᠫᠣᠨ᠂ ᠶᠠᠫᠣᠨ ᠺᠣᠷᠢᠶᠠ ᠪᠠᠰᠠ ᠴᠢᠯᠥᠭᠡᠲᠦ ᠠᠷᠠᠯᠵᠢᠶᠠᠨ ᠤ ᠰᠢᠨ᠎ᠡ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠴᠢᠯᠥᠭᠡᠲᠦ ᠠᠷᠠᠯᠵᠢᠶᠠᠨ ᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃    ︽RCEP ᠶᠢ ᠲᠣᠭᠲᠠᠭᠠᠭᠰᠠᠨ ᠨᠡᠩ ᠥᠨᠳᠥᠷ ᠲᠦᠪᠰᠢᠨ ᠪᠦᠬᠦᠢ ᠳᠤᠮᠳᠠᠳᠤ ᠶᠠᠫᠣᠨ ᠺᠣᠷᠢᠶᠠ ᠶᠢᠨ ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠳᠤ ᠠᠰᠢᠭᠲᠠᠢ ᠪᠥᠭᠡᠳ ᠢᠷᠡᠭᠡᠳᠦᠢ ᠳᠤ ᠳᠤᠮᠳᠠᠳᠤ ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤᠬᠢᠷᠠᠯᠴᠠᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ᠃︾ ᠭᠡᠵᠦ ᠸᠠᠩ ᠱᠸᠦ ᠸᠤᠨ ᠬᠡᠯᠡᠪᠡ᠃    ᠬᠠᠷᠢᠯᠴᠠᠨ ᠬᠠᠷᠠᠭᠠᠯᠵᠠᠯ ᠦᠵᠡᠭᠦᠯᠬᠦ ᠲᠠᠯ᠎ᠠ ᠪᠠᠷ᠂ RCEP ᠠᠳᠠᠯᠢ ᠪᠤᠰᠤ ᠤᠯᠤᠰ ᠤᠨ ᠪᠠᠶᠢᠳᠠᠯ ᠢ ᠬᠠᠷᠠᠭᠠᠯᠵᠠᠵᠦ᠂ ᠬᠠᠮᠤᠭ ᠤᠨ ᠬᠥᠭᠵᠢᠭᠡᠳᠦᠶ ᠤᠯᠤᠰ ᠲᠤ ᠣᠨᠴᠠᠭᠠᠶ ᠪᠠ ᠵᠥᠷᠢᠶᠡᠲᠦ ᠬᠠᠷᠠᠭᠠᠯᠵᠠᠯ ᠬᠦᠷᠲᠡᠭᠡᠬᠦ ᠶᠢ ᠡᠯ᠎ᠡ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠭᠰᠠᠨ ᠭᠡᠵᠦ ᠬᠡᠯᠡᠵᠦ ᠪᠣᠯᠣᠨ᠎ᠠ᠃ ᠵᠠᠳᠠᠯᠤᠭᠴᠢᠳ ᠢᠯᠡᠷᠬᠡᠶᠢᠯᠡᠬᠦ ᠳᠡᠭᠡᠨ᠂ ᠡᠨᠡ ᠨᠢ ᠲᠣᠰ ᠭᠠᠵᠠᠷ ᠣᠷᠣᠨ ᠤ ᠪᠠᠨ ᠪᠠᠭᠲᠠᠭᠠᠮᠵᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ RCEP ᠶᠢᠨ ᠦᠷ᠎ᠡ ᠪᠦᠲᠦᠭᠡᠯ ᠢ ᠭᠦᠢᠴᠡᠳ ᠡᠳᠡᠯᠠᠭᠦᠯᠵᠦ ᠪᠣᠯᠤᠨ᠎ᠠ ᠭᠡᠵᠡᠶ᠃    11 ᠰᠠᠷ᠎ᠠ ᠶᠢᠨ 10 ᠤ ᠡᠳᠦᠷ᠂ ᠦᠵᠡᠭᠴᠢᠳ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠢᠳᠡᠭᠡᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠤᠨ ᠶᠠᠫᠣᠨ ᠤ ᠠᠷᠠᠯᠵᠢᠶ᠎ᠠ ᠶᠢ ᠬᠥᠭᠵᠢᠭᠦᠯᠦᠨ ᠮᠠᠨᠳᠤᠭᠤᠯᠬᠤ ᠪᠠᠶᠢᠭᠤᠯᠤᠮᠵᠢ ᠶᠢᠨ ᠦᠵᠡᠭᠦᠯᠦᠯᠭᠡ ᠶᠢᠨ ᠲᠠᠶᠢᠰᠠᠨ ᠠᠴᠠ ᠭᠠᠷᠴᠤ ᠢᠷᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠴᠧᠨ ᠶᠧ ᠬᠤᠸᠠ ᠰᠡᠭᠦᠳᠡᠷᠯᠡᠪᠡ    ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ    ᠴᠢᠯᠥᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠪᠣᠯ ᠳᠤᠮᠳᠠᠳᠤ ᠤᠯᠤᠰ ᠤᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠠᠭᠤᠯᠭ᠎ᠠ ᠪᠣᠯᠤᠨ᠎ᠠ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ︽ᠪᠦᠬᠦ ᠪᠥᠮᠪᠥᠷᠴᠡᠭ ᠲᠤ ᠬᠠᠨᠳᠤᠭᠤᠯᠤᠭᠰᠠᠨ ᠦᠨᠳᠣᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠲᠡᠷᠢᠭᠦᠯᠡᠭᠴᠢ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠲᠡᠭᠡᠷ᠎ᠡ ᠪᠠᠰᠠ ︽ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠡᠶᠠᠨ ᠤ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠲᠤ ᠲᠦᠷᠭᠡᠨ ᠭᠠᠷ ᠤᠨ ᠦᠰᠦᠭ ᠵᠢᠷᠤᠬᠤ ᠶᠢ ᠠᠬᠢᠭᠤᠯᠤᠨ᠎ᠠ ᠁︾   ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠤᠭᠰᠠᠨ ᠨᠢ ᠳᠤᠮᠳᠠᠳᠤ ᠤᠯᠤᠰ ᠤᠨ ᠰᠢᠨ᠎ᠡ ᠴᠠᠭ ᠦᠶ᠎ᠡ ᠳᠤ ᠨᠡᠭᠡᠭᠡᠯᠳᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠳᠤ ᠯᠤᠲᠤ ᠶᠡᠭᠡ ᠬᠦᠴᠦᠨ ᠨᠡᠮᠡᠷᠢᠯᠠᠬᠦ ᠪᠣᠯᠤᠨ᠎ᠠ᠃    ︽RCEP ᠪᠣᠯ ︿ᠬᠤᠤᠰ ᠣᠷᠴᠢᠯ﹀ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠦᠢᠯ ᠤᠨ ᠵᠠᠩᠭᠢᠯᠠᠭ᠎ᠠ ᠪᠣᠯᠬᠤ ᠲᠣᠭᠲᠠᠴᠠ ᠶᠢᠨ ᠴᠢᠨᠠᠷᠲᠠᠶ ᠬᠠᠮᠲᠤᠷᠠᠯᠴᠠᠭᠠᠨ ᠤ ᠲᠠᠪᠴᠠᠩ ᠮᠥᠨ᠃ ᠡᠨᠡᠬᠦ ᠪᠣᠷᠣ ᠲᠥᠯᠥᠪ ᠤᠨ ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠡᠯᠧᠮᠧᠨ᠋ᠲ ᠢ ᠨᠡᠩ ᠥᠨᠳᠥᠷ ᠪᠦᠳᠣᠮᠵᠢᠳᠡᠢ ᠳᠤᠬᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠪᠣᠯᠤᠨ᠎ᠠ︾ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃     ᠡᠨᠡ ᠪᠣᠯ ᠨᠢᠭᠡ ᠬᠠᠭᠤᠳᠠᠰᠤ ᠬᠡᠪ ᠨᠡᠶᠢᠯᠡᠭᠦᠯᠦᠭᠰᠡᠨ ᠰᠡᠭᠦᠳᠡᠷ ᠪᠣᠯᠤᠨ᠎ᠠ᠃ ᠵᠢᠷᠤᠭ ᠪᠣᠯ ᠠᠶ ᠯᠠᠶ ᠹᠡ ᠰᠢ ᠰᠢᠨ ᠰᠢ ᠯᠠᠨ ᠺᠣᠮᠫᠠᠨᠢ ᠶᠢᠨ ᠠᠵᠢᠯᠲᠠᠨ ᠵᠠᠶᠢᠷᠮᠠᠭ ᠤᠨ ᠦᠢᠯᠡᠳᠪᠣᠷᠢᠯᠡᠯ ᠤᠨ ᠱᠤᠭᠤᠮ ᠳᠡᠭᠡᠷ᠎ᠡ ᠠᠵᠢᠯᠯᠠᠵᠤ ᠪᠠᠶᠢᠭ᠎ᠠ ᠨᠢ ︵ᠮᠠᠲ᠋ᠧᠷᠢᠶᠠᠯ ᠬᠡᠷᠡᠯ ᠵᠢᠷᠤᠭ᠂ ᠰᠢᠨᠬᠤᠸᠠ ᠬᠤᠷᠢᠶ᠎ᠠ ᠲᠠᠷᠬᠠᠭᠠᠪᠠ︶᠃ ᠵᠢᠷᠤᠭ ᠪᠣᠯ 11 ᠰᠠᠷ᠎ᠠ ᠶᠢᠨ 7 ᠤ ᠡᠳᠦᠷ᠂ ᠠᠵᠢᠯᠲᠠᠳ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ G. nature ᠦᠵᠡᠭᠦᠯᠦᠯᠭᠡ ᠶᠢᠨ ᠲᠠᠶᠢᠰᠠᠨ᠎ᠠ ᠰᠢᠨ᠎ᠡ ᠽᠢᠯᠠᠨᠳ᠋ ᠠᠴᠠ ᠣᠷᠣᠭᠤᠯᠣᠭᠰᠡᠨ ᠵᠠᠶᠢᠷᠮᠠᠭ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ︶     ᠬᠤᠶᠡᠷ ᠪᠦᠯᠦᠭ ᠲᠤᠭ᠎ᠠ ᠨᠢ RCEP ᠶᠢᠨ ︽ᠠᠯᠲᠠᠨ ᠤ ᠠᠭᠤᠯᠤᠭᠳᠠᠴᠠ︾ ᠶᠢ ᠬᠠᠮᠤᠭ ᠠᠴᠠ ᠢᠯᠡᠭᠦᠤ ᠭᠡᠷᠡᠴᠢᠯᠡᠵᠦ  ᠴᠢᠳᠠᠨ᠎ᠠ    — RCEP ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠭᠠᠳᠠᠭᠠᠳᠤ ᠳᠤ ᠭᠠᠷ ᠤᠨ ᠦᠰᠦᠭ ᠵᠢᠷᠤᠭᠰᠠᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ 19 ᠪᠡᠶᠢᠵᠦ᠂ ᠴᠢᠯᠥᠭᠡᠲᠦ ᠠᠷᠠᠯᠵᠢᠶᠠᠨ ᠤ ᠬᠠᠨᠢᠲᠠᠨ 26 ᠪᠣᠯᠬᠤ ᠪᠣᠯᠤᠨ᠎ᠠ᠃    — RCEP ᠪᠠᠷ ᠳᠠᠮᠵᠢᠭᠤᠯᠤᠨ ᠳᠤᠮᠳᠠᠳᠤ ᠶᠠᠫᠣᠨ ᠤ ᠴᠢᠯᠥᠭᠡᠲᠦ ᠠᠷᠠᠯᠵᠢᠶᠠᠨ ᠤ ᠬᠠᠷᠢᠴᠠᠭ᠎ᠠ ᠶᠢ ᠰᠢᠨ᠎ᠡ ᠪᠠᠷ ᠪᠡᠶᠢᠭᠤᠯᠪᠡ᠃ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ ᠶᠢᠨ ᠲᠦᠷᠦᠭᠦᠦ ᠠᠷᠪᠠ ᠶᠢᠨ ᠠᠵᠤ ᠠᠬᠤᠢ ᠶᠢᠨ ᠴᠣᠭᠴᠠ ᠲᠠᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠪᠣᠯᠤᠨ ᠴᠢᠯᠥᠭᠡᠲᠦ ᠠᠷᠠᠯᠵᠠᠶᠠᠨ ᠤ ᠬᠠᠨᠢᠲᠠᠨ ᠤ ᠠᠷᠠᠯᠵᠢᠶᠠᠨ ᠤ ᠪᠦᠷᠬᠦᠴᠡ ᠶᠢ ᠣᠳᠣᠬᠠᠨ ᠤ 27% ᠪᠠᠶᠢᠭᠰᠠᠨ ᠠᠴᠠ 35% ᠪᠣᠯᠭᠠᠨ ᠲᠡᠭᠡᠭᠰᠢᠯᠡᠭᠦᠯᠵᠦ ᠪᠠᠶᠢᠭ᠎ᠠ ᠶᠠᠪᠤᠳᠠᠯ ᠪᠣᠯᠤᠨ᠎ᠠ᠃    ᠱᠠᠨᠰᠢ ᠮᠤᠵᠢ ᠶᠢᠨ ᠱᠠᠩ ᠯᠦᠸᠧ ᠬᠤᠲᠠ ᠶᠢᠨ ᠳ᠋ᠠᠨ ᠹᠧᠩ ᠰᠢᠶᠠᠨ ᠤ ᠨᠢᠭᠡᠨ ᠢᠳᠡᠭᠡᠨ ᠤ ᠺᠣᠮᠫᠠᠨᠢ ᠳᠤ᠂ ᠭᠤᠤᠯ ᠨᠡᠪᠳᠡᠷᠡᠭᠦᠯᠭᠡ ᠨᠢ ᠰᠦᠯᠵᠢᠶᠡᠨ ᠤ ᠰᠢᠭᠤᠳ ᠨᠡᠪᠲᠡᠷᠡᠭᠦᠯᠭᠡ ︵7 ᠰᠠᠷ᠎ᠠ ᠶᠢᠨ 20 ᠤ ᠡᠳᠦᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠰᠢᠶᠤᠤ ᠰᠡᠭᠦᠳᠡᠷᠯᠡᠪᠡ    ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠯᠠᠨ ᠤᠯᠤᠰ ᠤᠨ ᠵᠠᠬ᠎ᠠ ᠲᠡᠯᠭᠡᠭᠦᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠶ ᠮᠢᠩ ᠢᠯᠡᠷᠬᠡᠶᠢᠯᠡᠬᠦ ᠳᠡᠭᠡᠨ᠂ RCEP ᠳᠤ ᠭᠠᠷ ᠤᠨ ᠦᠰᠦᠭ ᠵᠢᠷᠤᠭᠰᠠᠨ ᠨᠢ ᠮᠠᠨ ᠤ ᠤᠯᠤᠰ ᠤᠨ ᠨᠠᠩ ᠪᠦᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠯᠠᠨ ᠡᠰᠢᠲᠦ ᠭᠠᠳᠠᠭᠠᠳᠤ ᠨᠡᠭᠡᠭᠡᠯᠲᠡ ᠪᠠᠷ ᠳᠠᠮᠵᠢᠨ᠂ ᠭᠠᠳᠠᠭᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠠᠰᠢᠭᠲᠠᠢ ᠶᠤᠮ᠃ ᠤᠯᠠᠨ ᠤᠯᠤᠰ ᠤᠨ ᠥᠨᠳᠥᠷ ᠪᠠᠷᠢᠮᠵᠢᠶᠠᠲᠤ ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠦᠷᠢᠮ ᠲᠠᠢ ᠲᠠᠰᠤᠷᠠᠯᠳᠠ ᠦᠭᠡᠢ ᠵᠣᠯᠭᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠡᠶᠢᠭᠤᠯᠣᠯ ᠢ ᠪᠠᠶᠢᠭᠤᠯᠤᠨ᠎ᠠ᠃    ᠣᠳᠣᠬᠠᠨ ᠳᠤ RCEP ᠶᠢᠨ ᠬᠠᠮᠤᠭ ᠡᠴᠦᠰ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ ᠪᠠᠰᠠ ᠪᠠᠶᠢᠨ᠎ᠠ᠄ ᠲᠣᠭᠲᠠᠭᠠᠯ ᠢ ᠦᠨᠳᠦᠰᠦᠯᠡᠪᠡᠯ᠂ RCEP ᠬᠡᠯᠡᠯᠴᠡᠭᠡᠷ ᠢ 15 ᠪᠦᠷᠢᠯᠳᠦᠬᠦᠨ ᠤ ᠳᠣᠲᠣᠷ᠎ᠠ ᠨᠠᠭᠠᠳᠤ ᠵᠠᠬ᠎ᠠ ᠳᠠᠭᠠᠨ 9 ᠪᠦᠷᠢᠯᠳᠦᠬᠦᠨ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠤᠨ᠎ᠠ᠃ ᠡᠭᠦᠨ ᠳᠤ ᠠᠳᠠᠭ ᠪᠠᠭ᠎ᠠ ᠳᠠᠭᠠᠨ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 6 ᠪᠦᠷᠢᠯᠳᠦᠬᠦᠨ ᠤᠯᠤᠰ ᠪᠠ ᠲᠣᠮᠳᠠᠳᠦ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠠ ᠰᠢᠨ᠎ᠡ ᠽᠢᠯᠠᠨᠳ᠋ ᠤᠨ ᠳᠤᠮᠳᠠ ᠨᠠᠭᠠᠳᠤ ᠵᠠᠬ᠎ᠠ ᠳᠠᠭᠠᠨ 3 ᠤᠯᠤᠰ ᠢ ᠪᠠᠭᠲᠠᠭᠠᠨ᠎ᠠ᠃    ᠸᠠᠩ ᠵᠢᠶᠣᠤᠱᠧᠦ ᠶᠢᠨ ᠲᠠᠨᠢᠯᠴᠠᠭᠤᠯᠤᠭᠰᠠᠨ ᠢᠶᠠᠷ᠂ ᠵᠠᠯᠭᠠᠭᠠᠳ RCEP ᠶᠢᠨ ᠡᠯ᠎ᠡ ᠪᠦᠷᠢᠯᠳᠦᠬᠦᠨ ᠲᠤᠰ ᠲᠤᠰ ᠤᠯᠤᠰ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠬᠢᠨᠠᠨ ᠵᠥᠪᠰᠢᠶᠡᠷᠡᠬᠦ ᠵᠢᠷᠤᠮ ᠢ ᠭᠦᠢᠴᠡᠳᠬᠡᠵᠦ᠂ ᠬᠡᠯᠡᠯᠴᠡᠭᠡᠷ ᠤᠨ ᠡᠷᠲᠡᠬᠡᠨ ᠬᠦᠴᠦᠨ ᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ ᠤᠯᠤᠰ ᠤᠨ ᠳᠣᠲᠣᠭᠠᠳᠤ ᠶᠢᠨ ᠵᠥᠪᠰᠢᠶᠡᠷᠡᠯ ᠤᠨ ᠵᠢᠷᠤᠮ ᠢ ᠲᠦᠷᠭᠡᠳᠬᠡᠪᠡ᠂ ᠳᠤᠮᠳᠠᠳᠤ ᠤᠯᠤᠰ ᠴᠤ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ RCEP ᠬᠡᠯᠡᠯᠴᠡᠭᠡᠷ ᠢ ᠲᠤᠰ ᠭᠠᠵᠠᠷ ᠣᠷᠣᠨ ᠤ ᠠᠵᠤ ᠠᠬᠤᠶᠢᠯᠠᠯ ᠪᠠ ᠠᠷᠠᠳ ᠲᠦᠮᠡᠨ ᠳᠤ ᠡᠷᠲᠡᠬᠡᠨ ᠠᠰᠢᠭ ᠬᠦᠷᠲᠡᠭᠡᠬᠦ ᠪᠠᠷ ᠴᠢᠷᠮᠠᠶᠢᠨ᠎ᠠ᠃    ︽ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠥᠪᠬᠡᠨ ᠡᠬᠢᠯᠡᠯᠲᠡ ᠲᠡᠳᠦᠶ ᠶᠤᠮ᠂ RCEP ᠨᠢ ᠲᠤᠰ ᠭᠠᠵᠠᠷ ᠣᠷᠣᠨ ᠳᠠᠭᠠᠨ ᠨᠢᠭᠡᠨ ᠲᠠᠪᠴᠠᠩ ᠬᠠᠩᠭᠠᠪᠠ᠂ ᠡᠯ᠎ᠡ ᠲᠠᠯ᠎ᠠ ᠶᠢᠨ ᠬᠢᠨ ᠡᠨᠡ ᠬᠦ ᠰᠠᠭᠤᠷᠢᠨ ᠲᠡᠭᠡᠷ᠎ᠡ ᠤᠯᠠᠮ ᠨᠢᠭᠡ ᠠᠯᠬᠤᠮ ᠬᠠᠮᠲᠤᠷᠠᠯᠴᠠᠵᠤ ᠪᠣᠯᠤᠨ᠎ᠠ᠃ ᠠᠷᠠᠯᠵᠢᠶᠠᠨ ᠤ ᠪᠡᠯᠡ ᠣᠷᠣᠭᠤᠯᠤᠯᠲᠠ ᠶᠢᠨ ᠨᠡᠩ ᠥᠨᠳᠥᠷ ᠲᠦᠪᠰᠢᠨ ᠪᠦᠬᠦᠢ ᠴᠢᠯᠥᠭᠡᠵᠢᠯᠲᠡ ᠳᠥᠭᠦᠮᠴᠢᠯᠡᠯᠲᠡ ᠶᠢ  ᠪᠡᠶᠡᠯᠡᠭᠦᠯᠣᠨ᠎ᠡ᠃︾ ᠭᠡᠵᠦ ᠸᠠᠩ ᠱᠸᠦ ᠸᠤᠨ ᠬᠡᠯᠡᠪᠡ᠃                                                 ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠢᠨᠬᠤᠸᠠ ᠬᠤᠷᠢᠶᠠᠨ ᠤ ᠪᠡᠭᠡᠵᠢᠩ ᠤᠨ11 ᠰᠠᠷ᠎ᠡ ᠶᠢᠨ 15 ᠤ ᠡᠳᠦᠷ ᠤᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号