ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/2
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠤ ᠲᠠᠷᠢᠶᠠᠯᠠᠩ       ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ       ᠡᠮᠬᠢᠯᠡᠨ ᠨᠡᠶᠢᠯᠡᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠠᠷᠠᠭᠤᠨ ᠭᠠᠷᠤᠨ       ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠨᠢᠭᠡᠴᠡ ᠳᠤ᠄   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠠᠯᠪᠠᠨ ᠠᠵᠢᠯ ᠤᠨ ᠬᠤᠷᠠᠯ ᠢᠶᠠᠷ ᠰᠤᠳᠤᠯᠵᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠳᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠦᠩᠭᠦ ᠶᠢ ᠨᠢᠭᠡᠳᠦᠯᠲᠡᠢ ᠳᠤ ᠲᠥᠯᠥᠪᠵᠢᠭᠦᠯᠦᠨ ᠡᠮᠬᠢᠯᠡᠨ ᠨᠡᠶᠢᠯᠡᠭᠦᠯᠬᠦ ᠲᠥᠰᠦᠯ︾ ᠢ ᠪᠠᠲᠤᠯᠠᠵᠤ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ  ᠴᠤᠬᠤᠯᠠᠪᠤᠷᠢᠯᠠᠭᠤᠯᠤᠨ ᠵᠥᠪᠰᠢᠶᠡᠷᠡᠭᠦᠯᠪᠡ᠃ ᠡᠳᠦᠭᠡ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃    2020 ᠣᠨ ᠤ 10 ᠰᠠᠷ᠎ᠠ ᠶᠢᠨ 27 ᠤ ᠡᠳᠦᠷ    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2020 ᠣᠨ ᠳᠤ ᠡᠳ᠋ ᠤᠨ ᠵᠠᠰᠠᠭ ᠢ ᠨᠢᠭᠡᠳᠦᠯᠲᠡᠶ ᠲᠥᠯᠥᠪᠵᠢᠭᠦᠯᠦᠨ ᠨᠢᠬᠡᠳᠬᠡᠵᠤ ᠬᠡᠷᠡᠭᠯᠡᠨ᠎ᠡ    ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠲᠣᠬᠢᠷᠠᠭᠤᠯᠬᠤ ᠲᠥᠰᠦᠯ    ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠶ ᠲᠦᠯᠦᠪᠵᠢᠬᠦᠯᠵᠤ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠭᠤᠨ ᠪᠥᠭᠡᠳ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠱᠠᠭᠠᠷᠳᠠᠯᠭ᠎ᠠ ᠶᠢ ᠦᠨᠳᠦᠰᠦᠯᠡᠬᠦ ᠬᠡᠷᠡᠭᠲᠡᠶ᠃ ᠮᠠᠨ ᠤ ᠬᠤᠰᠢᠭᠤᠨ ᠤ ᠪᠡᠯᠡ ᠮᠥᠩᠭᠦ ᠶᠢᠨ ᠬᠦᠢᠴᠡᠳᠬᠡᠯ ᠲᠤᠭ᠎ᠠ ᠪᠣᠯᠤᠨ ᠮᠠᠨ ᠤ ᠬᠤᠰᠢᠭᠤᠨ ᠤ ᠬᠠᠭᠠᠰ ᠵᠢᠯ ᠤᠨ ᠳᠤᠷᠰᠢᠬᠢ ᠪᠣᠳᠠᠲᠠᠶ ᠬᠡᠷᠡᠭᠵᠢᠭᠦᠯᠦᠭᠰᠡᠨ ᠪᠠᠶᠢᠳᠠᠯ ᠣᠲᠣ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄    ᠨᠢᠭᠡ᠂ ᠲᠣᠬᠢᠷᠠᠭᠤᠯᠬᠤ ᠵᠠᠷᠴᠢᠮ    ᠪᠡᠯᠡ ᠮᠥᠩᠭᠦ ᠲᠥᠷᠥᠯ ᠵᠦᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠪᠠᠲᠤ ᠪᠠᠬᠢ︾ ᠶᠢ ᠭᠤᠣᠯᠳᠠᠯᠭ᠎ᠠ ᠲᠠᠢ ᠦᠨᠡᠯᠡᠵᠤ᠂ ᠪᠠᠬᠢᠵᠢᠭᠦᠯᠦᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠦᠮᠦᠷᠬᠡ ᠪᠠᠷ ᠲᠦᠰᠢᠭ ᠪᠣᠯᠭᠠᠵᠤ᠂ ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠥᠬᠡᠶ᠂ ᠲᠥᠷᠥ ᠶᠢᠨ ᠪᠣᠳᠣᠯᠭ᠎ᠠ ᠪᠠᠨ ᠲᠠᠰ ᠤᠯᠬᠤ ᠥᠬᠡᠶ᠂ ᠬᠠᠪᠰᠤᠷᠤᠨ ᠲᠡᠳᠬᠦᠬᠦ ᠪᠠᠨ ᠵᠣᠭᠰᠣᠬᠤ ᠥᠬᠡᠶ᠂ ᠬᠢᠨᠠᠯᠲᠠ ᠬᠠᠮᠢᠶᠠᠷᠤᠯᠲᠠ ᠪᠠᠨ ᠬᠠᠶᠠᠬᠤ ᠥᠬᠡᠶ︾ ᠪᠠᠶᠢᠬᠤ ᠶᠢ ᠪᠠᠷᠢᠮᠲᠠᠯᠠᠵᠤ᠂ ︽ᠶᠠᠳᠠᠭᠤ ᠠᠴᠠ ᠠᠩᠭᠢᠵᠢᠷᠠᠭᠰᠠᠨ ᠴᠤ ᠳᠠᠬᠢᠨ ᠶᠠᠳᠠᠭᠤᠷᠠᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠲᠥᠯᠥᠪᠯᠡᠭᠡ ᠶᠢ ᠪᠡᠶᠡᠯᠡᠭᠦᠯᠦᠨ᠎ᠡ᠃ ︽ᠬᠡᠷᠡᠭᠴᠡᠭᠡᠨ ᠠᠴᠠ ᠪᠣᠯᠵᠤ ᠴᠡᠭᠴᠡᠯᠡᠬᠦ︾ ᠤᠷᠢᠲᠠᠯ ᠳᠣᠣᠷ᠎ᠠ᠂ ᠮᠠᠨ ᠤ ᠬᠤᠰᠢᠭᠤᠨ ᠤ ᠪᠣᠳᠠᠲᠤ  ᠪᠠᠶᠢᠳᠠᠯ ᠢ ᠦᠨᠳᠦᠰᠦᠯᠡᠨ ᠪᠡᠯᠡ ᠮᠥᠩᠭᠦ ᠶᠢ ᠨᠢᠭᠡᠳᠬᠡᠬᠦ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠣᠬᠢᠷᠠᠭᠤᠯᠤᠯᠲᠠ ᠬᠢᠨ᠎ᠡ᠃    ᠬᠤᠶᠠᠷ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠬᠡᠪᠴᠢᠶᠡᠨ ᠳᠤ ᠲᠣᠬᠢᠷᠠᠭᠤᠯᠤᠯᠲᠠ ᠬᠢᠭᠰᠡᠨ ᠪᠠᠶᠢᠳᠠᠯ    ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠨ ᠣᠯᠵᠤ᠂ ᠪᠡᠯᠡ ᠮᠥᠩᠭᠦ ᠶᠢᠨ ᠢᠷᠡᠯᠲᠡ ᠪᠠ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠡᠮᠬᠢᠯᠡᠨ ᠨᠡᠶᠢᠯᠡᠭᠦᠯᠬᠦ ᠬᠡᠪᠴᠢᠶ᠎ᠡ ᠶᠢ ᠲᠤᠭᠲᠠᠭᠠᠨ᠎ᠠ᠃ 2020 ᠣᠨ ᠳᠤ ᠡᠮᠬᠢᠯᠡᠨ ᠨᠡᠶᠢᠯᠡᠭᠦᠯᠬᠦ ᠪᠠᠷ ᠲᠥᠯᠥᠪᠯᠡᠭᠰᠡᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢ 16259 ᠲᠦᠮᠡᠨ ᠲᠥᠭᠦᠷᠢᠭ ᠪᠣᠯᠭᠠᠨ ᠳᠣᠭᠢᠷᠠᠭᠤᠯᠵᠤ᠂ ᠨᠡᠶᠢᠲᠡ 9 ᠲᠠᠯ᠎ᠠ ᠶᠢᠨ ᠪᠠᠯᠠ ᠮᠥᠩᠭᠦ ᠶᠢ ᠡᠮᠬᠢᠯᠡᠨ ᠨᠡᠶᠢᠯᠡᠬᠦᠯᠬᠦ ᠪᠠᠷ ᠲᠥᠯᠥᠪᠯᠡᠪᠡ᠃ ᠪᠣᠳᠠᠲᠠᠢ ᠳᠣᠣᠷᠠᠬᠢ ᠮᠡᠲᠦ᠄    1. ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ 7735 ᠲᠦᠮᠡᠨ ᠲᠥᠭᠦᠷᠢᠭ᠂ ᠡᠭᠦᠨ ᠳᠤ ᠲᠥᠪ ᠤᠨ ᠪᠠᠯᠠ ᠮᠥᠩᠭᠦ 2977 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ 4728 ᠲᠦᠮᠡᠨ ᠲᠥᠭᠦᠷᠢᠭ᠂ ᠬᠤᠲᠠ ᠶᠢᠨ ᠲᠠᠰ ᠤᠨ ᠪᠠᠯᠠ ᠮᠥᠩᠭᠦ 30 ᠲᠦᠮᠡᠨ ᠲᠥᠭᠦᠷᠢᠭ︔    2. ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 430 ᠲᠦᠮᠡᠨ ᠲᠥᠭᠦᠷᠢᠭ᠂ ᠡᠭᠦᠨ ᠳᠤ ᠲᠥᠪ ᠤᠨ ᠪᠡᠯᠡ ᠮᠥᠩᠭᠦ 320 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 110 ᠲᠦᠮᠡᠨ ᠲᠥᠭᠦᠷᠢᠭ︔    3. ᠲᠥᠪ ᠤᠨ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ 418 ᠲᠦᠮᠡᠨ ᠲᠥᠭᠦᠷᠢᠭ︔    4. ᠲᠥᠪ ᠤᠨ ᠲᠤᠰᠬᠠᠶ ᠵᠤᠶᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠶᠠᠳᠠᠭᠤ ᠶᠢ ᠲᠡᠳᠬᠦᠬᠦ ᠪᠠᠯᠠ ᠮᠥᠩᠭᠦ 1000 ᠲᠦᠮᠡᠨ ᠲᠥᠭᠦᠷᠢᠭ︔    5. ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ︵ᠤᠰᠤ ᠤᠮᠳᠠ ᠶᠢᠨ ᠠᠮᠤᠷ ᠲᠦᠪᠰᠢᠨ︶ 800 ᠲᠦᠮᠡᠨ ᠲᠥᠭᠦᠷᠢᠭ︔    6. ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠯᠠ ᠮᠥᠩᠭᠦ ᠵᠢᠴᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ︵ᠨᠡᠮᠡᠭᠰᠡᠨ ᠬᠡᠰᠡᠭ︶ 2914 ᠲᠦᠮᠡᠨ ᠲᠥᠭᠦᠷᠢᠭ︔    7. ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ︵ᠱᠠᠩᠨᠠᠨ ᠬᠥᠬᠢᠭᠦᠯᠬᠦ ᠬᠡᠰᠡᠭ︶ 1319 ᠲᠦᠮᠡᠨ ᠲᠥᠭᠦᠷᠢᠭ︔    8. ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠣᠷᠣᠯᠭ᠎ᠠ ᠶᠢᠨ ᠨᠥᠬᠦᠪᠥᠷᠢ ᠣᠷᠣᠨ ᠨᠤᠲᠤᠭ ᠤᠨ ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠤᠶᠢᠯ ᠳᠤ ᠬᠡᠷᠡᠭᠯᠡᠬᠦ ᠪᠡᠯᠡ ᠮᠥᠩᠭᠦ ︵ᠬᠥᠳᠡᠭᠡ ᠲᠣᠰᠬᠤᠨ ᠤ ᠵᠠᠰᠠᠮᠠᠯ ᠵᠠᠮ ᠢ ᠳᠡᠮᠵᠢᠬᠦ ᠬᠡᠰᠡᠭ︶ 1018 ᠲᠦᠮᠡᠨ ᠲᠥᠭᠦᠷᠢᠭ᠂ ᠡᠭᠦᠨ ᠳᠤ ᠲᠥᠪ ᠤᠨ ᠪᠡᠯᠡ ᠮᠥᠩᠭᠦ 908 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 110 ᠲᠦᠮᠡᠨ ᠲᠥᠭᠦᠷᠢᠭ ᠪᠣᠯᠤᠨ᠎ᠠ᠃    9. ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠪᠡᠯᠡ ᠮᠥᠩᠭᠦ 625 ᠲᠦᠮᠡᠨ ᠲᠥᠭᠦᠷᠢᠭ᠂ ᠡᠭᠦᠨ ᠳᠤ ᠲᠥᠪ ᠲᠤ 250 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠳᠤ 250 ᠲᠦᠮᠡᠨ ᠲᠥᠭᠦᠷᠢᠭ᠂ ᠬᠤᠲᠠ ᠶᠢᠨ ᠱᠠᠲᠤᠨ ᠳᠤ 62.5 ᠲᠦᠮᠡᠨ ᠲᠥᠭᠦᠷᠢᠭ᠂ ᠬᠤᠰᠢᠭᠤᠨ ᠱᠠᠲᠤᠨ ᠳᠤ 62.5 ᠲᠦᠮᠡᠨ ᠲᠥᠭᠦᠷᠢᠭ ᠢᠵᠢ ᠪᠥᠷᠢᠳᠦᠭᠦᠯᠦᠨ᠎ᠡ᠃    ︵ᠳᠠᠭᠠᠯᠳᠤᠭᠤᠯᠤᠯ ᠬᠦᠰᠦᠨᠦᠭᠲᠦ 1 ᠳᠤ ᠨᠠᠷᠢᠪᠴᠢᠯᠠᠨ ᠦᠵᠡ︶    ᠭᠤᠷᠪᠠ᠂ ᠲᠣᠬᠢᠷᠠᠭᠤᠯᠤᠭᠰᠠᠨ ᠤ ᠳᠠᠷᠠᠭᠠᠬᠢ ᠪᠡᠯᠡ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ    1. ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠷᠢᠵᠤ ᠲᠡᠵᠢᠭᠡᠨ ᠦᠷᠡᠵᠢᠭᠦᠯᠬᠦ ᠨᠦᠬᠦᠪᠤᠷᠢ ᠳᠤ ᠬᠡᠷᠡᠭᠯᠡᠨ᠎ᠡ    ᠡᠨᠡ ᠬᠡᠰᠡᠭ ᠲᠥᠯᠥᠪᠯᠡᠭᠡ ᠳᠤ 1068.8969 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠡᠮᠬᠢᠯᠡᠨ ᠨᠡᠶᠢᠯᠡᠬᠦᠯᠬᠦ ᠪᠠᠷ ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠬᠥᠭᠵᠢᠯᠲᠡ ᠶᠢ ᠲᠠᠷᠢᠵᠤ ᠲᠡᠵᠢᠭᠡᠨ ᠦᠷᠡᠵᠢᠭᠦᠯᠬᠦ  ᠨᠦᠬᠦᠪᠤᠷᠢ ᠶᠢᠨ ᠬᠡᠯᠪᠡᠷᠢ ᠪᠠᠷ ᠬᠡᠷᠡᠭᠵᠢᠭᠦᠯᠵᠦ᠂ ᠮᠠᠨ ᠤ ᠬᠤᠰᠢᠭᠤᠨ ᠤ ᠭᠤᠤᠯᠯᠠᠬᠤ ᠠᠵᠤ  ᠤᠶᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠠᠶ᠃ ᠲᠡᠵᠢᠭᠡᠪᠦᠷᠢ ᠶᠢᠨ ᠤᠶᠢᠯᠡᠰ ᠪᠠ ᠲᠠᠷᠢᠮᠠᠯ ᠤᠨ ᠤᠶᠢᠯᠡᠰ ᠭᠡᠵᠦ ᠬᠤᠶᠠᠷ ᠬᠡᠰᠡᠭ ᠬᠤᠪᠢᠶᠠᠨ᠎ᠠ᠃    ᠲᠡᠵᠢᠭᠡᠨ ᠦᠷᠡᠵᠢᠭᠦᠯᠬᠦ ᠦᠢᠯᠡᠰ ᠲᠤ ᠭᠤᠣᠯᠳᠠᠭᠤ ᠦᠬᠡᠷ᠂ ᠡᠯᠵᠢᠭᠡ᠂ ᠭᠠᠭ᠋ᠠᠢ ᠵᠡᠷᠭᠡ ᠶᠢ ᠨᠥᠬᠦᠪᠥᠷᠢᠯᠡᠳᠡᠭ᠃    ᠲᠠᠷᠢᠮᠠᠯ ᠤᠨ ᠦᠢᠯᠡᠰ ᠨᠢ ᠮᠠᠨ ᠤ ᠬᠤᠰᠢᠭᠤᠨ ᠤ ᠳᠠᠪᠠᠭᠤᠯᠢᠭ ᠲᠠᠷᠢᠮᠠᠯ ᠤᠨ ᠲᠥᠮᠥᠰᠥ ᠶᠢᠨ ᠲᠠᠷᠢᠮᠠᠯ ᠤᠨ ᠨᠥᠬᠦᠪᠥᠷᠢ ᠪᠠᠷ ᠭᠤᠣᠯ ᠪᠣᠯᠭᠠᠨ᠎ᠠ᠃    ᠨᠥᠬᠦᠪᠥᠷᠢ ᠶᠢᠨ ᠪᠠᠷᠢᠮᠵᠢᠶ᠎ᠠ ᠶᠢ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠯᠣᠭᠤᠳᠬᠤ ᠭᠠᠵᠠᠷ ᠤᠨ ᠲᠣᠭᠲᠠᠭᠠᠭᠰᠠᠨ ᠲᠥᠰᠦᠯ ᠢᠶᠠᠷ ᠬᠡᠷᠡᠭᠵᠢᠭᠦᠯᠦᠨ᠎ᠡ᠃    2. ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠬᠡᠷᠡᠭᠯᠡᠨ᠎ᠡ    ᠡᠨᠡ ᠬᠡᠰᠡᠭ ᠨᠢ 8375.1031 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠦ ᠪᠠᠶᠢᠨ᠎ᠠ᠃    ᠭᠤᠤᠯᠳᠠᠭᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ᠂ ᠣᠯᠠᠨ ᠵᠤᠶᠢᠯ ᠤᠨ ᠠᠷᠭ᠎ᠠ ᠮᠠᠶ᠋ᠢᠭ ᠢ ᠠᠪᠴᠤ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠳᠡᠮᠵᠢᠨ ᠬᠥᠭᠵᠢᠭᠦᠯᠵᠦ᠂ ᠭᠠᠴᠠᠭ᠎ᠠ ᠲᠣᠰᠬᠤᠨ ᠨᠢᠭᠡᠪᠦᠷᠢ ᠶᠢᠨ ᠬᠠᠮᠳᠣ ᠶᠢᠨ ᠠᠵᠤ ᠠᠬᠤᠶ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠡᠳᠬᠦᠭᠰᠡᠨ ᠲᠥᠷᠥᠯ ᠵᠤᠶᠢᠯ ᠨᠡᠶᠢᠲᠡ 22 ᠪᠠᠶᠢᠵᠤ᠂ 8375.1031 ᠲᠦᠮᠡᠨ ᠲᠥᠭᠦᠷᠢᠭ ᠤᠨ ᠪᠠᠯᠠ ᠮᠥᠩᠭᠦ ᠤᠷᠤᠭᠤᠯᠵᠤ ᠡᠮᠬᠢᠯᠡᠨ ᠨᠡᠶᠢᠯᠡᠭᠦᠯᠬᠦ ᠪᠠᠷ ᠲᠥᠯᠥᠪᠯᠡᠵᠦ ᠪᠣᠶ︔    3. ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ    ᠡᠨᠡ ᠬᠡᠰᠡᠭ ᠵᠠᠷᠤᠯᠭ᠎ᠠ ᠶᠢ ᠭᠤᠤᠯᠳᠠᠭᠤ ᠬᠤᠶᠠᠷ ᠲᠠᠯ᠎ᠠ ᠪᠠᠷ ᠬᠤᠪᠢᠶᠠᠵᠤ᠂ ᠨᠡᠶᠢᠲᠡ 6815 ᠲᠦᠮᠡᠨ ᠲᠥᠭᠦᠷᠢᠭ ᠪᠤᠯᠤᠨ᠎ᠠ᠃    ᠨᠢᠭᠡ ᠳᠤ᠂ ᠭᠠᠴᠠᠭ᠎ᠠ ᠳᠤᠭᠤᠶᠢᠯᠠᠩ ᠤᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠵᠢᠴᠢ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠲᠥᠷᠥᠯ ᠵᠣᠶᠢᠯ ᠳᠤ 6015 ᠲᠦᠮᠡᠨ ᠲᠥᠭᠦᠷᠢᠭ ᠵᠠᠷᠤᠴᠠᠭᠤᠯᠪᠠ︔   ᠬᠤᠶᠠᠷ ᠲᠤ᠂ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠲᠦᠷᠦᠯ ᠵᠤᠶᠢᠯ ᠳᠤ 800 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠪᠠ᠃ ︵ᠪᠥᠬᠦ ᠡᠮᠬᠢᠯᠡᠨ ᠨᠡᠶᠢᠯᠡᠭᠦᠯᠬᠦ ᠪᠠᠯᠠ ᠮᠥᠩᠭᠦ ᠶᠢ ᠬᠡᠷᠡᠭᠵᠢᠭᠦᠯᠬᠦ ᠲᠥᠷᠥᠯ ᠵᠣᠶᠢᠯ ᠤᠨ ᠲᠥᠯᠥᠪᠯᠡᠭᠡ ᠶᠢ ᠳᠠᠭᠠᠭᠤᠯᠤᠭᠰᠠᠨ ᠬᠦᠰᠦᠨᠦᠭᠲᠦ 2 ᠳᠤ ᠦᠵᠡ︶    ᠳᠦᠷᠪᠡ᠂ ᠪᠣᠳᠠᠲᠠᠶ ᠱᠠᠭᠠᠷᠳᠠᠯᠭ᠎ᠠ   1. ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠡᠯᠡ ᠮᠥᠩᠭᠦ ᠬᠡᠷᠡᠭᠯᠡᠬᠦ ᠴᠢᠭᠯᠡᠯ ᠢ ᠦᠨᠳᠦᠰᠦᠯᠡᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠷᠥᠯ ᠵᠣᠶᠢᠯ ᠤᠨ ᠵᠠᠯᠭᠠᠮᠵᠢ ᠠᠵᠢᠯ ᠢ ᠰᠠᠶᠢᠲᠤᠷ ᠬᠢᠵᠦ᠂ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ‌‍ᠶᠢᠨ ᠡᠭᠦᠷᠭᠡ ᠪᠣᠯᠤᠨ ᠪᠡᠯᠡ ᠮᠥᠩᠭᠦ ᠣᠯᠭᠤᠬᠤ ᠶᠢ ᠵᠢᠯ ᠤᠨ ᠳᠣᠲᠣᠷ᠎ᠠ ᠴᠠᠭ ᠳᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    2. ᠪᠡᠯᠡ ᠮᠥᠩᠭᠦ ᠶᠢ ᠬᠡᠷᠡᠭᠯᠡᠬᠦ ᠳᠤ ᠮᠠᠨ ᠤ ᠬᠤᠰᠢᠭᠤᠨ ᠤ ᠲᠣᠭᠲᠠᠭᠠᠭᠰᠠᠨ ︽ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠳᠤ ᠲᠥᠯᠥᠪᠵᠢᠭᠦᠯᠦᠨ ᠡᠮᠬᠢᠯᠡᠨ ᠨᠡᠶᠢᠯᠡᠬᠦᠯᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠳᠡᠰ ᠳᠠᠷᠠᠭᠠᠯᠠᠯ ᠤᠨ ᠵᠢᠷᠤᠮᠵᠢᠯ ᠲᠠᠢ᠂ ᠬᠡᠷᠡᠭᠯᠡᠯᠲᠡ ᠨᠢ ᠵᠦᠶ ᠵᠣᠬᠢᠰᠲᠠᠶ᠂ ᠠᠮᠵᠢᠯᠲᠠ ᠪᠦᠲᠦᠮᠵᠢ ᠨᠢ ᠢᠯᠡᠷᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠡᠯᠡ ᠮᠥᠩᠭᠦ ᠲᠥᠷᠥᠯ ᠵᠦᠢᠯ ᠢ ᠢᠯᠡ ᠨᠡᠶᠢᠲᠡᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠥᠷᠥᠯ ᠵᠦᠢᠯ ᠤᠨ ᠬᠡᠷᠡᠭᠵᠢᠭᠦᠯᠬᠦ ᠬᠡᠪᠴᠢᠶ᠎ᠡ ᠶᠣᠰᠣᠭᠠᠷ᠂ ᠬᠤᠰᠢᠭᠤ᠂ ᠰᠢᠶᠠᠩ᠂ ᠲᠣᠰᠬᠤᠨ ᠠᠳᠠᠯᠢ ᠪᠤᠰᠤ ᠬᠡᠪᠴᠢᠶᠡᠨ ᠳᠤ ᠢᠯᠡ ᠨᠡᠶᠢᠲᠡᠯᠡᠵᠦ᠂ ᠲᠡᠷᠡᠴᠢᠯᠡᠨ ᠬᠠᠷᠠᠭᠠᠯᠵᠠᠭᠰᠠᠨ ᠭᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠶ᠃    3. ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠨᠢ ᠪᠠᠯᠠ ᠮᠥᠩᠭᠦ ᠶᠢᠨ ᠬᠠᠮᠢᠶᠠᠷᠤᠯᠲᠠ ᠳᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠤᠮᠤ ᠰᠢᠶᠠᠩ ᠪᠠᠯᠭᠠᠰᠤ ᠪᠣᠯᠤᠨ ᠬᠡᠰᠡᠭ ᠲᠥᠷᠥᠯ  ᠵᠣᠶᠢᠯ ᠤᠨ ᠬᠠᠷᠢᠭᠤᠴᠠᠯᠭᠠᠲᠤ ᠨᠢᠭᠡᠴᠡ ᠪᠣᠯ ᠪᠡᠯᠡ ᠮᠥᠩᠭᠦ ᠶᠢᠨ ᠬᠠᠮᠢᠶᠠᠷᠤᠯᠲᠠ᠂ ᠲᠥᠷᠥᠯ  ᠵᠣᠶᠢᠯ ᠢ ᠬᠡᠷᠡᠭᠵᠢᠭᠦᠯᠬᠦ ᠶᠢᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ ᠰᠤᠮᠤ ᠰᠢᠶᠠᠩ ᠪᠠᠯᠭᠠᠰᠤ ᠨᠤᠭᠤᠳ ᠬᠠᠷᠢᠶ᠎ᠠ ᠪᠦᠬᠦᠢ ᠶᠠᠳᠠᠭᠤ ᠬᠦᠴᠢᠷᠳᠡᠯᠲᠡᠶ ᠲᠣᠰᠬᠤᠨ ᠤ ᠲᠥᠷᠥᠯ  ᠵᠣᠶᠢᠯ ᠳᠤ ᠬᠢᠨᠠᠯᠳᠠ ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠨᠢᠭᠡᠳᠦᠭᠡᠷ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠷᠠᠯ ᠨᠢ ᠡᠮᠬᠢᠯᠡᠨ ᠨᠡᠶᠢᠯᠡᠭᠦᠯᠬᠦ ᠪᠠᠯᠠ ᠮᠥᠩᠭᠦ ᠪᠠ ᠲᠥᠷᠥᠯ ᠵᠣᠶᠢᠯ ᠤᠨ ᠬᠢᠨᠠᠯᠲᠠ ᠬᠠᠮᠢᠶᠠᠷᠤᠯᠲᠠ ᠳᠤ ᠭᠦᠨᠵᠡᠭᠡᠶ ᠣᠷᠣᠯᠴᠠᠬᠤ ᠬᠡᠷᠡᠭᠲᠡᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠣᠳᠣᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠬᠢᠨᠠᠨ ᠪᠠᠶᠢᠴᠠᠭᠠᠬᠤ᠂ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠡᠭᠦᠨ ᠤ ᠬᠠᠮᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠶᠡᠭᠡ ᠬᠦᠴᠦᠨ ᠢᠶᠠᠷ ᠳᠡᠮᠵᠢᠯᠭᠡ ᠦᠵᠡᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠬᠢᠨᠠᠯᠳᠠ ᠳᠤ ᠣᠷᠣᠯᠴᠠᠭᠤᠯᠵᠤ᠂ ᠣᠯᠠᠨ ᠡᠰᠢᠵᠢᠭᠰᠡᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃    4.ᠲᠥᠷᠥᠯ ᠵᠦᠢᠯ ᠤᠨ ᠪᠡᠶᠡᠯᠡᠭᠦᠯᠬᠦ ᠲᠤᠭ᠎ᠠ ᠬᠡᠮᠵᠢᠶ᠎ᠡ᠂ ᠶᠠᠰᠤ ᠴᠢᠨᠠᠷ᠂ ᠬᠡᠷᠡᠭᠵᠢᠭᠦᠯᠬᠦ ᠦᠷ᠎ᠡ ᠠᠰᠢᠭ ᠢ ᠦᠨᠳᠦᠰᠦᠯᠡᠨ᠂ ᠬᠡᠮᠵᠢᠶ᠎ᠡ ᠲᠣᠭᠲᠠᠭᠠᠨ ᠰᠢᠯᠭᠠᠨ ᠦᠨᠡᠯᠡᠬᠦ ᠪᠠ ᠴᠢᠨᠠᠷ ᠢ ᠲᠣᠭᠲᠠᠭᠠᠨ ᠰᠢᠯᠭᠠᠨ ᠲᠤᠭᠲᠠᠭᠠᠵᠤ᠂ ᠡᠯ᠎ᠡ ᠰᠤᠮᠤ ᠰᠢᠶᠠᠩ ᠪᠠᠯᠭᠠᠰᠤ ᠶᠢᠨ ᠲᠥᠷᠥᠯ ᠵᠣᠶᠢᠯ ᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠰᠢᠯᠭᠠᠨ ᠬᠢᠨᠠᠵᠤ᠂ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠣᠯᠪᠠᠰᠤ ᠵᠣᠬᠢᠬᠤ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                                                  ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号