ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠨ ᠬᠠᠤᠯᠢ ᠶᠢᠨ | ᠡᠳᠦᠷ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠴᠠᠬᠠᠷ ᠠᠭᠤᠳᠠᠮ ᠲᠠᠯᠠᠪᠠᠶ ᠳᠤ | ᠶᠠᠪᠤᠭᠳᠠᠪᠠ | | ᠪᠦᠬᠦ ᠤᠯᠤᠰ ᠠᠴᠠ ᠳᠣᠯᠣᠳᠤᠭᠠᠷ ︽12.4︾ ᠤᠯᠤᠰ ᠠᠴᠠ ᠦᠨᠳᠦᠰᠦᠨ ᠬᠠᠤᠯᠢ ᠡᠳᠦᠷ ᠢ ᠪᠡᠯᠭᠡᠯᠡᠬᠦ ᠶᠢᠨ | ᠲᠥᠯᠥᠭᠡ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠤ᠂ ᠪᠦᠬᠦ ᠨᠡᠶᠢᠭᠡᠮ ᠳᠤ ᠦᠨᠳᠦᠰᠦᠨ ᠬᠠᠤᠯᠢ ᠶᠢ ᠤᠬᠠᠭᠤᠯᠵᠤ᠂ ᠤᠯᠤᠰ ᠠᠴᠠ ᠦᠨᠳᠦᠰᠦᠨ | ᠬᠠᠤᠯᠢ ᠴᠠᠭᠠᠵᠠ ᠶᠢ ᠤᠬᠠᠭᠤᠯᠵᠤ᠂ ᠨᠡᠶᠢᠭᠡᠮ ᠵᠢᠷᠤᠮ ᠤᠨ ᠬᠠᠤᠯᠢ᠎ᠪᠠᠷ ᠵᠠᠰᠠᠬᠤ ᠦᠵᠡᠯᠲᠡ ᠶᠢᠨ ᠬᠥᠮᠦᠵᠢᠯ ᠢ | ᠥᠷᠨᠢᠭᠦᠯᠵᠦ᠂ ᠪᠦᠬᠦ ᠠᠷᠠᠳ ᠢᠷᠭᠡᠳ ᠤᠨ ᠬᠠᠤᠯᠢ ᠴᠠᠭᠠᠵᠠ ᠶᠢᠨ ᠬᠡᠪ ᠴᠢᠨᠠᠷ ᠪᠠ ᠪᠦᠬᠦ ᠨᠡᠶᠢᠭᠡᠮ ᠤᠨ ᠬᠠᠤᠯᠢ ᠪᠠᠷ | ᠵᠠᠰᠠᠬᠤ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠬᠤᠰᠢᠭᠤ ᠪᠠᠨ | ᠵᠠᠰᠠᠬᠤ ᠪᠠ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃ 12 ᠰᠠᠷ᠎ᠠ ᠶᠢᠨ 4 ᠤ | ᠡᠳᠦᠷ᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠶ᠎ᠠ︾ ᠭᠡᠬᠦ ᠭᠤᠤᠯ ᠰᠡᠳᠤᠪ ᠲᠠᠢ ᠦᠨᠳᠦᠰᠦᠨ | ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠴᠠᠬᠠᠷ ᠲᠠᠯᠠᠪᠠᠶ ᠳᠤ ᠶᠠᠪᠤᠭᠳᠠᠪᠠ᠃ | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤ | ᠴᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠠᠯᠲᠠᠨᠬᠤᠸᠠᠷ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠳᠡᠯᠭᠡᠷ ᠠᠵᠢᠯᠯᠠᠭ᠎ᠠ ᠳᠤ ᠣᠷᠣᠯᠴᠠᠵᠠᠶ᠃ ᠡᠯ᠎ᠡ ᠰᠤᠮᠤ ᠰᠢᠶᠠᠩ ᠪᠠᠯᠭᠠᠰᠤ᠂ ᠡᠯ᠎ᠡ | ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠠᠵᠢᠯᠯᠠᠭ᠎ᠠ ᠳᠤ ᠣᠷᠣᠯᠴᠠᠬᠤ ᠬᠡᠷᠡᠭᠲᠡᠶ᠃ | | ᠵᠠᠩ ᠰᠢᠤ ᠴᠢᠩ ᠠᠵᠢᠯᠯᠠᠭ᠎ᠠ ᠶᠢ ᠡᠷᠬᠢᠯᠡᠪᠡ᠃ | ᠠᠵᠢᠯᠯᠠᠭ᠎ᠠ ᠶᠢᠨ ᠱᠠᠭᠠᠷᠳᠠᠯᠭ᠎ᠠ ᠨᠢ᠂ ᠡᠯ᠎ᠡ ᠱᠠᠲᠤᠨ ᠤ ᠺᠠᠳ᠋ᠷ ᠠᠵᠢᠯᠲᠠᠨ ᠠᠵᠢᠯᠴᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠠᠶ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ | ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ | ︾ ᠶᠢ ᠪᠡᠶᠡᠯᠡᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠵᠥᠪ ᠤᠯᠤᠰ ᠲᠥᠷᠥ ᠶᠢᠨ ᠴᠢᠭᠯᠡᠯ ᠪᠠ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠦᠨᠡᠨᠬᠦ ᠪᠠᠲᠤᠯᠠᠨ᠎ᠠ᠃ ᠥᠷᠭᠡᠨ ᠣᠯᠠᠨ ᠤᠳᠤᠷᠢᠳᠬᠤ ᠺᠠᠳ᠋ᠷᠴᠤᠳ ᠬᠠᠤᠯᠢ | ᠶᠣᠰᠣᠭᠠᠷ ᠲᠥᠷᠥ ᠪᠠᠷᠢᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠤ᠂ ᠥᠷᠭᠡᠨ ᠣᠯᠠᠨ ᠠᠯᠪᠠᠨ | ᠲᠤᠰᠢᠶᠠᠯᠲᠠᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠲᠥᠪ ᠭᠤᠤᠯᠴᠢ ᠪᠠᠷ ᠬᠠᠤᠯᠢ ᠪᠠᠷᠢᠬᠤ ᠴᠢᠳᠠᠪᠤᠷᠢ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠬᠠᠤᠯᠢ ᠰᠤᠷᠴᠤ ᠬᠠᠤᠯᠢ | ᠰᠠᠬᠢᠬᠤ ᠳᠠᠳᠬᠠᠯ ᠲᠠᠢ ᠪᠣᠯᠬᠤ ᠬᠡᠷᠡᠭᠲᠡᠶ᠃ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠯᠲᠠ ᠶᠢᠨ ᠠᠵᠢᠯᠲᠠᠨ ᠬᠠᠤᠯᠢ | ᠶᠣᠰᠣᠭᠠᠷ ᠡᠵᠡᠩᠨᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠠᠷᠠᠳ ᠢᠷᠭᠡᠳ ᠬᠠᠤᠯᠢ | ᠴᠠᠭᠠᠵᠠ ᠶᠢᠨ ᠮᠡᠳᠡᠯᠭᠡ ᠶᠢᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ | ᠣᠶᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ | | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠬᠤᠰᠢᠭᠤᠨ ᠤ ᠺᠠᠳ᠋ᠷ ᠣᠯᠠᠨ | ᠲᠦᠮᠡᠨ ᠤ ᠬᠠᠤᠯᠢ ᠪᠠᠷ ᠵᠠᠰᠠᠬᠤ ᠤᠯᠤᠰ ᠠᠴᠠ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠢᠳᠡᠪᠬᠢᠵᠢᠯ ᠢ | ᠭᠦᠢᠴᠡᠳ ᠳᠠᠶᠢᠴᠢᠯᠠᠨ᠂ ᠪᠦᠬᠦ ᠠᠷᠠᠳ ᠤᠨ ᠦᠨᠳᠦᠰᠦᠨ ᠬᠠᠤᠯᠢ ᠤᠬᠠᠮᠰᠠᠷ ᠪᠠ ᠬᠠᠤᠯᠢ ᠴᠠᠭᠠᠵᠠ ᠶᠢᠨ | ᠦᠵᠡᠯᠲᠡ ᠶᠢ ᠴᠢᠩᠭᠠᠳᠬᠠᠵᠤ᠂ ᠠᠷᠠᠳ ᠨᠡᠶᠢᠲᠡ ᠪᠠᠷ ᠢᠶᠠᠨ ᠬᠠᠤᠯᠢ ᠶᠢ ᠰᠤᠷᠴᠤ ᠬᠠᠤᠯᠢ ᠶᠢ ᠬᠡᠷᠡᠭᠯᠡᠵᠦ ᠬᠠᠤᠯᠢ ᠶᠢ | ᠰᠠᠬᠢᠬᠤ ᠪᠠ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ | ᠨᠡᠮᠡᠭᠳᠡᠭᠦᠯᠪᠡ᠃ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠳᠤ ᠰᠠᠭᠤᠷᠢ | ᠲᠠᠯᠪᠢᠵᠤ ᠥᠭᠴᠡᠶ᠃ | | ᠣᠷᠴᠢᠭᠤᠯᠣᠭᠴᠢ᠄ ᠡᠷᠳᠡᠨᠢᠴᠢᠮᠡᠭ | ᠵᠣᠬᠢᠶᠠᠭᠴᠢ᠄ ᠰᠦᠨ ᠶᠢᠩ |