ᠭᠤᠤᠯ ᠰᠡᠳᠦᠪ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠪᠠ | ᠲᠠᠯ᠎ᠠ ᠨᠤᠲᠤᠭ ᠤᠨ ᠲᠣᠪᠴᠢᠶᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ | ᠡᠷᠬᠢᠮ ᠵᠣᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠪᠠ ᠲᠠᠯ᠎ᠠ ᠨᠤᠲᠤᠭ ᠤᠨ | ᠲᠣᠪᠴᠢᠶᠠᠨ ᠤ ᠳᠠᠷᠤᠭ᠎ᠠ ᠯᠢᠶᠠᠩ ᠸᠠᠨ ᠮᠢᠩ | ᠲᠣᠪᠴᠢᠯᠠᠯ | ᠨᠢᠭᠡ ᠵᠢᠯ ᠤᠨ ᠲᠤᠷᠰᠢ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯ᠎ᠡ ᠵᠣᠶᠢᠯ ᠤᠨ | ᠠᠵᠢᠯ ᠨᠢ ᠬᠤᠰᠢᠭᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠳᠡᠭᠡᠳᠦ | ᠱᠠᠲᠤᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠦᠴᠦᠲᠡᠶ ᠳᠡᠮᠵᠢᠯᠡᠭᠡ ᠳᠣᠤᠷ᠎ᠠ᠂ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠢᠨᠠᠮᠠᠭᠠᠶ | ᠲᠤᠤᠱᠯᠠᠭᠤᠯᠵᠠᠶ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ | ᠮᠥᠨ︾ ᠭᠡᠬᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠤᠯᠤᠰ ᠤᠨ | ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠵᠦ᠂ ᠣᠶ ᠰᠢᠭᠤᠶ | ᠪᠣᠯᠤᠨ ᠨᠤᠲᠤᠭ ᠪᠡᠯᠴᠢᠭᠡᠷ ᠤᠨ ᠡᠯ᠎ᠡ ᠵᠣᠶᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠠᠶ᠃ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠬᠦᠴᠦᠯᠡᠴᠡ ᠪᠠᠨ ᠦᠷᠭᠦᠯᠵᠢᠯᠡᠨ ᠴᠢᠩᠭᠠᠷᠠᠭᠤᠯᠵᠤ᠂ ᠪᠦᠬᠦ | ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ | ᠬᠠᠮᠠᠭᠠᠯᠠᠯᠳᠠ ᠶᠢᠨ ᠠᠵᠢᠯ ᠵᠣᠬᠢᠬᠤ ᠦᠷ᠎ᠡ ᠪᠦᠲᠦᠮᠵᠢ ᠣᠯᠪᠠ᠃ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠯᠢᠶᠠᠩ ᠸᠠᠨ ᠮᠢᠩ ᠨᠥᠬᠦᠷ | 2019 ᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠦᠷᠨᠢᠬᠦᠯᠬᠦ ᠲᠠᠯ᠎ᠠ ᠪᠠᠷ | ᠣᠯᠤᠭᠰᠠᠨ ᠲᠣᠪᠤᠶᠢᠮ᠎ᠠ ᠠᠮᠵᠢᠯᠲᠠ ᠪᠦᠲᠦᠮᠵᠢ ᠶᠢᠨ ᠲᠤᠬᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃ | | ᠬᠥᠲᠥᠯᠥᠭᠴᠢ᠄ ᠨᠢᠭᠡ ᠵᠢᠯ ᠤᠨ ᠲᠤᠷᠰᠢ᠂ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠯ᠎ᠡ | ᠵᠣᠶᠢᠯ ᠤᠨ ᠠᠵᠢᠯ ᠤᠨ ᠲᠠᠯ᠎ᠠ ᠪᠠᠷ ᠲᠤᠪᠤᠶᠢᠮ᠎ᠠ ᠠᠮᠵᠢᠯᠲᠠ ᠤᠯᠪᠠ᠂ ᠥᠨᠥᠳᠦᠷ ᠪᠢᠳᠡ ᠠᠵᠠ ᠪᠠᠷ ᠤᠢ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠯᠢᠶᠠᠩ ᠸᠠᠨ ᠮᠢᠩ ᠨᠥᠬᠦᠷ ᠢ ᠤᠷᠢᠵᠤ ᠡᠨᠡ ᠬᠤᠭᠤᠴᠠᠭᠠᠨ ᠤ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠬᠢᠯᠭᠡᠪᠡ᠃ ᠯᠢᠶᠠᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ | ᠪᠠᠶᠢᠨ᠎ᠠ︕ | ᠯᠢᠶᠠᠩ ᠸᠠᠨ ᠮᠢᠩ᠄ ᠬᠥᠲᠥᠯᠥᠭᠴᠢ ᠰᠠᠶᠢᠨ ᠤᠤ︖ ᠦᠵᠡᠭᠴᠢᠳ ᠰᠠᠶᠢᠨ ᠪᠠᠶᠢᠵᠠᠭᠠᠨ᠎ᠠ ᠤᠤ︕ ᠥᠨᠥᠳᠦᠷ | ᠠᠳᠡ ᠮᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠡᠯ᠎ᠡ ᠵᠤᠶᠢᠯ ᠤᠨ ᠠᠵᠢᠯ ᠤᠨ ᠲᠠᠯ᠎ᠠ ᠪᠠᠷ | ᠣᠯᠤᠭᠰᠠᠨ ᠳᠣᠪᠤᠶᠢᠮ᠎ᠠ ᠠᠮᠵᠢᠯᠲᠠ ᠶᠢ ᠬᠤᠪᠢᠶᠠᠯᠴᠠᠬᠤ ᠳᠠᠭᠠᠨ ᠲᠤᠩ ᠪᠠᠶᠠᠷᠲᠠᠶ ᠪᠠᠶᠢᠨ᠎ᠠ᠃ ᠡᠭᠦᠨ ᠤ ᠬᠠᠮᠲᠤ ᠡᠨᠡ | ᠤᠳᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠠᠷ ᠳᠠᠮᠵᠢᠨ ᠣᠯᠠᠨ ᠳᠤ ᠮᠠᠨ ᠤ ᠠᠵᠢᠯ ᠢ ᠨᠡᠩ ᠣᠯᠠᠨ | ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠪᠢᠳᠡᠨ ᠲᠠᠢ ᠬᠠᠮᠲᠤ ᠬᠥᠬᠡᠮᠳᠦᠭ ᠨᠣᠭᠤᠭᠠᠨ ᠠᠭᠤᠯᠠ ᠤᠰᠤ ᠶᠢ | ᠬᠠᠮᠠᠭᠠᠯᠠᠶ᠎ᠠ᠃ | ᠬᠥᠲᠥᠯᠥᠭᠴᠢ᠄ ᠲᠡᠶᠢᠮᠤ ᠡ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠰᠢᠤ︕ | ᠳᠣᠤᠷ᠎ᠠ ᠯᠢᠶᠠᠩ ᠲᠣᠪᠴᠢᠶᠠᠨ ᠳᠠᠷᠤᠭ᠎ᠠ ᠪᠢᠳᠡᠨ ᠳᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠭᠤᠤᠯᠳᠠᠯᠭ᠎ᠠ ᠲᠠᠢ ᠪᠠᠷᠢᠯᠭ᠎ᠠ ᠶᠢ ᠪᠡᠶᠡᠯᠡᠭᠦᠯᠦᠭᠰᠡᠨ ᠪᠠᠶᠢᠳᠠᠯ ᠢ ᠲᠠᠨᠢᠯᠴᠠᠭᠤᠯᠵᠤ ᠥᠭᠭᠦᠶ᠎ᠡ᠄ | ᠯᠢᠶᠠᠩ ᠸᠠᠨ ᠮᠢᠩ᠄ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠄ | 2018 ᠣᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ 3 | ᠲᠦᠮᠡᠨ ᠮᠦ ᠪᠠᠭᠤᠯᠭᠠᠵᠦ᠂ ᠬᠥᠮᠦᠨ ᠤ ᠬᠦᠴᠦ ᠪᠠᠷ 2 ᠲᠦᠮᠡᠨ ᠮᠥ ᠪᠣᠳᠠ ᠮᠣᠳᠣ ᠳᠠᠷᠢᠵᠤ᠂ 1 ᠲᠦᠮᠡᠨ ᠮᠥ | ᠠᠭᠤᠯᠠ ᠶᠢ ᠪᠢᠲᠡᠭᠦᠮᠵᠢᠯᠡᠨ ᠦᠢᠵᠢᠭᠤᠯᠵᠦ᠂ ᠡᠭᠦᠨ ᠳᠤ ᠤᠯᠤᠰ ᠠᠴᠠ 580 ᠲᠦᠮᠡᠨ ᠲᠥᠭᠦᠷᠢᠭ ᠤᠨ ᠪᠠᠯᠠ | ᠣᠷᠣᠭᠤᠯᠤᠨ᠎ᠠ᠃ ᠣᠳᠣᠬᠠᠨ ᠪᠣᠯᠲᠠᠯ᠎ᠠ ᠨᠢᠭᠡᠨᠲᠡ ᠪᠦᠬᠦᠨ ᠢ ᠬᠡᠷᠡᠭᠵᠢᠭᠦᠯᠵᠦ ᠳᠠᠭᠤᠰᠪᠠ᠂ ᠤᠳᠤ ᠶᠠᠭ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠭᠠᠵᠠᠷ ᠣᠷᠣᠨ ᠪᠠ ᠪᠠᠭ᠎ᠠ ᠠᠩᠭᠢ ᠶᠢ ᠪᠦᠬᠦ ᠲᠠᠯ᠎ᠠ ᠪᠠᠷ ᠰᠢᠯᠭᠠᠨ ᠠᠪᠴᠤ᠂ ᠰᠢᠯᠭᠠᠨ | ᠠᠪᠤᠭᠰᠠᠨ ᠦᠷ᠎ᠡ ᠳ᠋ᠦᠩ ᠢ ᠦᠨᠳᠦᠰᠦᠯᠡᠨ ᠪᠡᠯᠡ ᠮᠥᠩᠭᠦ ᠶᠢ ᠪᠡᠯᠡᠨ ᠮᠥᠩᠭᠦ ᠪᠣᠯᠭᠠᠬᠤ ᠠᠵᠢᠯ ᠢ ᠰᠠᠶᠢᠲᠤᠷ ᠬᠢᠵᠦ | ᠪᠠᠶᠢᠨ᠎ᠠ᠃ | 2019 ᠣᠨ ᠳᠤ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 2 ᠲᠦᠮᠡᠨ ᠮᠦ | ᠪᠢᠳᠡᠭᠦᠮᠵᠢᠯᠡᠨ ᠪᠤᠶᠢᠵᠢᠭᠤᠯᠵᠤ᠂ ᠳᠤᠯᠠᠭᠠᠨ ᠬᠦᠯᠡᠮᠵᠢ 0.5 ᠲᠦᠮᠡᠨ ᠲᠡᠭᠰᠢ ᠳᠥᠷᠪᠡᠯᠵᠢᠨ ᠮᠧᠲᠷ᠂ ᠳᠠᠷᠤᠰᠢᠭᠤᠯᠬᠤ | ᠵᠣᠭᠤᠷᠢ 0.3 ᠲᠦᠮᠡᠨ ᠪᠣᠰᠤᠭ᠎ᠠ ᠳᠥᠷᠪᠡᠯᠵᠢᠨ ᠮᠧᠲᠷ᠂ ᠡᠪᠡᠰᠦ ᠳᠠᠷᠤᠰᠢᠭᠤᠯᠬᠤ ᠫᠧᠩ 0.5 ᠲᠦᠮᠡᠨ ᠲᠡᠭᠰᠢ | ᠳᠥᠷᠪᠡᠯᠵᠢᠨ ᠮᠧᠲᠷ ᠪᠡᠶᠢᠵᠦ᠂ ᠶᠡᠷᠦᠩᠬᠡᠢ ᠪᠡᠯᠡ ᠣᠷᠣᠭᠤᠯᠤᠯᠲᠠ 236 ᠲᠦᠮᠡᠨ ᠲᠥᠭᠦᠷᠢᠭ᠂ ᠡᠭᠦᠨ ᠳᠤ | ᠤᠯᠤᠰ ᠠᠴᠠ 203 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠣᠳᠣ ᠪᠣᠯᠲᠠᠯ᠎ᠠ ᠡᠪᠡᠰᠦ ᠬᠠᠳᠠᠭᠠᠯᠠᠬᠤ | ᠰᠠᠷᠠᠪᠴᠢ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠦᠯᠡᠳᠡᠭᠰᠡᠨ ᠬᠠᠰᠢᠶ᠎ᠠ ᠶᠢ ᠪᠢᠲᠡᠭᠦᠮᠵᠢᠯᠡᠨ | ᠪᠤᠶᠢᠵᠢᠭᠤᠯᠬᠤ ᠠᠴᠠ ᠪᠤᠰᠤᠳ ᠨᠢ ᠨᠢᠭᠡᠨᠲᠡ ᠪᠦᠬᠦᠨ ᠢ ᠪᠦᠲᠦᠭᠡᠨ ᠪᠡᠶᠢᠭᠤᠯᠵᠦ ᠳᠠᠭᠤᠰᠬᠠᠪᠠ᠃ | ᠠᠯᠪᠠᠨ ᠵᠢᠷᠤᠮ ᠤᠨ ᠮᠣᠳᠣ ᠲᠠᠷᠢᠬᠤ ᠪᠠ ᠠᠵᠤ ᠠᠬᠤᠶ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ᠄ ᠡᠨᠡ ᠵᠢᠯ ᠠᠯᠪᠠᠨ ᠵᠢᠷᠤᠮ ᠤᠨ ᠮᠣᠳᠣ ᠲᠠᠷᠢᠬᠤ ᠲᠠᠯᠠᠪᠠᠶ ᠶᠢ 10000 ᠮᠦ ᠪᠡᠶᠡᠯᠡᠭᠦᠯᠵᠦ᠂ | ᠡᠭᠦᠨ ᠤ ᠳᠣᠲᠣᠷ᠎ᠠ ᠠᠵᠤ ᠠᠬᠤᠢ ᠶᠢᠨ ᠤᠢ ᠶᠢ ᠪᠦᠲᠦᠭᠡᠨ ᠪᠠᠶᠢᠭᠤᠯᠬᠤ ᠡᠭᠦᠷᠭᠡ 7300 ᠮᠦ ︵ᠬᠦᠷᠢᠶᠡᠨ ᠤ | ᠠᠵᠤ ᠠᠬᠤᠢ ᠶᠢᠨ ᠤᠢ ᠶᠢ 300 ᠮᠦ︶᠂ ᠣᠳᠣᠬᠠᠨ ᠳᠤ ᠪᠦᠬᠦᠨ ᠢ ᠬᠡᠷᠡᠭᠵᠢᠭᠦᠯᠵᠦ ᠳᠠᠭᠤᠰᠬᠠᠵᠠᠶ᠃ | — ᠵᠤᠷᠪᠤᠰ ᠢ ᠲᠡᠭᠰᠢᠳᠬᠡᠨ ᠰᠠᠶᠢᠵᠢᠷᠠᠭᠤᠯᠪᠠ᠄ ᠡᠨᠡ ᠵᠢᠯ ᠳᠡᠭᠡᠳᠦ ᠱᠠᠲᠤᠨ ᠠᠴᠠ ᠮᠠᠨ ᠤ ᠬᠤᠰᠢᠭᠤᠨ ᠤ | ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠡᠭᠦᠷᠭᠡ ᠶᠢ 4 ᠲᠦᠮᠡᠨ ᠮᠥ ᠪᠠᠭᠤᠯᠭᠠᠪᠠ᠃ ᠣᠳᠣᠬᠠᠨ ᠪᠣᠯᠲᠠᠯ᠎ᠠ | ᠲᠥᠷᠥᠯ ᠵᠦᠢᠯ ᠢ ᠪᠦᠬᠦᠨ ᠢ ᠬᠡᠷᠡᠭᠵᠢᠭᠦᠯᠵᠦ ᠳᠠᠭᠤᠰᠬᠠᠵᠠᠶ᠃ | — ᠤᠢ ᠰᠢᠭᠤᠢ ᠶᠢᠨ ᠳᠠᠭᠠᠳᠬᠠᠯ᠄ ᠪᠦᠬᠦ ᠬᠤᠰᠢᠭᠤᠨ ᠤ ᠤᠢ ᠰᠢᠭᠤᠢ ᠶᠢᠨ ᠳᠠᠭᠠᠳᠬᠠᠯ ᠤᠨ ᠡᠭᠦᠷᠭᠡ ᠶᠢ | 142.84 ᠲᠦᠮᠡᠨ ᠮᠦ ᠪᠡᠶᠡᠯᠡᠭᠦᠯᠵᠡᠢ᠃ ᠡᠨᠡ ᠵᠢᠯ᠂ ᠮᠠᠨ ᠤ ᠬᠤᠰᠢᠭᠤ ᠡᠮᠦᠨ᠎ᠡ ᠬᠤᠭᠤᠴᠠᠭᠠᠨ ᠤ ᠭᠠᠩ | ᠬᠠᠭᠰᠠᠷᠠᠭᠠᠨ ᠠᠴᠠ ᠪᠣᠯᠵᠤ᠂ ᠶᠡᠭᠡ ᠬᠡᠪᠴᠢᠶᠡᠨ ᠤ ᠣᠶ ᠲᠠᠢ ᠭᠠᠵᠠᠷ ᠲᠤ ᠡᠪᠡᠳᠴᠢᠨ ᠬᠤᠷᠣᠬᠠᠶ ᠶᠢᠨ ᠬᠥᠨᠥᠭᠡᠯ | ᠡᠭᠦᠰᠴᠦ᠂ ᠳᠠᠭᠠᠳᠬᠠᠯ ᠤᠨ ᠺᠦᠮᠫᠡᠨᠢ ᠶᠢᠨ ᠭᠠᠳᠠᠷ ᠠᠵᠢᠯ ᠤᠨ ᠬᠠᠶᠢᠨ ᠪᠠᠶᠢᠴᠠᠭᠠᠯᠲᠠ ᠪᠠᠷ ᠳᠠᠮᠵᠢᠨ | ᠭᠠᠮᠰᠢᠭᠳᠠᠭᠰᠠᠨ ᠲᠠᠯᠠᠪᠠᠶ ᠨᠢ 1800 ᠮᠦ ᠪᠣᠯᠤᠨ᠎ᠠ᠃ ᠳᠠᠭᠠᠳᠬᠠᠯ ᠤᠨ ᠺᠣᠮᠫᠠᠨᠢ 88.2 ᠲᠦᠮᠡᠨ ᠲᠥᠭᠦᠷᠢᠭ ᠤᠨ | ᠲᠥᠯᠥᠪᠦᠷᠢ ᠥᠭᠴᠡᠶ᠃ | — ᠦᠨᠳᠦᠰᠦᠨ ᠱᠠᠲᠤᠨ ᠤ ᠣᠢ ᠰᠢᠭᠤᠶ ᠶᠢᠨ ᠠᠵᠤ ᠦᠢᠯᠡᠳᠪᠣᠷᠢ ᠶᠢᠨ ᠥᠷᠲᠡᠭᠡ ᠶᠢᠨ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠪᠡᠶᠢᠳᠡᠯ᠄ ᠲᠡᠭᠡᠳᠦ ᠱᠠᠲᠤᠨ ᠠᠴᠠ ᠡᠨᠡ ᠵᠢᠯ ᠤᠨ 9 ᠳ᠋ᠦᠭᠡᠷ | ᠰᠠᠷ᠎ᠠ ᠳᠤ ᠳ᠋ᠠ ᠯᠢᠦ ᠬᠤᠣ ᠪᠡᠯᠭᠠᠰᠣᠨ ᠤ ᠦᠨᠳᠦᠰᠦᠨ ᠱᠠᠲᠤᠨ ᠤ ᠣᠢ ᠰᠢᠭᠤᠶ ᠶᠢᠨ ᠠᠵᠤ ᠦᠢᠯᠡᠳᠪᠣᠷᠢ ᠶᠢᠨ | ᠥᠷᠲᠡᠭᠡ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠳᠤ ᠴᠣᠬᠤᠯᠠᠪᠤᠷᠢ ᠬᠢᠨ᠎ᠡ᠃ | — ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠢᠨᠵᠧᠨᠧᠷᠢᠩ᠄ ︵2004 ᠣᠨ — | 2006 ᠣᠨ︶ ᠥᠩᠭᠡᠷᠡᠭᠰᠡᠨ ᠵᠢᠯ ᠤᠳ ᠤᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ | ᠢᠨᠵᠧᠨᠧᠷᠢᠩ ᠢ 5 ᠡᠳᠦᠷ ᠤᠨ ᠬᠤᠭᠤᠴᠠᠭ᠎ᠠ ᠲᠠᠢ ᠪᠦᠬᠦ ᠲᠠᠯ᠎ᠠ ᠪᠠᠷ ᠰᠢᠯᠭᠠᠨ ᠠᠪᠴᠠᠢ᠃ ᠣᠳᠣ ᠶᠠᠭ | ᠬᠤᠷᠢᠶᠠᠩᠭᠤᠶᠢᠯᠠᠵᠤ᠂ ᠬᠤᠷᠢᠶᠠᠩᠭᠤᠶᠢᠯᠠᠭᠰᠠᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ᠂ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠵᠦ᠂ ᠪᠡᠯᠡ ᠮᠥᠩᠭᠦ ᠶᠢ ᠪᠣᠳᠠᠲᠠᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠰᠢᠨ᠎ᠡ | ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠢᠨᠵᠧᠨᠧᠷᠢᠩ ᠢ ᠪᠡᠶᠡᠯᠡᠭᠦᠯᠬᠦ ᠦᠭᠡᠢ | ᠤᠴᠢᠷ ᠠᠴᠠ ᠢᠨᠵᠧᠨᠧᠷᠢᠩ ᠤᠨ ᠲᠤᠬᠠᠶ ᠵᠥᠪᠬᠡᠨ ᠥᠪᠡᠰᠦᠪᠡᠨ ᠪᠠᠶᠢᠴᠠᠭᠠᠭᠰᠠᠨ ᠲᠡᠳᠦᠶ ᠶᠤᠮ᠃ | ᠬᠥᠲᠥᠯᠥᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠥᠩᠭᠡᠷᠡᠭᠰᠡᠨ ᠬᠡᠳᠦᠨ ᠵᠢᠯ ᠤᠨ ᠣᠷᠴᠢᠨ | ᠲᠣᠭᠤᠷᠢᠨ ᠤ ᠨᠣᠭᠤᠭᠠᠷᠠᠭᠤᠯᠤᠯᠲᠠ ᠶᠢᠨ ᠬᠡᠮᠵᠢᠶ᠎ᠡ ᠠᠴᠠ ᠦᠵᠡᠪᠡᠯ᠂ ᠮᠢᠨᠦ ᠦᠵᠡᠬᠦ ᠪᠠᠷ ᠡᠨᠡ ᠵᠢᠯ ᠤᠨ | ᠨᠣᠭᠤᠭᠠᠷᠠᠭᠤᠯᠤᠯᠲᠠ ᠶᠢᠨ ᠬᠡᠮᠵᠢᠶ᠎ᠡ ᠥᠩᠭᠡᠷᠡᠭᠰᠡᠨ ᠬᠡᠳᠦᠨ ᠵᠢᠯ ᠠᠴᠠ ᠬᠤᠯᠠ ᠦᠨᠳᠣᠷ ᠪᠠᠶᠢᠵᠤ᠂ ᠪᠢ | ᠥᠩᠭᠡᠷᠡᠭᠡᠭᠰᠡᠨ ᠳᠤ ᠬᠤᠨᠢᠨ ᠲᠡᠯᠡᠢ ᠶᠢᠨ ᠠᠮᠢ ᠠᠬᠤᠢ ᠶᠢᠨ ᠰᠠᠭᠤᠷᠢᠨ ᠭᠠᠵᠠᠷ ᠲᠤ ᠵᠣᠭᠰᠣᠵᠤ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ ᠶᠢ ᠥᠩᠭᠡᠢᠨ ᠬᠠᠷᠠᠵᠤ ᠪᠠᠶᠢᠵᠠᠶ᠃ ᠡᠪᠡᠰᠦ ᠮᠣᠳᠣ ᠢᠭᠴᠤ ᠰᠠᠬᠤᠯᠢᠭ᠂ ᠣᠷᠴᠢᠨ | ᠲᠣᠭᠤᠷᠢᠨ ᠭᠤᠶᠣ ᠰᠠᠶᠢᠬᠠᠨ᠃ ᠡᠨᠡ ᠪᠣᠯ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠨᠡ | ᠵᠢᠯ ᠤᠨ ᠰᠢᠷᠭᠠᠭᠤ ᠠᠵᠢᠯᠯᠠᠭᠰᠡᠨ ᠤ ᠦᠷ᠎ᠡ ᠪᠦᠲᠦᠭᠡᠯ ᠪᠣᠯᠤᠨ᠎ᠠ᠃ ᠲᠡᠭᠡᠪᠡᠯ ᠭᠤᠤᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢᠨ ᠠᠵᠢᠯ ᠤᠨ ᠲᠠᠯ᠎ᠠ ᠪᠠᠷ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠡᠷᠬᠢᠨ | ᠬᠢᠨᠠᠵᠤ ᠪᠠᠶᠢᠴᠠᠭᠠᠭᠰᠠᠨ ᠪᠣᠶ︖ | ᠯᠢᠶᠠᠩ ᠸᠠᠨ ᠮᠢᠩ᠄ ᠪᠢᠳᠡ ᠡᠯ᠎ᠡ ᠨᠣᠭᠤᠭᠠᠷᠠᠭᠤᠯᠤᠯᠲᠠ ᠶᠢᠨ ᠺᠣᠮᠫᠠᠨᠢ ᠶᠢ ᠰᠢᠪᠠᠳᠠᠨ 2015 — 2016 | ᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠤᠰᠤᠯᠠᠵᠤ | ᠪᠤᠶᠢᠵᠢᠭᠤᠯᠬᠤ ᠠᠵᠢᠯ ᠢ ᠰᠠᠶᠢᠲᠤᠷ ᠬᠢᠯᠭᠡᠨ᠎ᠡ᠃ ᠡᠭᠦᠨ ᠤ ᠬᠠᠮᠲᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠶᠡᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ | ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠵᠠᠩᠬᠢᠯᠭ᠎ᠠ ᠳᠤᠭᠤᠶᠢᠯᠠᠩ ᠤᠨ | ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠭᠡᠰᠢᠭᠦᠨ ᠪᠣᠯᠭᠠᠭᠰᠠᠨ ᠬᠢᠨᠠᠨ ᠪᠡᠶᠢᠴᠠᠭᠠᠬᠤ ᠳᠤᠭᠤᠶᠢᠯᠠᠩ ᠢ | ᠪᠠᠶᠢᠭᠤᠯᠤᠨ᠎ᠠ᠃ 2016 ᠣᠨ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠨᠢ | ᠠᠵᠢᠯ ᠳᠠᠭᠤᠰᠤᠭᠰᠠᠨ ᠢ ᠰᠢᠯᠭᠠᠨ ᠠᠪᠬᠤ ᠨᠥᠬᠦᠴᠡᠯ ᠳᠤ ᠨᠡᠶᠢᠴᠡᠬᠦ ᠡᠰᠡᠬᠦ ᠶᠢ ᠨᠢᠭᠡ ᠰᠠᠷ᠎ᠠ ᠶᠢᠨ ᠬᠤᠭᠤᠴᠠᠭ᠎ᠠ ᠲᠠᠢ | ᠬᠢᠨᠠᠨ ᠪᠡᠶᠢᠴᠠᠭᠠᠬᠤ ᠬᠡᠷᠡᠭᠲᠡᠶ᠃ ᠡᠭᠦᠨ ᠤ ᠬᠠᠮᠲᠤ 9 ᠰᠠᠷ᠎ᠠ ᠶᠢᠨ 26 ᠤ ᠡᠳᠦᠷ ᠬᠢᠨᠠᠨ ᠪᠠᠶᠢᠴᠠᠭᠠᠭᠰᠠᠨ ᠦᠷ᠎ᠡ | ᠳ᠋ᠦᠩ ᠢ ︽2016 ᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ | ᠠᠵᠢᠯ ᠳᠠᠭᠤᠰᠴᠤ ᠰᠢᠯᠭᠠᠨ ᠠᠪᠬᠤ ᠠᠵᠢᠯ ᠤᠨ ᠠᠬᠢᠭᠤᠯᠬᠤ ᠬᠤᠷᠠᠯ︾ ᠢ ᠵᠣᠬᠢᠶᠠᠨ ᠪᠠᠶᠢᠭᠤᠯᠤᠨ | ᠬᠤᠷᠠᠯᠳᠤᠭᠤᠯᠬᠤ ᠪᠠᠷ ᠳᠠᠮᠵᠢᠭᠤᠯᠤᠨ ᠵᠠᠷᠯᠠᠨ ᠮᠡᠳᠡᠭᠳᠡᠪᠡ᠃ ᠡᠯ᠎ᠡ ᠨᠣᠭᠤᠭᠠᠷᠠᠭᠤᠯᠤᠯᠲᠠ ᠶᠢᠨ ᠺᠣᠮᠫᠠᠨᠢ ᠶᠢ ᠣᠷᠣᠰᠢᠵᠤ | ᠪᠠᠶᠢᠭ᠎ᠠ ᠠᠰᠠᠭᠤᠳᠠᠯ ᠢ ᠦᠨᠳᠦᠰᠦᠯᠡᠨ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠥᠲᠥᠯᠥᠭᠴᠢ᠄ ᠡᠶᠢᠮᠦ ᠠᠴᠠ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠴᠢᠩᠭ᠎ᠠ ᠬᠢᠨᠠᠯᠲᠠ | ᠲᠣᠣᠷ᠎ᠡ᠂ ᠡᠯ᠎ᠡ ᠨᠣᠭᠤᠭᠠᠷᠠᠭᠤᠯᠤᠯᠲᠠ ᠶᠢᠨ ᠺᠣᠮᠫᠠᠨᠢ ᠰᠠᠶ᠋ᠢ ᠲᠣᠭᠲᠠᠭᠰᠠᠨ ᠴᠠᠭ ᠲᠠᠭᠠᠨ ᠡᠭᠦᠷᠭᠡ ᠪᠠᠨ ᠪᠡᠶᠡᠯᠡᠭᠦᠯᠵᠦ᠂ | ᠠᠵᠢᠯ ᠤᠨ ᠶᠠᠰᠤ ᠴᠢᠨᠠᠷ ᠢ ᠪᠠᠲᠤᠯᠠᠵᠤ ᠴᠢᠳᠠᠨ᠎ᠠ᠃ ᠪᠢᠳᠡᠨ ᠤ ᠣᠶᠢᠯᠠᠭᠠᠭᠰᠠᠨ ᠢᠶᠠᠷ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ ᠤᠯᠤᠰ ᠤᠨ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠠᠮᠢ | ᠠᠬᠤᠢ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯ ᠢ ᠡᠬᠢᠯᠡᠭᠦᠯᠦᠭᠰᠡᠨ ᠠᠴᠠ ᠨᠠᠰᠢ ᠢᠯᠡᠳᠲᠡ ᠦᠷ᠎ᠡ | ᠪᠦᠲᠦᠮᠵᠢ ᠣᠯᠵᠠᠶ᠃ ᠯᠢᠶᠠᠩ ᠲᠣᠪᠴᠢᠶᠠᠨ ᠳᠠᠷᠤᠭ᠎ᠠ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ | ᠨᠥᠬᠦᠪᠥᠷᠢ ᠶᠢᠨ ᠠᠵᠢᠯ ᠤᠨ ᠦᠷ᠎ᠡ ᠪᠦᠲᠦᠭᠡᠯ ᠢ ᠲᠥᠬᠦᠮ ᠢᠶᠠᠷ ᠲᠠᠨᠢᠯᠴᠠᠭᠤᠯᠤᠭᠠᠷᠠᠶ᠃ | ᠯᠢᠶᠠᠩ ᠸᠠᠨ ᠮᠢᠩ᠄ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢᠨ ᠡᠭᠦᠷᠭᠡ ᠶᠢ 113.89 ᠲᠦᠮᠡᠨ ᠮᠥ ᠪᠡᠶᠡᠯᠡᠭᠦᠯᠪᠡ᠃ ᠬᠠᠮᠤᠭ ᠰᠢᠨ᠎ᠡ | ᠨᠡᠶᠢᠲᠡ ᠶᠢᠨ ᠠᠰᠠᠷᠠᠮᠵᠢ ᠶᠢᠨ ᠤᠢ ᠶᠢᠨ ᠣᠷᠣᠨ ᠤ ᠬᠤᠪᠢᠶᠠᠷᠢᠯᠠᠯ ᠤᠨ ᠬᠢᠨᠠᠨ ᠲᠣᠭᠲᠠᠭᠠᠬᠤ ᠡᠭᠦᠷᠭᠡ ᠶᠢ | ᠦᠨᠳᠦᠰᠦᠯᠡᠨ᠂ 9 ᠳ᠋ᠦᠭᠡᠷ ᠰᠠᠷ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠨᠡᠶᠢᠲᠡ ᠶᠢᠨ ᠠᠰᠠᠷᠠᠮᠵᠢ ᠶᠢᠨ | ᠣᠶ ᠶᠢᠨ ᠭᠠᠷᠠᠭ ᠢ ᠵᠠᠷᠯᠠᠨ ᠨᠡᠶᠢᠲᠡᠯᠡᠵᠦ᠂ ᠣᠲᠣ ᠡᠯ᠎ᠡ ᠰᠤᠮᠤ ᠰᠢᠶᠠᠩ ᠪᠠᠯᠭᠠᠰᠤ ᠶᠠᠭ ᠠᠵᠢᠯᠲᠠᠨ ᠢᠶᠠᠨ ᠵᠣᠬᠢᠶᠠᠨ | ᠪᠡᠶᠢᠭᠤᠯᠵᠦ ᠭᠠᠵᠠᠷ ᠰᠢᠷᠣᠶ ᠶᠢ ᠲᠣᠰᠬᠤᠨ ᠳᠤ ᠬᠦᠷᠴᠦ ᠢᠯᠭᠠᠨ ᠲᠠᠨᠢᠬᠤ ᠠᠵᠢᠯ ᠬᠢᠵᠦ ᠪᠠᠶᠢᠨ᠎ᠠ᠃ ᠨᠡᠶᠢᠲᠡ ᠶᠢᠨ | ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯ ᠢ ᠮᠠᠯᠴᠢᠨ ᠲᠠᠷᠢᠶᠠᠴᠢᠨ ᠳᠤ | ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠨ᠎ᠠ᠃ ᠲᠡᠭᠡᠳᠦ ᠱᠠᠲᠤᠨ ᠤ ᠣᠢ ᠰᠢᠭᠤᠶ ᠶᠢᠨ ᠰᠠᠯᠠᠭ᠎ᠠ | ᠮᠥᠴᠢᠷ ᠤᠨ ᠪᠡᠯᠡ ᠮᠥᠩᠭᠦ ᠵᠣᠭᠰᠣᠩᠭᠢᠷᠠᠭᠰᠠᠨ ᠠᠰᠠᠭᠤᠳᠠᠯ ᠢ ᠦᠨᠳᠣᠰᠣᠯᠠᠵᠦ᠂ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠡᠳ᠋ ᠤᠨ ᠶᠠᠪᠤᠳᠠᠯ ᠪᠣᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠭᠠᠭᠤᠯᠤᠨ᠂ ᠡᠯ᠎ᠡ | ᠰᠤᠮᠤ ᠰᠢᠶᠠᠩ ᠪᠠᠯᠭᠠᠰᠤ ᠳᠤ ᠭᠦᠨᠵᠡᠭᠡᠶᠢᠷᠡᠨ ᠬᠢᠨᠠᠨ ᠪᠠᠶᠢᠴᠠᠭᠠᠵᠠᠶ᠃ ᠲᠡᠭᠦᠨ ᠢ ᠵᠠᠷᠯᠢᠭᠳᠠᠵᠤ ᠪᠠᠶᠢᠭᠠᠳ ᠮᠠᠨ ᠤ | ᠲᠣᠪᠴᠢᠶ᠎ᠠ ᠶᠢᠨ ᠡᠯ᠎ᠡ ᠲᠥᠷᠥᠯ ᠤᠨ ᠣᠢ ᠰᠢᠭᠤᠶ ᠶᠢᠨ ᠨᠥᠬᠦᠪᠥᠷᠢ ᠶᠢ ᠲᠦᠷᠭᠡᠬᠡᠨ ᠳᠡᠭᠡᠭᠰᠢ ᠮᠡᠳᠡᠭᠦᠯᠬᠦ ᠬᠡᠷᠡᠭᠲᠡᠶ᠃ | ᠬᠥᠲᠥᠯᠥᠭᠴᠢ᠄ ᠣᠢ ᠰᠢᠭᠤᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠡᠶᠢᠳᠠᠪᠣᠷᠢᠵᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠣᠶ ᠰᠢᠭᠤᠶ ᠶᠢ ᠬᠠᠶᠢᠷᠠᠯᠠᠬᠤ | ᠢᠳᠡᠪᠬᠢᠵᠢᠯ ᠢ ᠳᠡᠭᠡᠭᠰᠢᠯᠡᠭᠦᠯᠵᠦ᠂ ᠣᠶ ᠰᠢᠭᠤᠶ ᠶᠢᠨ ᠡᠬᠢ ᠪᠠᠶᠠᠯᠢᠭ ᠪᠦᠲᠦᠮᠵᠢᠲᠡᠶ ᠬᠠᠮᠠᠭᠠᠯᠠᠭᠳᠠᠵᠠᠶ᠃ | ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠢᠯᠡᠳᠲᠡ | ᠰᠠᠶᠢᠵᠢᠷᠠᠪᠠ᠃ ᠤᠢ ᠰᠢᠭᠤᠶ ᠬᠠᠮᠠᠭᠠᠯᠠᠭᠴᠢ ᠶᠢ ᠰᠣᠩᠭᠤᠨ ᠤᠷᠢᠬᠤ ᠨᠢ ᠴᠦ ᠮᠠᠰᠢ ᠴᠢᠬᠤᠯᠠ ᠶᠤᠮ᠂ ᠡᠨᠡ ᠵᠢᠯ ᠤᠨ | ᠤᠢ ᠰᠢᠭᠤᠶ ᠬᠠᠮᠠᠭᠠᠯᠠᠭᠴᠢ ᠶᠢ ᠰᠣᠩᠭᠤᠨ ᠤᠷᠢᠬᠤ ᠠᠵᠢᠯ ᠬᠢᠷᠢ ᠵᠡᠷᠭᠡ ᠶᠠᠪᠤᠭᠳᠠᠵᠤ ᠪᠠᠶᠢᠬᠤ ᠪᠤᠢ︖ ᠴᠠᠯᠢᠩ ᠢ | ᠣᠢ ᠰᠢᠭᠤᠶ ᠬᠠᠮᠠᠭᠠᠯᠠᠭᠴᠢ ᠶᠢᠨ ᠭᠠᠷ ᠲᠤ ᠥᠭᠭᠦᠭᠰᠡᠨ ᠦᠦ︖ | ᠯᠢᠶᠠᠩ ᠸᠠᠨ ᠮᠢᠩ᠄ ᠤᠴᠢᠷ ᠨᠢ ᠣᠢ ᠬᠠᠮᠠᠭᠠᠯᠠᠭᠴᠢ ᠣᠯᠠᠨ ᠲᠦᠮᠡᠨ ᠳᠤ ᠣᠢ ᠰᠢᠭᠤᠢ ᠶᠢᠨ ᠬᠠᠤᠯᠢ ᠴᠠᠭᠠᠵᠠ | ᠬᠠᠤᠯᠢ ᠲᠣᠭᠳᠠᠭᠠᠯ ᠪᠠ ᠣᠢ ᠰᠢᠭᠤᠢ ᠶᠢᠨ ᠲᠥᠷᠦ ᠶᠢᠨ ᠪᠣᠳᠣᠯᠭ᠎ᠠ ᠶᠢ ᠤᠬᠠᠭᠤᠯᠬᠤ᠂ ᠣᠢ ᠰᠢᠭᠤᠢ ᠶᠢᠨ ᠡᠬᠢ | ᠪᠠᠶᠠᠯᠢᠭ ᠢ ᠡᠪᠳᠡᠬᠦ ᠶᠢ ᠴᠠᠭ ᠲᠤᠬᠠᠢ ᠳᠤᠨᠢ ᠬᠤᠷᠢᠭᠯᠠᠬᠤ ᠵᠡᠷᠭᠡ ᠬᠠᠷᠢᠭᠤᠴᠠᠯᠭ᠎ᠠ ᠲᠠᠢ᠃ ᠮᠠᠨ ᠤ ᠲᠣᠪᠴᠢᠶ᠎ᠠ ᠤᠢ | ᠰᠢᠭᠤᠶ ᠬᠠᠮᠠᠭᠠᠯᠠᠭᠴᠢ ᠶᠢ ᠰᠣᠩᠭᠤᠨ ᠤᠷᠢᠬᠤ ᠠᠵᠢᠯ ᠤᠨ ᠲᠠᠯ᠎ᠠ ᠪᠠᠷ ᠴᠤ ᠮᠠᠰᠢ ᠴᠢᠬᠤᠴᠢᠯᠠᠵᠦ ᠪᠠᠶᠢᠨ᠎ᠠ᠃ | ᠨᠢᠭᠡ ᠳᠤ 113.89 ᠲᠦᠮᠡᠨ ᠮᠦ ᠤᠯᠤᠰ ᠤᠨ ᠲᠡᠰ ᠤᠨ ᠨᠡᠶᠢᠲᠡᠶᠢᠨ ᠠᠰᠠᠷᠠᠮᠵᠢ ᠶᠢᠨ ᠤᠢ ᠶᠢ ᠬᠠᠮᠢᠶᠠᠷᠴᠤ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠨᠡ ᠵᠢᠯ 1250 ᠣᠶ ᠰᠢᠭᠤᠶ ᠬᠠᠮᠠᠭᠠᠯᠠᠭᠴᠢ ᠶᠢ ᠰᠣᠩᠭᠤᠨ ᠡᠯᠰᠡᠵᠡᠶ᠂ | ᠡᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠣᠶ ᠬᠠᠮᠠᠭᠠᠯᠠᠭᠴᠢ 1183 ᠪᠣᠶ᠂ ᠬᠥᠮᠦᠨ ᠪᠦᠷᠢ ᠵᠢᠯ ᠳᠤ | 3500 ᠲᠥᠭᠦᠷᠢᠭ᠂ ᠣᠳᠣᠬᠠᠨ ᠪᠣᠯᠲᠠᠯ᠎ᠠ᠂ ᠰᠠᠭᠤᠷᠢ ᠴᠠᠯᠢᠩ ᠢ ᠨᠢᠭᠡᠨᠲᠡ ᠪᠦᠬᠦᠨ ᠢ ᠪᠣᠳᠠᠲᠠᠶᠢᠵᠢᠭᠤᠯᠵᠤ᠂ 331. | 24 ᠲᠦᠮᠡᠨ ᠲᠥᠭᠦᠷᠢᠭ ᠤᠨ ᠪᠠᠯᠠ ᠮᠥᠩᠭᠦ ᠲᠡᠯᠪᠢᠵᠦ ᠥᠭᠪᠡ᠃ ᠬᠤᠶᠠᠷ ᠲᠤ᠂ ᠡᠨᠡ ᠵᠢᠯ 166 ᠤᠯᠤᠰ ᠤᠨ | ᠲᠡᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯᠲᠠᠨ ᠢ ᠦᠷᠭᠦᠯᠵᠢᠯᠡᠨ ᠤᠷᠢᠵᠤ᠂ ᠨᠥᠬᠦᠪᠥᠷᠢ ᠥᠭᠬᠦ | ᠪᠠᠷᠢᠮᠵᠢᠶᠠᠨᠢ ᠬᠥᠮᠦᠨ ᠪᠦᠷᠢ 10000 ᠲᠥᠭᠦᠷᠢᠭ \ ᠵᠢᠯ ᠪᠣᠯᠤᠨ᠎ᠠ᠂ ᠣᠳᠣᠬᠠᠨ ᠳᠤ ᠰᠠᠭᠤᠷᠢ ᠴᠠᠯᠢᠩ ᠢ ᠪᠦᠬᠦᠨ ᠢ | ᠪᠣᠳᠠᠲᠠᠶᠢᠵᠢᠭᠤᠯᠵᠤ᠂ 132.8 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ᠃ ᠭᠤᠷᠪᠠ ᠳᠤ᠂ ᠤᠯᠤᠰ ᠤᠨ | ᠲᠠᠰ ᠤᠨ ᠠᠮᠢ ᠠᠬᠤᠶ ᠶᠢᠨ ᠣᠶ ᠬᠠᠮᠠᠭᠠᠯᠠᠭᠴᠢ 50 ᠬᠥᠮᠦᠨ ᠢ ᠰᠢᠨ᠎ᠡ ᠪᠠᠷ ᠨᠡᠮᠡᠭᠳᠡᠭᠦᠯᠬᠦ ᠪᠠᠷ ᠭᠤᠶᠤᠴᠢᠯᠠᠪᠠ᠃ | ᠳᠥᠷᠪᠡ ᠳᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠬᠠᠮᠢᠶᠠᠷᠤᠭᠴᠢ 87 ᠬᠥᠮᠦᠨ ᠢ ᠤᠷᠢᠨ ᠬᠡᠷᠡᠭᠯᠡᠬᠦ | ᠴᠢᠬᠤᠯᠳᠡᠢ ᠪᠠᠶᠢᠨ᠎ᠠ᠃ ᠡᠭᠦᠨ ᠳᠤ 26 ᠶᠠᠳᠠᠭᠤ ᠬᠦᠴᠢᠷᠳᠡᠯᠲᠡᠶ ᠡᠷᠦᠬᠡ ᠬᠤᠯᠪᠣᠭᠳᠠᠵᠤ᠂ ᠴᠠᠯᠢᠩ ᠤᠨ ᠪᠠᠷᠢᠮᠵᠢᠶ᠎ᠠ ᠨᠢ | ᠬᠥᠮᠦᠨ ᠪᠦᠷᠢ 5000 ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠡᠳ᠋ ᠤᠨ | ᠵᠠᠰᠠᠭ ᠠᠴᠠ ᠰᠠᠯᠭᠠᠨ ᠥᠭᠬᠦ ᠠᠴᠠ ᠭᠠᠳᠠᠨ᠎ᠠ᠂ ᠲᠣᠳᠠᠮᠠᠭ ᠬᠡᠰᠡᠭ ᠢ ᠨᠢ ᠬᠤᠰᠢᠭᠤ ᠶᠢᠨ ᠡᠳ᠋ ᠤᠨ ᠵᠠᠰᠠᠭ ᠠᠴᠠ ᠢᠵᠢ | ᠪᠦᠷᠢᠳᠦᠭᠦᠯᠦᠨ ᠰᠢᠢᠳᠪᠣᠷᠢᠯᠡᠨ᠎ᠡ᠃ | ᠣᠳᠣᠬᠠᠨ ᠪᠣᠯᠲᠠᠯ᠎ᠠ᠂ ᠶᠠᠭ ᠡᠯ᠎ᠡ ᠲᠥᠷᠥᠯ ᠤᠨ ᠣᠶ ᠰᠢᠭᠤᠶ ᠬᠠᠮᠠᠭᠠᠯᠠᠭᠴᠢ ᠳᠤ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ᠂ ᠬᠢᠨᠠᠨ ᠰᠢᠯᠭᠠᠭᠰᠠᠨ ᠦᠷ᠎ᠡ ᠳ᠋ᠦᠩ ᠢ | ᠦᠨᠳᠣᠰᠣᠯᠡᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠠᠶᠢᠨ᠎ᠠ᠃ | ᠬᠥᠲᠥᠯᠥᠭᠴᠢ᠄ ᠣᠳᠣᠬᠠᠨ ᠳᠤ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠲᠤᠯᠭᠠᠷᠠᠵᠤ | ᠪᠠᠶᠢᠭ᠎ᠠ ᠠᠰᠠᠭᠤᠳᠡᠯ ᠮᠠᠰᠢ ᠬᠦᠨᠳᠦ ᠨᠣᠴᠢᠲᠠᠶ᠂ ᠡᠩ ᠲᠡᠷᠢᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠥᠷᠨᠢᠭᠦᠯᠬᠦ ᠳᠤ ᠨᠡᠯᠢᠶᠡᠳ ᠬᠦᠴᠢᠷ ᠪᠠᠶᠢᠵᠤ᠂ ᠮᠠᠯᠴᠢᠨ ᠲᠠᠷᠢᠶᠠᠴᠢᠨ ᠤ ᠦᠬᠡᠷ ᠬᠤᠨᠢ ᠲᠡᠵᠢᠭᠡᠬᠦ ᠲᠤᠭ᠎ᠠ ᠨᠡᠯᠢᠶᠡᠳ | ᠣᠯᠠᠨ᠂ ᠤᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ ᠪᠠᠶᠢᠨ᠎ᠠ᠃ ᠳᠠᠷᠠᠭᠠᠯᠠᠪᠠᠯ | ᠣᠶ ᠰᠢᠭᠤᠶ ᠶᠢᠨ ᠡᠪᠡᠰᠦ ᠮᠣᠳᠣᠨ ᠳᠤ ᠠᠮᠠᠷᠬᠠᠨ ᠭᠠᠯ ᠤᠨ ᠠᠶᠤᠯ ᠡᠭᠦᠰᠴᠦ᠂ ᠡᠪᠡᠳᠴᠢᠨ ᠬᠤᠷᠣᠬᠠᠶ ᠶᠢᠨ ᠬᠥᠨᠥᠭᠡᠯ | ᠨᠡᠯᠢᠶᠡᠳ ᠬᠦᠨᠳᠦ ᠨᠣᠴᠢᠲᠠᠶ ᠵᠡᠷᠭᠡ ᠪᠣᠯᠤᠨ᠎ᠠ᠃ ᠡᠳᠡᠭᠡᠷ ᠪᠠᠶᠢᠳᠠᠯ ᠤᠨ ᠡᠮᠦᠨ᠎ᠡ ᠤᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠬᠡᠷᠬᠢᠨ ᠰᠢᠢᠳᠪᠣᠷᠢᠯᠡᠭᠰᠡᠨ ᠪᠤᠢ︖ | ᠯᠢᠶᠠᠩ ᠸᠠᠨ ᠮᠢᠩ᠄ ᠴᠢᠨᠦ ᠳᠤᠷᠠᠳᠤᠭᠰᠠᠨ ᠪᠡᠶᠢᠳᠡᠯ ᠢ ᠮᠠᠨ ᠤ ᠲᠣᠪᠴᠢᠶ᠎ᠠ ᠲᠤᠰ ᠲᠤᠰ ᠳᠣᠤᠷᠠᠬᠢ ᠠᠵᠢᠯ ᠢ | ᠬᠢᠵᠦ ᠠᠷᠭᠠᠴᠠᠭᠠᠪᠠ᠃ | — ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ᠄ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ | ᠶᠠᠪᠤᠴᠠ ᠳᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ | ᠡᠷᠬᠢᠨ ᠬᠠᠷᠠᠬᠤ︾ ᠲᠠᠢ ᠤᠶᠠᠯᠳᠤᠭᠤᠯᠤᠨ ᠬᠠᠷᠢᠭᠤ ᠲᠤᠰᠬᠠᠭᠰᠠᠨ ᠰᠠᠨᠠᠯ ᠤᠨ ᠱᠠᠭᠠᠷᠳᠠᠯᠭ᠎ᠠ ᠶᠢ ᠲᠤᠰᠬᠠᠪᠠ᠂ | ᠨᠢᠭᠡ ᠳᠤ᠂ ᠵᠣᠬᠢᠶᠠᠨ ᠪᠡᠶᠢᠭᠤᠯᠣᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠠᠢ᠃ ᠲᠤᠰᠬᠠᠶ ᠬᠤᠷᠠᠯ | ᠬᠤᠷᠠᠯᠳᠤᠭᠤᠯᠵᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠰᠢᠭᠤ ᠱᠠᠲᠤᠨ ᠤ ᠤᠳᠤᠷᠢᠳᠤᠯᠭ᠎ᠠ ᠬᠡᠰᠡᠭ | ᠳᠠᠭᠠᠭᠠᠴᠢᠯᠠᠬᠤ᠂ ᠰᠢᠶᠠᠩ ᠪᠠᠯᠭᠠᠰᠤᠨ ᠤ ᠤᠳᠤᠷᠢᠳᠤᠯᠭ᠎ᠠ ᠲᠣᠰᠬᠤᠨ ᠲᠠᠭᠠᠭᠠᠴᠢᠯᠠᠬᠤ᠂ ᠲᠣᠰᠬᠤᠨ ᠤ ᠺᠠᠳ᠋ᠷ | ᠭᠤᠣᠯᠳᠠᠯᠭ᠎ᠠ ᠲᠠᠢ ᠡᠷᠦᠬᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠭᠦᠢᠴᠡᠳᠬᠡᠪᠡ᠃ ᠬᠤᠶᠠᠷ ᠲᠤ᠂ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠡᠨᠡ ᠵᠢᠯ ᠨᠡᠶᠢᠲᠡ 10000 ᠬᠤᠪᠢ ᠮᠠᠯᠵᠢᠬᠤ ᠶᠢ ᠴᠠᠭᠠᠵᠠᠯᠠᠬᠤ ᠤᠬᠠᠭᠤᠯᠭ᠎ᠠ ᠶᠢᠨ ᠬᠠᠭᠤᠳᠠᠰᠤ | ᠲᠠᠷᠬᠠᠭᠠᠵᠤ᠂ 300 ᠥᠩᠭᠡᠲᠦ ᠲᠤᠭ ᠨᠢ ᠮᠠᠯᠵᠢᠬᠤ ᠶᠢ ᠴᠠᠭᠠᠵᠠᠯᠠᠬᠤ ᠠᠵᠢᠯ ᠢ ᠶᠡᠬᠡᠪᠡᠷ ᠤᠬᠠᠭᠤᠯᠬᠤ ᠪᠠᠷ ᠳᠠᠮᠵᠢᠨ᠂ | ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠳ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ | ᠲᠡᠵᠢᠬᠡᠬᠦ ᠠᠵᠢᠯ ᠢ ᠭᠦᠨᠵᠡᠭᠡᠶ ᠣᠶᠢᠯᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠠᠵᠢᠯ ᠤᠨ | ᠴᠢᠬᠤᠯᠠ ᠴᠢᠨᠠᠷ ᠢ ᠳᠠᠮᠵᠢᠵᠤ᠂ ᠲᠠᠨᠢᠯᠲᠠ ᠪᠠᠨ ᠪᠣᠳᠠᠲᠠᠶᠢᠵᠢᠭᠤᠯᠵᠤ᠂ ᠬᠠᠮᠵᠢᠯᠴᠠᠭ᠎ᠠ ᠪᠠᠨ ᠪᠣᠳᠠᠲᠠᠶᠢᠵᠢᠭᠤᠯᠪᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠮᠡᠳᠡᠬᠦ ᠦᠷ᠎ᠡ | ᠪᠦᠳᠣᠮᠵᠢ ᠶᠢ ᠣᠯᠤᠭᠰᠠᠨ ᠪᠠᠶᠢᠨ᠎ᠠ᠃ ᠭᠤᠷᠪᠠ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠰᠢᠮᠳᠠᠭᠤᠯᠤᠨ | ᠪᠠᠶᠢᠴᠠᠭᠠᠬᠤ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠮᠠᠰᠢᠨ ᠲᠡᠷᠭᠡ ᠶᠢ ᠨᠡᠶᠢᠲᠡ 70 ᠤᠳᠠᠭ᠎ᠠ ᠬᠥᠳᠡᠯᠭᠡᠵᠦ᠂ 210 ᠬᠥᠮᠦᠨ ᠣᠳᠠᠭ᠎ᠠ ᠬᠥᠳᠡᠯᠭᠡᠪᠡ᠃ | — ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ᠄ 2019 ᠣᠨ ᠳᠤ ᠮᠠᠨ ᠤ | ᠬᠤᠰᠢᠭᠤᠨ ᠳᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠨᠡᠶᠢᠲᠡ 9 ᠤᠳᠠᠭ᠎ᠠ ᠭᠠᠷᠴᠤ᠂ | ᠲᠤᠰᠬᠠᠶ ᠮᠡᠷᠭᠡᠵᠢᠯ ᠤᠨ ᠬᠠᠭᠠᠰ ᠲᠤᠰᠬᠠᠶ ᠮᠡᠷᠭᠡᠵᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠣᠨᠳᠠᠷᠠᠭᠠᠬᠤ | ᠠᠵᠢᠯᠲᠠᠨ ᠢ ᠨᠡᠶᠢᠲᠡ 48 ᠬᠥᠮᠦᠨ ᠤᠳᠠᠭ᠎ᠠ ᠬᠥᠳᠡᠯᠭᠡᠵᠦ᠂ ᠭᠠᠯ ᠤᠨᠲᠠᠷᠠᠭᠠᠬᠤ ᠮᠠᠰᠢᠨ ᠲᠡᠷᠭᠡ 11 ᠤᠳᠠᠭ᠎ᠠ᠂ ᠭᠠᠯ | ᠭᠠᠷᠤᠭᠰᠠᠨ ᠶᠡᠷᠦᠩᠬᠡᠶ ᠲᠠᠯᠠᠪᠠᠢ 2489 ᠮᠦ᠂ 2414 ᠮᠦ ᠠᠲᠠᠷ ᠡᠪᠡᠰᠦ᠂ 75 ᠮᠦ ᠨᠢᠮᠪᠡᠭᠡᠲᠦ ᠲᠠᠷᠢᠶᠠᠨ | ᠭᠠᠵᠠᠷ ᠲᠠᠢ᠃ ᠬᠠᠶᠢᠯᠠᠰᠤᠨ ᠮᠣᠳᠣ 51 ᠰᠠᠭᠤᠷᠢ᠂ ᠬᠡᠭᠡᠷ᠎ᠡ ᠶᠢᠨ ᠬᠦᠢᠯᠡᠰᠦ 62 ᠰᠠᠭᠤᠷᠢ᠃ ᠲᠣᠰ ᠡᠳᠦᠷ ᠤᠨ | ᠤᠨᠲᠠᠷᠠᠭᠠᠭᠰᠠᠨ ᠨᠣᠷᠮ᠎ᠠ ᠨᠢ 100%᠂ ︽9 ᠭᠠᠯ ᠤᠨ ᠠᠶᠤᠯ ᠢ ᠪᠦᠬᠦᠨ ᠢ ᠣᠢ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠳᠤ ᠮᠡᠳᠡᠭᠦᠯᠦᠨ ᠪᠠᠶᠢᠴᠠᠭᠠᠵᠦ᠂︾ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠢᠶᠠᠷ | ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠲᠤ ︽ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ | ︾ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠳᠠᠭᠠᠯ᠂ ᠭᠠᠯ ᠰᠡᠷᠭᠡᠶᠢᠯᠡᠬᠦ ᠰᠡᠷᠡᠮᠵᠢᠯᠡᠭᠦᠯᠬᠦ ᠥᠭᠦᠯᠡᠪᠦᠷᠢ᠂ | ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠬᠦ ᠤᠲᠠᠰᠤ 12119 ᠵᠡᠷᠭᠡ ᠶᠢ ᠤᠬᠠᠭᠤᠯᠵᠤ᠂ ᠲᠡᠷᠡᠴᠢᠯᠡᠨ | ᠰᠢᠯᠵᠢᠮᠡᠯ ᠬᠤᠯᠪᠣᠭᠠᠨ ᠤ ᠣᠬᠤᠷ ᠮᠡᠳᠡᠭᠡᠨ ᠤ ᠲᠠᠪᠴᠠᠩ ᠢᠶᠠᠷ ᠳᠠᠮᠵᠢᠭᠤᠯᠤᠨ ᠭᠠᠷ ᠤᠲᠠᠰᠤᠨ ᠤ ᠬᠡᠷᠡᠭᠯᠡᠭᠴᠢ ᠳᠤ | ᠭᠠᠯ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ 3000 ᠭᠠᠷᠤᠶ ᠵᠤᠷᠪᠤᠰ ᠢᠯᠡᠭᠡᠵᠡᠶ᠃ | — ᠤᠢ ᠰᠢᠭᠤᠶ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠄ ᠨᠢᠭᠡ ᠳᠤ | ᠬᠠᠤᠯᠢ ᠶᠢ ᠵᠥᠷᠢᠴᠡᠨ ᠰᠢᠭᠤᠶᠢᠲᠤ ᠭᠠᠵᠠᠷ ᠢ ᠡᠵᠡᠯᠡᠨ ᠬᠡᠷᠡᠭᠯᠡᠭᠰᠡᠨ ᠬᠡᠷᠡᠭ ᠲᠤ ᠴᠣᠬᠢᠯᠲᠠ ᠥᠭᠬᠦ ᠠᠵᠢᠯ ᠢ | ᠦᠷᠨᠢᠭᠦᠯᠣᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠵᠢᠴᠢ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠥᠷᠨᠢᠭᠦᠯᠦᠭᠰᠡᠨ ︽ᠨᠣᠭᠤᠭᠠᠨ ᠬᠠᠮᠠᠭᠠᠯᠠᠬᠤ ᠠᠵᠢᠯᠯᠠᠭ᠎ᠠ︾ ᠲᠠᠢ ᠤᠶᠠᠯᠳᠤᠭᠤᠯᠤᠨ ᠪᠥᠬᠦ | ᠬᠤᠰᠢᠭᠤᠨ ᠤ ᠬᠡᠪᠴᠡᠶᠡᠨ ᠳᠤ ᠬᠠᠤᠯᠢ ᠵᠥᠷᠢᠴᠡᠨ ᠭᠠᠵᠠᠷ ᠡᠵᠡᠯᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ | ᠲᠤᠰᠬᠠᠶ ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠶᠠᠳᠤᠭᠠᠷ ᠳᠡᠰ ᠤᠨ ᠥᠷᠲᠡᠭᠡ ᠪᠠᠷ ᠰᠤᠮᠤ ᠰᠢᠶᠠᠩ | ᠪᠠᠯᠭᠠᠰᠤ ᠶᠢ ᠳᠠᠭᠠᠭᠠᠴᠢᠯᠠᠭᠤᠯᠬᠤ ᠬᠡᠯᠪᠡᠷᠢ ᠪᠠᠷ ᠲᠣᠰᠬᠠᠢ ᠠᠵᠢᠯᠯᠠᠭ᠎ᠠ ᠥᠷᠨᠢᠭᠦᠯᠵᠦ᠂ 150 ᠰᠠᠭᠤᠷᠢ ᠲᠡᠷᠭᠡ ᠶᠢ | ᠬᠢᠨᠠᠨ ᠪᠠᠶᠢᠴᠠᠭᠠᠪᠠ᠃ ᠮᠡᠷᠭᠡᠵᠢᠯ ᠤᠨ ᠠᠵᠢᠯᠲᠠᠨ 450 ᠬᠥᠮᠦᠨ ᠤᠳᠠᠭ᠎ᠠ᠂ 600 ᠬᠤᠪᠢ ᠮᠡᠳᠡᠭᠳᠡᠯ ᠤᠨ ᠪᠢᠴᠢᠭ | ᠲᠠᠷᠬᠠᠭᠠᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠡᠷᠡᠭᠦᠤ ᠶᠢᠨ ᠬᠡᠷᠡᠭ ᠢ ᠰᠢᠢᠳᠪᠣᠷᠢᠯᠡᠵᠦ | ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ 10 ᠰᠢᠯᠵᠢᠭᠦᠯᠦᠨ ᠬᠦᠷᠭᠡᠵᠦ᠂ ᠣᠶ | ᠰᠢᠭᠤᠶ ᠶᠢᠨ ᠲᠣᠳᠣᠭᠠᠳᠦ ᠶᠢ ᠬᠠᠮᠠᠭᠠᠯᠠᠬᠤ ᠲᠣᠪᠴᠢᠶ᠎ᠠ ᠳᠤ ᠨᠠᠶᠢᠳᠠᠭᠰᠠᠨ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠬᠡᠷᠡᠭ 7᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠡᠷᠡᠭ 32 ᠪᠠᠶᠢᠨ᠎ᠠ᠃ ᠣᠢ | ᠰᠢᠭᠤᠢ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ 10 ᠬᠦᠯᠢᠶᠡᠨ ᠠᠪᠴᠤ ᠰᠢᠢᠳᠪᠦᠷᠢᠯᠡᠭᠡᠳ ᠪᠦᠬᠦᠨ ᠢ | ᠰᠢᠢᠳᠪᠦᠷᠢᠯᠡᠵᠦ ᠳᠠᠭᠤᠰᠬᠠᠪᠠ᠃ ᠬᠤᠶᠠᠷ ᠲᠤ ᠣᠢ ᠰᠢᠭᠤᠶ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠥᠷᠨᠢᠭᠦᠯᠦᠨ᠎ᠡ᠃ 2018 ᠣᠨ ᠳᠤ ᠮᠠᠨ ᠤ ᠬᠤᠰᠢᠭᠤᠨ ᠤ ᠣᠶ ᠰᠢᠭᠤᠶ ᠶᠢᠨ ᠰᠢᠪᠠᠳᠠᠨ ᠪᠠᠶᠢᠴᠠᠭᠠᠯᠲᠠ ᠳᠤ | ᠬᠠᠤᠯᠢ ᠶᠢ ᠵᠥᠷᠢᠴᠡᠨ ᠣᠶ ᠰᠢᠭᠤᠢ ᠶᠢ ᠡᠪᠳᠡᠭᠰᠡᠨ 7 ᠬᠡᠷᠡᠭ ᠪᠠᠶᠢᠵᠤ᠂ 5 ᠳ᠋ᠤᠭᠠᠷ ᠰᠠᠷ᠎ᠠ ᠶᠢᠨ ᠳᠤᠮᠳᠠᠴᠢ ᠪᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ | ᠮᠡᠳᠡᠭᠦᠯᠵᠦ ᠪᠦᠬᠦᠨ ᠢ ᠬᠦᠴᠦᠨ ᠥᠬᠡᠶ ᠪᠣᠯᠭᠠᠵᠡᠢ᠃ 2019 ᠣᠨ ᠳᠤ ᠣᠢ ᠰᠢᠭᠤᠶ ᠶᠢᠨ ᠬᠢᠨᠠᠨ | ᠪᠠᠶᠢᠴᠠᠭᠠᠯᠲᠠ ᠶᠢᠨ ᠲᠡᠭᠡᠳᠦ ᠱᠠᠲᠤᠨᠤ ᠬᠢᠨ 117 ᠰᠡᠵᠢᠭ ᠲᠠᠢ ᠬᠥᠬᠡ ᠲᠣᠯᠪᠤ ᠪᠠᠭᠤᠯᠭᠠᠵᠤ᠂ 10 ᠭᠠᠷᠤᠶ | ᠡᠳᠦᠷ ᠤᠨ ᠭᠠᠳᠠᠷ ᠠᠵᠢᠯ ᠲᠥᠷᠥᠯ ᠤᠨ ᠬᠢᠨᠠᠨ ᠪᠠᠶᠢᠴᠠᠭᠠᠯᠲᠠ ᠵᠢᠴᠢ ᠬᠠᠮᠢᠶ᠎ᠠ ᠪᠥᠬᠦᠶ ᠮᠠᠲ᠋ᠧᠷᠢᠶᠠᠯ ᠢᠶᠠᠷ ᠭᠡᠷᠡᠴᠢ | ᠠᠪᠴᠤ᠂ ᠡᠴᠦᠰᠲ᠋ᠡᠭᠡᠨ ᠥᠪᠥᠷ ᠮᠣᠩᠭᠤᠯ ᠤᠨ ᠬᠢᠨᠠᠨ ᠪᠠᠶᠢᠴᠠᠭᠠᠯᠲᠠ ᠪᠠᠷ ᠰᠢᠯᠵᠢᠭᠦᠯᠦᠨ ᠲᠣᠰᠢᠶᠠᠭᠰᠡᠨ ᠨᠢ 48 | ᠲᠥᠷᠥᠯ ᠪᠣᠯᠤᠨ᠎ᠠ᠃ ᠡᠭᠦᠨ ᠳᠤ᠄ ᠬᠠᠤᠯᠢ ᠶᠢ ᠵᠥᠷᠢᠴᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 43 | ᠪᠦᠯᠦᠭ᠂ ᠣᠶ ᠰᠢᠭᠤᠶ ᠶᠢ ᠡᠪᠳᠡᠨ ᠬᠠᠭᠠᠯᠪᠤᠷᠢᠯᠠᠭᠰᠠᠨ 5 ᠪᠦᠯᠦᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ ᠠᠴᠠ ᠲᠣᠰ ᠵᠢᠯ ᠤᠨ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠳ᠋ᠤᠭᠠᠷ ᠬᠠᠰᠤᠬᠤ ᠶᠢ ᠱᠠᠭᠠᠷᠳᠠᠪᠠ᠃ ᠭᠤᠷᠪᠠ ᠳᠤ ᠤᠢ ᠰᠢᠭᠤᠶ ᠶᠢ ᠣᠭᠲᠣᠯᠬᠤ | ᠪᠠ ᠰᠢᠨᠡᠳᠬᠡᠬᠦ ᠠᠵᠢᠯ ᠢ ᠰᠠᠶᠢᠲᠤᠷ ᠬᠢᠨ᠎ᠡ᠃ ᠮᠠᠨ ᠤ ᠬᠤᠰᠢᠭᠤᠨ ᠤ ᠮᠣᠳᠣᠨ ᠤ ᠣᠯᠠᠩᠬᠢ ᠨᠢ ᠪᠤᠶᠢᠵᠢᠭᠰᠠᠨ ᠣᠢ | ᠪᠣᠯᠵᠤ᠂ ᠬᠦᠨᠳᠦ ᠨᠣᠴᠢᠲᠠᠶ ᠬᠠᠳᠠᠵᠤ ᠦᠬᠦᠭᠰᠡᠨ ᠣᠭᠲᠣᠯᠤᠨ ᠰᠢᠨᠡᠳᠬᠡᠬᠦ ᠴᠢᠬᠤᠯᠠᠲᠠᠶ᠂ ᠮᠠᠨ ᠤ ᠰᠠᠯᠠᠭ᠎ᠠ ᠮᠥᠴᠢᠷ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢ | ᠣᠭᠲᠣᠯᠤᠨ ᠰᠢᠨᠡᠳᠬᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ ᠣᠭᠲᠣᠯᠬᠤ ᠦᠨᠡᠮᠯᠡᠯ ᠢ ᠣᠯᠭᠤᠨ᠎ᠠ᠃ ᠠᠵᠢᠯ ᠤᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠲᠡᠭᠦᠨ ᠤ | ᠰᠢᠨᠡᠳᠬᠡᠵᠦ ᠣᠶᠢᠵᠢᠭᠤᠯᠬᠤ ᠶᠢ ᠬᠡᠷᠡᠭᠵᠢᠭᠦᠯᠵᠦ᠂ ᠪᠦᠬᠦ ᠶᠠᠪᠤᠴᠠ ᠳᠤ ᠮᠥᠷᠳᠡᠨ ᠣᠭᠲᠣᠯᠤᠨ᠎ᠠ᠃ ᠬᠡᠲᠦᠷᠡᠲᠡᠯ᠎ᠡ | ᠮᠠᠯᠲᠠᠬᠤ ᠦᠭᠡᠢ ᠳᠤᠷ᠎ᠠ ᠪᠠᠷ ᠢᠶᠠᠨ ᠮᠠᠯᠲᠠᠬᠤ ᠦᠭᠡᠢ᠂ ᠣᠢ ᠮᠣᠳᠣᠨ ᠤ ᠭᠠᠵᠠᠷ ᠢ ᠣᠭᠲᠣᠯᠤᠭᠰᠠᠨ ᠠᠴᠠ ᠪᠣᠯᠵᠤ | ᠪᠠᠭᠠᠰᠬᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠢ ᠵᠧᠨ ᠪᠠᠯᠭᠠᠰᠤᠨ ᠤ ᠭᠠᠴᠠᠭᠠᠨ ᠤ ᠠᠷᠠᠳ ᠤᠨ | ᠵᠥᠪᠯᠡᠯ ᠤᠨ ᠰᠢᠨ᠎ᠡ ᠪᠠᠷ ᠮᠣᠳᠣ ᠣᠭᠲᠣᠯᠬᠤ ᠲᠥᠷᠦᠯ ᠵᠦᠢᠯ 1 ᠪᠡᠶᠢᠭᠤᠯᠵᠦ᠂ 21.4019 ᠪᠣᠰᠤᠭ᠎ᠠ | ᠳᠥᠷᠪᠡᠯᠵᠢᠨ ᠮᠧᠲᠷ ᠮᠣᠳᠣ ᠣᠭᠲᠣᠯᠤᠨ ᠬᠠᠳᠠᠭᠠᠯᠠᠪᠠ᠃ ᠣᠳᠣ ᠶᠠᠭ ᠤᠯᠠᠭᠠᠨᠬᠠᠳᠠ ᠰᠤᠮᠤ ᠶᠢᠨ ᠴᠢᠶᠠᠨ ᠶᠢᠨ | ᠭᠠᠴᠠᠭᠠᠨ ᠤ ᠠᠷᠠᠳ ᠤᠨ ᠵᠥᠪᠯᠡᠯ ᠤᠨ ᠴᠢ ᠴᠢᠩ ᠳ᠋ᠢ ᠲᠣᠰᠬᠤᠨ ᠤ ᠪᠠᠷᠠᠭᠤᠨ ᠲᠠᠯ᠎ᠠ ᠳᠤ ᠣᠶᠢᠵᠢᠭᠤᠯᠤᠯᠲᠠ ᠶᠢᠨ | ᠲᠥᠷᠥᠯ ᠵᠦᠢᠯ 1 ᠶᠢ ᠭᠦᠢᠴᠡᠳᠬᠡᠵᠦ ᠪᠠᠶᠢᠨ᠎ᠠ᠃ ᠬᠤᠯᠪᠣᠭᠳᠠᠬᠤ ᠲᠠᠯᠠᠪᠠᠢ ᠨᠢ 53.4 ᠮᠦ᠂ ᠤᠯᠢᠶᠠᠰᠤᠨ ᠮᠣᠳᠣ | 36 ᠰᠠᠭᠤᠷᠢ᠂ ᠬᠠᠶᠢᠯᠠᠰᠤᠨ ᠮᠣᠳᠣ 33 ᠰᠠᠭᠤᠷᠢ᠂ ᠲᠠᠷᠢᠶᠠᠨ ᠭᠠᠵᠠᠷ ᠨᠢ ᠰᠡᠶᠢᠷᠡᠭ ᠣᠶᠢᠲᠤ ᠭᠠᠵᠡᠷ ᠪᠣᠯᠤᠨ᠎ᠠ᠃ | ᠳᠥᠷᠪᠡ ᠳᠤ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ | ᠵᠦᠪᠰᠢᠶᠠᠷᠡᠬᠦ ᠶᠢ ᠴᠢᠩᠳᠠᠯᠠᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠰᠢᠭᠤᠶᠢᠲᠤ ᠭᠠᠵᠠᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯᠢ ᠬᠢᠨᠠᠮᠠᠭᠠᠶ ᠰᠠᠶᠢᠲᠤᠷ | ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ | ᠵᠣᠶᠢᠯ ᠤᠨ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ | ᠭᠠᠷᠳᠠᠮ ᠢ ᠬᠠᠤᠯᠢ ᠶᠣᠰᠣᠭᠠᠷ ᠴᠢᠩᠭ᠎ᠠ ᠭᠦᠢᠴᠡᠳᠭᠡᠬᠦ ᠬᠡᠷᠡᠭᠲᠡᠶ᠃ ᠪᠦᠬᠦ ᠵᠢᠯ ᠳᠤ ᠣᠶᠢᠲᠤ ᠭᠠᠵᠠᠷ ᠢ ᠡᠭᠦᠷᠢᠳᠡ | ᠲᠠᠲᠠᠪᠤᠷᠢᠯᠠᠨ ᠡᠵᠡᠯᠡᠬᠦ 21 ᠲᠥᠷᠥᠯ ᠵᠦᠢᠯ ︵ᠣᠨᠳᠣᠣ ᠭᠠᠵᠠᠷ ᠨᠡᠭᠦᠯᠭᠡᠬᠦ 10 ᠲᠥᠷᠥᠯ ᠵᠦᠢᠯ︶ ᠢ | ᠭᠦᠢᠴᠡᠳᠬᠡᠵᠦ᠂ ᠣᠢ ᠲᠠᠢ ᠭᠠᠵᠠᠷ ᠢ 59.7279 ᠾᠧᠺᠲ᠋ᠠᠷ ᠬᠢᠨᠠᠨ ᠵᠥᠪᠰᠢᠶᠡᠷᠡᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠤᠷᠭᠤᠮᠠᠯ ᠪᠦᠷᠬᠦᠴᠡ ᠶᠢ ᠰᠡᠷᠭᠦᠭᠡᠬᠦ ᠵᠠᠷᠤᠳᠠᠯ | 1076.9832 ᠲᠦᠮᠡᠨ ᠲᠦᠭᠦᠷᠢᠭ ᠲᠤ ᠲᠤᠰᠢᠶᠠᠨ᠎ᠠ᠃ ᠤᠯᠠᠭᠠᠨᠴᠠᠪ ᠬᠤᠲᠠ ᠶᠢᠨ ᠣᠢ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠣᠢ ᠮᠣᠳᠣᠨ ᠤ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠲᠥᠷᠥᠯ ᠵᠦᠢᠯ ᠢ 14 ᠬᠢᠨᠠᠨ | ᠵᠥᠪᠰᠢᠶᠡᠷᠡᠵᠦ᠂ 11.553 ᠾᠧᠺᠲ᠋ᠠᠷ ᠣᠶᠢᠲᠤ ᠭᠠᠵᠠᠷ ᠢ ᠬᠢᠨᠠᠨ ᠵᠥᠪᠰᠢᠶᠡᠷᠡᠵᠦ᠂ ᠤᠯᠠᠭᠠᠨᠴᠠᠪ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠡ ᠶᠢᠨ ᠤᠷᠭᠤᠮᠠᠯ ᠪᠦᠷᠬᠦᠴᠡ ᠶᠢ ᠰᠡᠷᠭᠦᠭᠡᠬᠦ ᠵᠠᠷᠤᠳᠠᠯ 277.2720 ᠲᠦᠮᠡᠨ | ᠲᠥᠭᠦᠷᠢᠭ ᠲᠤᠰᠢᠶᠠᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ 4 ᠦᠢᠳᠦ ᠭᠠᠵᠡᠷ ᠢ ᠲᠦᠷ ᠴᠠᠭ ᠡᠵᠡᠯᠡᠨ ᠬᠡᠷᠡᠭᠯᠡᠬᠦ ᠲᠥᠷᠥᠯ ᠵᠦᠢᠯ ᠢ ᠬᠢᠨᠠᠨ ᠵᠥᠪᠰᠢᠶᠡᠷᠡᠵᠦ᠂ 3. | 0336 ᠾᠧᠺᠲ᠋ᠠᠷ ᠣᠶᠢᠲᠤ ᠭᠠᠵᠠᠷ ᠢ ᠬᠢᠨᠠᠨ ᠵᠥᠪᠰᠢᠶᠡᠷᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠡᠳ᠋ ᠤᠨ ᠵᠠᠰᠠᠭ ᠤᠨ ᠲᠣᠪᠴᠢᠶᠠᠨ ᠤ ᠤᠷᠭᠤᠮᠠᠯ ᠬᠤᠴᠢᠯᠭ᠎ᠠ ᠶᠢ ᠰᠡᠷᠭᠦᠭᠡᠬᠦ ᠵᠠᠷᠤᠳᠠᠯ 28.7238 ᠲᠦᠮᠡᠨ | ᠲᠥᠭᠦᠷᠢᠭ ᠲᠤ ᠲᠤᠰᠢᠶᠠᠪᠠ᠃ ᠲᠠᠪᠤ ᠳᠤ ᠬᠠᠷᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠬᠤ ᠲᠤᠬᠠᠶ᠃ | ᠪᠦᠬᠦ ᠬᠤᠰᠢᠭᠤᠨ ᠤ 8 ᠰᠤᠮᠤ ᠪᠠᠯᠭᠠᠰᠤ᠂ ᠲᠡᠮᠣᠳᠡᠢ ᠤᠯᠤᠰ ᠤᠨ ᠣᠢ ᠰᠢᠭᠤᠶ ᠶᠢᠨ ᠲᠠᠯᠠᠪᠠᠢ᠂ ᠳ᠋ᠠ ᠯᠢᠦ ᠬᠤᠣ | ᠵᠤᠯᠵᠠᠭ᠎ᠠ ᠮᠣᠳᠣᠨ ᠤ ᠬᠦᠷᠢᠶᠡᠯᠡᠩ ᠲᠠᠢ ᠣᠢ ᠰᠢᠭᠤᠶ ᠶᠢᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠵᠠᠶ᠃ ᠵᠢᠷᠭᠤᠭ᠎ᠠ ᠳᠤ ᠰᠢᠭᠤᠶᠢᠲᠤ ᠭᠠᠵᠠᠷ ᠢ ᠬᠤᠪᠢᠷᠠᠭᠤᠯᠬᠤ ᠠᠵᠢᠯ᠃ ᠲᠡᠭᠡᠳᠦ ᠱᠠᠲᠤᠨ ᠤ | ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤᠨ ᠤ 2018 ᠣᠨ ᠤ ᠣᠢ ᠲᠠᠢ ᠭᠠᠵᠠᠷ ᠢ | ᠬᠤᠪᠢᠷᠠᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠣᠳᠣᠬᠠᠨ ᠳᠤ ᠨᠢᠭᠡᠨᠲᠡ ᠶᠡᠬᠡᠩᠬᠢ ᠬᠡᠰᠡᠭ ᠨᠢ ᠳᠠᠭᠤᠰᠴᠠᠶ | ᠃ 11 ᠳ᠋ᠦᠭᠡᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠶᠢᠨ ᠬᠢᠨᠠᠨ ᠬᠡᠮᠵᠢᠬᠦ | ᠲᠦᠯᠣᠪᠵᠢᠭᠦᠯᠭᠡ ᠳᠤ ᠮᠡᠳᠡᠭᠦᠯᠵᠦ ᠬᠢᠨᠠᠨ ᠬᠠᠷᠭᠤᠭᠤᠯᠬᠤ ᠪᠠᠷ ᠲᠥᠯᠥᠪᠯᠡᠵᠦ ᠪᠠᠶᠢᠨ᠎ᠠ᠃ | — ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠄ | ᠡᠪᠡᠳᠴᠢᠨ ᠬᠤᠷᠣᠬᠠᠶ ᠶᠢᠨ ᠬᠥᠨᠥᠭᠡᠯ ᠤᠨ ᠡᠪᠦᠯᠵᠢᠬᠦ ᠰᠠᠭᠤᠷᠢ ᠲᠤᠭ᠎ᠠ ᠶᠢ ᠪᠠᠶᠢᠴᠠᠭᠠᠬᠤ ᠪᠠ ᠬᠢᠨᠠᠨ ᠬᠡᠮᠵᠢᠵᠦ | ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠪᠥᠬᠦ ᠬᠤᠰᠢᠭᠤᠨ ᠳᠤ ᠨᠡᠶᠢᠲᠡ 10900 ᠮᠥ ᠣᠶ ᠰᠢᠭᠤᠶ ᠶᠢᠨ | ᠡᠪᠡᠳᠴᠢᠨ ᠬᠤᠷᠣᠬᠠᠶ ᠶᠢᠨ ᠭᠠᠮᠰᠢᠭ ᠡᠭᠦᠰᠴᠦ᠂ ᠪᠦᠷ ᠬᠥᠩᠭᠡᠨ ᠬᠡᠮᠵᠢᠶ᠎ᠡ ᠪᠠᠷ ᠡᠭᠦᠰᠴᠦ᠂ ᠲᠡᠭᠦᠨ ᠤ ᠳᠣᠲᠣᠷ᠎ᠠ | ᠡᠪᠡᠳᠴᠢᠨ ᠤ ᠭᠠᠮᠰᠢᠭ ᠡᠭᠦᠰᠦᠭᠰᠡᠨ ᠲᠠᠯᠠᠪᠠᠢ ᠨᠢ 1900 ᠮᠦ ᠪᠠᠶᠢᠵᠤ᠂ ᠭᠤᠣᠯᠳᠠᠭᠤ ᠤᠯᠢᠶᠠᠰᠤᠨ ᠮᠣᠳᠣᠨ ᠤ | ᠠᠷᠠᠰᠤ ᠢᠯᠵᠢᠷᠡᠬᠦ ᠡᠪᠡᠳᠴᠢᠨ᠂ ᠭᠤᠣᠯᠳᠠᠭᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠦᠨᠡᠲᠦ | ᠬᠡᠰᠡᠭ ᠲᠤ ᠲᠠᠷᠬᠠᠵᠤ ᠪᠠᠶᠢᠨ᠎ᠠ᠂ ᠬᠤᠷᠣᠬᠠᠶ ᠶᠢᠨ ᠭᠠᠮᠰᠢᠭ ᠡᠭᠦᠰᠦᠭᠰᠡᠨ ᠲᠠᠯᠠᠪᠠᠶ ᠨᠢ 9000 ᠮᠥ᠂ ᠡᠭᠦᠨ ᠤ | ᠳᠣᠲᠣᠷ᠎ᠠ ᠬᠠᠪᠤᠷ ᠤᠨ ᠢᠳᠣᠭᠠᠨ 700 ᠮᠦ᠂ ᠦᠨᠦᠷᠲᠦ ᠮᠣᠳᠣᠨ ᠤ ᠬᠤᠷᠣᠬᠠᠶᠢᠲᠤ ᠢᠳᠤᠭᠠᠨ 600 ᠮᠦ᠂ | ᠲᠣᠮᠳᠠᠳᠦ ᠶᠢᠨ ᠵᠢᠶᠠᠩ 4400 ᠮᠦ᠂ ᠨᠢᠮᠪᠡᠭᠡ ᠪᠤᠷᠴᠠᠭᠤᠨ ᠵᠠᠭᠠᠨ 3300 ᠮᠦ᠂ ᠮᠠᠨ ᠤ ᠬᠤᠰᠢᠭᠤᠨ ᠤ ᠶᠡᠬᠡᠩᠬᠢ | ᠬᠡᠰᠡᠭ ᠭᠠᠵᠠᠷ ᠣᠷᠣᠨ ᠳᠤ ᠪᠦᠷ ᠭᠠᠷᠴᠤ ᠪᠠᠶᠢᠨ᠎ᠠ᠃ ᠴᠠᠭ ᠲᠤᠨᠢ ᠲᠤᠬᠢᠷᠠᠭᠤᠯᠤᠨ ᠰᠡᠷᠭᠡᠶᠢᠯᠡᠨ ᠵᠠᠰᠠᠬᠤ ᠶᠢᠨ | ᠲᠥᠯᠥᠭᠡ᠂ ᠮᠡᠷᠭᠡᠵᠢᠯ ᠤᠨ ᠠᠵᠢᠯᠲᠠᠳ ᠡᠯ᠎ᠡ ᠰᠢᠭᠤᠶᠢᠲᠤ ᠭᠠᠵᠠᠷ ᠲᠤ ᠭᠦᠨᠵᠡᠭᠡᠶᠢᠷᠡᠨ ᠬᠢᠨᠠᠨ ᠬᠡᠮᠵᠢᠯᠲᠡ ᠬᠢᠵᠦ᠂ | ᠬᠢᠨᠠᠨ ᠬᠡᠮᠵᠢᠭᠰᠡᠨ ᠦᠷ᠎ᠡ ᠳ᠋ᠦᠩ ᠲᠠᠢ ᠤᠶᠠᠯᠳᠤᠭᠤᠯᠤᠨ᠂ ᠰᠡᠷᠭᠡᠶᠢᠯᠡᠨ ᠵᠠᠰᠠᠬᠤ ᠭᠠᠵᠠᠷ᠂ ᠠᠷᠭ᠎ᠠ᠂ ᠠᠷᠭ᠎ᠠ ᠬᠡᠮᠵᠢᠶ᠎ᠡ ᠶᠢ | ᠲᠣᠭᠲᠠᠭᠠᠵᠤ᠂ ᠣᠳᠣᠬᠠᠨ ᠪᠣᠯᠲᠠᠯ᠎ᠠ᠂ ᠭᠤᠤᠯᠳᠠᠭᠤ ᠪᠦᠬᠦ ᠬᠤᠰᠢᠭᠤᠨ ᠤ ᠠᠯᠪᠠᠨ ᠵᠢᠷᠤᠮ ᠤᠨ ᠮᠣᠳᠣ ᠲᠠᠷᠢᠬᠤ | ᠰᠠᠭᠤᠷᠢᠨ ᠭᠠᠵᠠᠷ ᠤᠨ ᠵᠢᠮᠢᠰ ᠤᠨ ᠮᠣᠳᠣ ᠶᠢ ᠰᠡᠷᠭᠡᠶᠢᠯᠡᠨ ᠵᠠᠰᠠᠵᠤ ᠪᠠᠶᠢᠨ᠎ᠠ᠃ ᠲᠠᠯᠠᠪᠠᠶ ᠨᠢ 1800 ᠮᠥ ᠪᠠᠶᠢᠵᠤ᠂ | ᠪᠦᠬᠦᠨ ᠢᠶᠠᠷ ᠢᠶᠠᠨ ᠪᠣᠬᠢᠷᠲᠤᠯ ᠥᠬᠡᠶ ᠰᠡᠷᠭᠡᠶᠢᠯᠡᠨ ᠵᠠᠰᠠᠬᠤ ᠪᠣᠯᠤᠨ᠎ᠠ᠂ ᠪᠣᠬᠢᠷᠲᠤᠯ ᠥᠬᠡᠶ ᠰᠡᠷᠭᠡᠶᠢᠯᠡᠨ ᠵᠠᠰᠠᠬᠤ | ᠨᠣᠷᠮ᠎ᠠ ᠨᠢ 100% ᠪᠣᠯᠤᠨ᠎ᠠ᠃ | — ᠴᠢᠬᠢ ᠮᠣᠳᠣ ᠶᠢ ᠨᠡᠶᠢᠳᠡᠮ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠨ᠎ᠠ | ᠬᠠᠪᠤᠷ ᠣᠶᠢᠵᠢᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠪᠦᠬᠦ | ᠬᠤᠰᠢᠭᠤᠨ ᠤ ᠡᠯ᠎ᠡ ᠲᠥᠷᠥᠯ ᠤᠨ ᠵᠤᠯᠵᠠᠭᠠᠨ ᠮᠣᠳᠣ ᠶᠢ ᠨᠡᠶᠢᠳᠡᠮ ᠪᠠᠶᠢᠴᠠᠭᠠᠬᠤ ᠪᠠ ᠰᠢᠯᠭᠠᠨ ᠪᠠᠶᠢᠴᠠᠭᠠᠵᠤ᠂ | ᠨᠡᠶᠢᠲᠡ 478252 ᠰᠠᠭᠤᠷᠢ ᠮᠣᠳᠣ ︵ᠪᠤᠲᠠ︶᠃ ᠪᠠᠰᠠ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ | ᠲᠣᠰᠬᠤᠨ ᠤ ᠠᠷᠠᠳ ᠲᠤ ᠵᠢᠮᠢᠰ ᠤᠨ ᠮᠣᠳᠣ ᠲᠠᠷᠢᠬᠤ ᠶᠢ ᠵᠢᠯᠣᠭᠤᠳᠴᠤ᠂ ᠵᠢᠮᠢᠰ ᠤᠨ ᠮᠣᠳᠣᠨ ᠤ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠶᠢᠨ ᠤᠴᠢᠷ ᠶᠠᠪᠤᠳᠠᠯ ᠢ ᠲᠡᠶᠢᠯᠪᠣᠷᠢᠯᠡᠵᠦ᠂ ᠵᠢᠮᠢᠰ ᠤᠨ ᠮᠣᠳᠣ ᠶᠢ ᠬᠠᠶᠢᠴᠢᠯᠠᠬᠤ | ᠲᠠᠯ᠎ᠠ ᠪᠠᠷ ᠵᠢᠱᠢᠶ᠎ᠡ ᠦᠵᠡᠭᠦᠯᠵᠡᠶ᠃ ᠪᠦᠬᠦ ᠬᠤᠰᠢᠭᠤᠨ ᠤ ᠴᠢᠬᠢ ᠮᠣᠳᠣᠨ ᠤ ᠬᠦᠷᠢᠶᠡᠯᠡᠩ ᠳᠤ ᠴᠢᠬᠢ ᠮᠣᠳᠣᠨ ᠤ | ᠤᠷᠭᠤᠯᠲᠠ ᠶᠢᠨ ᠪᠡᠶᠢᠳᠡᠯ ᠤᠨ ᠪᠠᠶᠢᠴᠠᠭᠠᠯᠲᠠ ᠬᠢᠵᠦ᠂ ᠬᠠᠰᠢᠶ᠎ᠠ ᠠᠴᠠ ᠭᠠᠷᠭᠠᠭᠰᠠᠨ ᠴᠢᠬᠢ ᠮᠣᠳᠣ᠂ ᠣᠷᠣ ᠪᠠᠨ | ᠦᠯᠡᠳᠡᠭᠡᠭᠰᠡᠨ ᠴᠢᠬᠢ ᠮᠣᠳᠣᠨ ᠤ ᠲᠤᠭ᠎ᠠ ᠬᠡᠮᠵᠢᠶ᠎ᠡ ᠶᠢ ᠪᠦᠷᠢᠳᠬᠡᠵᠦ᠂ ᠬᠤᠰᠢᠭᠤᠨ ᠤ ᠨᠣᠭᠤᠭᠠᠷᠠᠭᠤᠯᠤᠯᠲᠠ ᠶᠢᠨ | ᠢᠨᠵᠧᠨᠧᠷᠢᠩ ᠳᠤ ᠦᠷ᠎ᠡ ᠴᠢᠬᠢ ᠮᠣᠳᠣᠨ ᠤ ᠲᠤᠭ᠎ᠠ ᠪᠠᠷᠢᠮᠲᠠ ᠬᠠᠩᠭᠠᠨ᠎ᠠ᠃ | — ᠬᠥᠮᠦᠨ ᠤ ᠬᠦᠴᠦ ᠪᠠᠷ ᠡᠪᠡᠰᠦ ᠲᠠᠷᠢᠬᠤ ᠠᠵᠢᠯ ᠢ ᠰᠠᠶᠢᠲᠤᠷ ᠠᠳᠬᠤᠨ᠎ᠠ | 2019 ᠣᠨ ᠳᠤ 34 ᠲᠦᠮᠡᠨ ᠮᠤ᠋ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠵᠦ᠂ ᠡᠭᠦᠨ ᠳᠤ ᠣᠯᠠᠨ ᠨᠠᠰᠤᠲᠤ ᠪᠡᠯᠴᠢᠭᠡᠷ ᠡᠪᠡᠰᠦ ᠲᠤᠰ ᠵᠢᠯ ᠳᠤ 1 ᠲᠦᠮᠡᠨ ᠮᠦ ᠲᠠᠷᠢᠵᠤ᠂ ᠣᠯᠠᠨ | ᠨᠠᠰᠤᠲᠤ ᠪᠡᠯᠴᠢᠭᠡᠷ ᠤᠨ ᠲᠠᠯᠠᠪᠠᠶ 7 ᠲᠦᠮᠡᠨ ᠮᠦ ᠦᠯᠡᠳᠡᠵᠡᠶ᠃ ᠲᠤᠰ ᠵᠢᠯ ᠳᠤ 1 ᠲᠦᠮᠡᠨ ᠮᠦ ᠲᠡᠵᠢᠭᠡᠯ ᠡᠪᠡᠰᠦ | ᠨᠥᠬᠦᠵᠦ ᠲᠠᠷᠢᠪᠠ᠃ ᠲᠡᠵᠢᠭᠡᠯ ᠪᠣᠷᠳᠣᠭᠠᠨ ᠤ ᠪᠤᠲᠠ ᠮᠣᠳᠣ 10 ᠲᠦᠮᠡᠨ ᠮᠦ᠂ ᠵᠢᠯ ᠳᠤ 15 ᠲᠦᠮᠡᠨ ᠮᠦ | ᠲᠡᠵᠢᠭᠡᠯ ᠡᠪᠡᠰᠦ ᠲᠠᠷᠢᠨ᠎ᠠ᠃ | — ᠨᠤᠲᠤᠭ ᠪᠡᠯᠴᠢᠭᠡᠷ ᠤᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ | ᠰᠡᠶᠢᠳᠣᠷ ᠠᠳᠬᠤᠬᠤ ᠬᠡᠷᠡᠭᠲᠡᠶ | 2019 ᠣᠨ ᠳᠤ ᠪᠥᠬᠦ ᠬᠤᠰᠢᠭᠤᠨ ᠤ ᠬᠤᠯᠤᠭᠠᠨ᠎ᠠ ᠶᠢᠨ ᠬᠥᠨᠥᠭᠡᠯ ᠤᠨ ᠲᠠᠯᠠᠪᠠᠶ ᠨᠢ 30 ᠲᠦᠮᠡᠨ ᠮᠥ | ᠪᠠᠶᠢᠵᠤ᠂ 18 ᠲᠦᠮᠡᠨ ᠮᠥ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠵᠤ᠂ ᠨᠡᠶᠢᠲᠡ 15 ᠲᠦᠮᠡᠨ ᠮᠥ | ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠪᠡᠶᠡᠯᠡᠭᠦᠯᠪᠡ᠃ ᠬᠤᠯᠤᠭᠠᠨ᠎ᠠ | ᠤᠰᠠᠳᠬᠠᠬᠤ ᠳᠤ ᠨᠡᠶᠢᠲᠡ 6.5 ᠲᠣᠨ ᠬᠤᠯᠤᠭᠠᠨ᠎ᠠ ᠤᠰᠠᠳᠬᠠᠬᠤ ᠲᠤᠰᠬᠠᠶ ᠬᠤᠣᠷᠲᠤ ᠥᠭᠶᠥᠭᠡ ᠣᠷᠣᠭᠤᠯᠵᠤ᠂ | 206 ᠲᠡᠷᠭᠡ ᠬᠥᠳᠡᠯᠭᠡᠵᠦ᠂ 31 ᠮᠡᠷᠭᠡᠵᠢᠯ ᠤᠨ ᠺᠠᠳ᠋ᠷ ᠢ ᠬᠥᠳᠡᠯᠭᠡᠨ ᠬᠡᠷᠡᠭᠯᠡᠵᠦ᠂ 299 ᠬᠥᠮᠦᠨ ᠢ | ᠪᠣᠯᠪᠠᠰᠤᠷᠠᠭᠤᠯᠵᠤ᠂ 285 ᠬᠥᠮᠦᠨ ᠤᠳᠠᠭ᠎ᠠ ᠬᠥᠳᠡᠯᠮᠦᠷᠢ ᠬᠦᠴᠦ ᠣᠷᠣᠭᠤᠯᠪᠠ᠃ ᠬᠤᠯᠤᠭᠠᠨ᠎ᠠ ᠤᠰᠠᠳᠬᠠᠬᠤ | ᠠᠵᠢᠯ ᠨᠢᠭᠡᠨᠲᠡ ᠲᠣᠭᠲᠠᠭᠰᠠᠨ ᠴᠠᠭ ᠲᠠᠭᠠᠨ᠂ ᠴᠢᠨᠠᠷ᠂ ᠬᠡᠮᠵᠢᠶ᠎ᠡ ᠶᠣᠰᠣᠭᠠᠷ ᠲᠠᠭᠤᠰᠴᠦ᠂ ᠬᠤᠯᠤᠭᠠᠨ᠎ᠠ | ᠤᠰᠠᠳᠬᠠᠬᠤ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠪᠠᠶᠢᠴᠠᠭᠠᠯᠲᠠ ᠪᠠᠷ ᠳᠠᠮᠵᠢᠭᠠᠳ ᠬᠤᠯᠤᠭᠠᠨ᠎ᠠ | ᠤᠰᠠᠳᠬᠠᠬᠤ ᠦᠷ᠎ᠡ ᠪᠦᠲᠦᠮᠵᠢ ᠨᠢ ᠨᠢᠭᠡᠨᠲᠡ 90% ᠠᠴᠠ ᠳᠡᠭᠡᠭᠰᠢ ᠳᠤ ᠬᠦᠷᠴᠡᠶ᠃ | ᠡᠨᠡ ᠵᠢᠯ ᠮᠠᠨ ᠤ ᠬᠤᠰᠢᠭᠤᠨ ᠤ ᠬᠡᠰᠡᠭ ᠭᠠᠵᠠᠷ ᠣᠷᠣᠨ ᠳᠤ ᠬᠤᠷᠣᠬᠠᠢ ᠶᠢᠨ ᠭᠠᠮᠰᠢᠭ ᠶᠡᠭᠡ ᠬᠡᠪᠴᠢᠶ᠎ᠡ ᠪᠠᠷ | ᠭᠠᠷᠴᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠬᠦᠨᠳᠦ ᠨᠣᠴᠢᠲᠠᠢ ᠰᠦᠷᠳᠡᠭᠦᠯᠦᠯ ᠳᠤ ᠤᠴᠠᠷᠠᠪᠠ᠃ ᠡᠭᠦᠨ ᠳᠤ | ᠪᠠᠶᠠᠨᠴᠠᠭᠠᠨ ᠪᠠᠯᠭᠠᠰᠤ᠂ ᠰᠢᠯᠢ ᠰᠢᠶᠠᠩ᠂ ᠲᠣᠯᠣᠭᠠᠨ ᠬᠤᠳᠳᠤᠭ ᠰᠤᠮᠤ᠂ ᠤᠯᠠᠭᠠᠨ ᠬᠠᠳᠠ ᠰᠤᠮᠤ ᠳᠤ ᠬᠦᠨᠳᠦ | ᠨᠣᠴᠢᠲᠠᠶ ᠬᠤᠤᠷ ᠬᠥᠨᠥᠭᠡᠯ ᠤᠴᠠᠷᠠᠭᠤᠯᠵᠠᠶ᠃ ᠣᠨᠴᠠᠭᠠᠶᠢᠯᠠᠨ ᠲᠣᠯᠣᠭᠠᠨ ᠬᠤᠳᠳᠤᠭ ᠰᠤᠮᠤᠨ ᠤ ᠵᠡᠭᠡᠷ᠎ᠡ ᠶᠢᠨ | ᠬᠤᠲᠠ ᠶᠢᠨ ᠡᠷᠭᠢᠨ ᠲᠣᠭᠤᠷᠢᠨ ᠤ ᠡᠪᠡᠰᠦ ᠪᠡᠯᠴᠢᠭᠡᠷ ᠤᠨ ᠬᠤᠷᠣᠬᠠᠢ ᠶᠢᠨ ᠠᠮᠠᠰᠠᠷ ᠤᠨ ᠨᠢᠭᠲᠠᠴᠠ ᠨᠢ 67 | ᠲᠣᠯᠣᠭᠠᠢ /m2 ᠳᠤ ᠬᠦᠷᠴᠡᠢ᠃ ᠣᠳᠣᠬᠠᠨ ᠪᠣᠯᠲᠠᠯ᠎ᠠ ᠪᠦᠬᠦ ᠬᠤᠰᠢᠭᠤᠨ ᠤ ᠴᠠᠷᠴᠠᠬᠠᠶ ᠶᠢᠨ ᠲᠠᠯᠠᠪᠠᠢ ᠨᠡᠶᠢᠲᠡ | 90 ᠲᠦᠮᠡᠨ ᠮᠦ ᠬᠦᠷᠴᠡᠶ᠃ ᠬᠦᠨᠳᠦ ᠨᠣᠴᠢᠲᠠᠶ ᠬᠤᠤᠷ ᠬᠥᠨᠥᠭᠡᠯ ᠤᠨ ᠲᠠᠯᠠᠪᠠᠶ ᠨᠢ 80 ᠲᠦᠮᠡᠨ ᠮᠥ ᠪᠠᠶᠢᠵᠤ᠂ | ᠬᠤᠷᠣᠬᠠᠶ ᠶᠢᠨ ᠠᠮᠠᠰᠠᠷ ᠤᠨ ᠲᠣᠮᠳᠠᠴᠢ ᠨᠢᠭᠲᠠᠴᠠ ᠨᠢ 34 ᠲᠣᠯᠣᠭᠠᠶ / m2 ᠬᠦᠷᠴᠦ᠂ ᠮᠠᠨ ᠤ ᠥᠷᠲᠡᠭᠡ 6 | ᠰᠠᠷ᠎ᠠ ᠶᠢᠨ ᠰᠢᠨᠡᠳ ᠠᠴᠠ ᠡᠬᠢᠯᠡᠨ ᠪᠦᠬᠦ ᠬᠤᠰᠢᠭᠤᠨ ᠤ ᠬᠤᠷᠣᠬᠠᠶ ᠶᠢᠨ ᠭᠠᠮᠰᠢᠭ ᠬᠦᠨᠳᠦ ᠨᠣᠴᠢᠳᠡᠢ ᠭᠠᠵᠠᠷ | ᠣᠷᠣᠨ ᠳᠤ ᠲᠥᠪᠯᠡᠷᠡᠭᠦᠯᠦᠨ ᠰᠡᠷᠭᠡᠶᠢᠯᠡᠨ ᠵᠠᠰᠠᠬᠤ ᠠᠵᠢᠯ ᠬᠢᠵᠦ᠂ ᠪᠦᠬᠦ ᠬᠤᠰᠢᠭᠤᠨ ᠤ ᠰᠡᠷᠭᠡᠶᠢᠯᠡᠨ ᠵᠠᠰᠠᠬᠤ | ᠲᠠᠯᠠᠪᠠᠢ ᠨᠡᠶᠢᠲᠡ 63 ᠲᠦᠮᠡᠨ ᠮᠦ᠂ ᠬᠤᠷᠣᠬᠠᠶ ᠰᠡᠷᠭᠡᠶᠢᠯᠡᠬᠦ ᠡᠮ 19.7 ᠲᠣᠨ᠂ ᠲᠣᠮᠣ ᠬᠡᠯᠪᠡᠷᠢ ᠶᠢᠨ ᠮᠠᠨ᠎ᠠ | ᠰᠦᠷᠴᠢᠬᠦ ᠮᠠᠰᠢᠨ 159 ᠰᠠᠭᠤᠷᠢ ᠣᠳᠠᠭ᠎ᠠ᠂ ᠳᠤᠮᠳᠠ ᠵᠢᠵᠢᠭ ᠬᠡᠯᠪᠡᠷᠢ ᠶᠢᠨ ᠮᠠᠨ᠎ᠠ ᠰᠦᠷᠴᠢᠭᠦᠷ 857 ᠰᠠᠭᠤᠷᠢ | ᠤᠳᠠᠭ᠎ᠠ᠂ ᠬᠤᠷᠣᠬᠠᠶ ᠰᠡᠷᠭᠡᠶᠢᠯᠡᠬᠦ ᠨᠢᠰᠬᠡᠯ 21 ᠤᠳᠠᠭ᠎ᠠ᠂ ᠲᠡᠷᠭᠡ ᠬᠥᠰᠬᠡ 549 ᠤᠳᠠᠭ᠎ᠠ᠂ ᠮᠡᠷᠭᠡᠵᠢᠯ ᠤᠨ | ᠠᠵᠢᠯᠲᠠᠨ 119 ᠬᠥᠮᠦᠨ ᠤᠳᠠᠭ᠎ᠠ᠂ ᠮᠡᠷᠭᠡᠵᠢᠯ ᠤᠨ ᠠᠵᠢᠯᠲᠠᠨ ᠢ ᠨᠡᠶᠢᠲᠡ 887 ᠬᠥᠮᠦᠨ ᠤᠳᠠᠭ᠎ᠠ | ᠪᠣᠯᠪᠠᠰᠣᠷᠠᠭᠤᠯᠵᠦ᠂ 567 ᠬᠥᠮᠦᠨ ᠤᠳᠠᠭ᠎ᠠ ᠬᠥᠳᠡᠯᠮᠦᠷᠢ ᠬᠦᠴᠦ ᠣᠷᠣᠭᠤᠯᠪᠠ᠃ | — ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠨᠤᠲᠤᠭ ᠪᠡᠯᠴᠢᠭᠡᠷ ᠢ ᠲᠠᠳᠠᠪᠣᠷᠢᠯᠡᠨ ᠡᠵᠡᠯᠡᠨ | ᠬᠡᠷᠡᠭᠯᠡᠬᠦ ᠭᠠᠷᠳᠠᠮ ᠢ ᠨᠥᠬᠦᠨ ᠭᠦᠢᠴᠡᠳᠭᠡᠬᠦ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ | ᠪᠠᠶᠢᠭᠠᠯᠢ ᠶᠢᠨ ᠡᠬᠢ ᠪᠠᠶᠠᠯᠢᠭ ︹ 2019 ︺ 84 ᠳ᠋ᠣᠭᠡᠷ ᠲᠣᠭᠠᠲᠤ︶ ᠢ ᠳᠣᠷᠣᠭᠰᠢ ᠲᠠᠷᠬᠠᠭᠠᠵᠦ᠂ ᠤᠯᠠᠭᠠᠨᠴᠠᠪ | ᠬᠤᠲᠠ ᠶᠢᠨ 2014 ᠣᠨ ᠤ 11 ᠳ᠋ᠣᠭᠡᠷ ᠰᠠᠷ᠎ᠠ ᠠᠴᠠ ᠨᠠᠰᠢ ᠥᠪᠡᠷᠲᠡᠭᠡᠨ ᠵᠠᠰᠠᠬᠤ ᠣᠷᠣᠨ ᠤ ᠠᠷᠡᠳ ᠤᠨ | ᠵᠠᠰᠠᠭ ᠤᠨ ᠣᠷᠳᠣᠨ ᠠᠴᠠ ᠨᠢᠭᠡᠨᠲᠡ ᠬᠢᠨᠠᠨ ᠵᠥᠪᠰᠢᠶᠡᠷᠡᠭᠰᠡᠨ 51 ᠬᠤᠪᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠮᠡᠳᠡᠭᠦᠯᠦᠯᠲᠡ ᠶᠢᠨ ᠲᠥᠷᠥᠯ ᠵᠣᠶᠢᠯ᠂ ᠮᠠᠯ ᠤᠨ ᠪᠡᠯᠴᠢᠭᠡᠷ ᠤᠨ ᠲᠠᠯᠠᠪᠠᠶ 847.5358 ᠾᠧᠺᠲ᠋ᠠᠷ | ᠡᠵᠡᠯᠡᠨ ᠬᠡᠷᠡᠭᠯᠡᠬᠦ ᠬᠡᠷᠡᠭᠲᠡᠶ ᠭᠡᠵᠦ ᠱᠠᠭᠠᠷᠳᠠᠪᠠ᠃ ᠮᠠᠨ ᠤ ᠬᠤᠰᠢᠭᠤᠨ ᠤ 11 ᠬᠤᠪᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠮᠡᠳᠡᠭᠦᠯᠦᠯᠲᠡ ᠶᠢᠨ ᠵᠣᠶᠢᠯᠡᠰ ᠲᠤ ᠬᠤᠯᠪᠣᠭᠳᠠᠵᠤ᠂ ᠪᠡᠯᠴᠢᠭᠡᠷ ᠤᠨ ᠲᠠᠯᠠᠪᠠᠢ | 134.6726 ᠾᠧᠺᠲ᠋ᠠᠷ ᠢ ᠡᠵᠡᠯᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠠᠭᠤᠯᠭᠠᠭᠰᠠᠨ ᠲᠥᠷᠥᠯ ᠵᠦᠢᠯ ᠤᠨ ᠨᠠᠷᠢᠨ ᠳᠠᠩᠰᠠ ᠶᠣᠰᠣᠭᠠᠷ᠂ ᠮᠠᠨ ᠤ ᠲᠣᠪᠴᠢᠶ᠎ᠠ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠲᠠᠢ ᠲᠥᠷᠥᠯ ᠵᠣᠶᠢᠯ ᠤᠨ ᠪᠡᠶᠢᠳᠡᠯ ᠢ ᠣᠯᠠᠨ ᠤᠳᠠᠭ᠎ᠠ | ᠬᠢᠨᠠᠨ ᠬᠠᠷᠭᠤᠭᠤᠯᠵᠤ᠂ ᠢᠳᠡᠪᠬᠢᠲᠡᠶ ᠪᠠᠷ ᠴᠡᠭᠴᠡᠯᠡᠨ ᠵᠠᠰᠠᠵᠤ᠂ ᠣᠳᠣ ᠪᠦᠬᠦ ᠪᠦᠷᠢᠯᠳᠦᠬᠦᠨ ᠵᠣᠶᠢᠯ ᠢ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠨᠤᠲᠤᠭ ᠪᠡᠯᠴᠢᠭᠡᠷ | ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠥᠴᠡᠳᠭᠡᠯᠭᠡᠶᠡ᠃ | ᠠᠭᠤᠷᠬᠠᠶ ᠶᠢᠨ ᠲᠥᠷᠥᠯ ᠵᠣᠶᠢᠯ ᠨᠢ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠭᠠᠷ ᠭᠦᠢᠴᠡᠳᠭᠡᠯ ᠢ | ᠭᠦᠢᠴᠡᠳᠭᠡᠭᠰᠡᠨ ᠦᠭᠡᠶ ᠦᠨᠳᠦᠰᠦᠨ ᠪᠠᠶᠢᠳᠠᠯ ᠤᠨ ᠪᠠᠶᠢᠴᠠᠭᠠᠯᠲᠠ ᠳᠤ ᠨᠡᠶᠢᠲᠡ 26 ᠠᠭᠤᠷᠬᠠᠶ ᠮᠠᠯᠲᠠᠬᠤ | ᠦᠨᠡᠮᠯᠡᠯ ᠲᠠᠢ ᠠᠭᠤᠷᠬᠠᠶ ᠶᠢᠨ ᠠᠵᠤ ᠠᠬᠤᠶᠢᠯᠠᠯ ᠪᠠᠶᠢᠨ᠎ᠠ᠃ ᠡᠭᠦᠨ ᠤ ᠳᠣᠲᠣᠷᠠᠬᠢ 14 ᠠᠭᠤᠷᠬᠠᠶ ᠶᠢᠨ ᠠᠵᠤ | ᠠᠬᠤᠶᠢᠯᠠᠯ 2018 ᠣᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠳᠠ ᠶᠢ ᠰᠢᠪᠠᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤᠮᠳᠠ ᠨᠢᠭᠡᠨᠲᠡ ᠳ᠋ᠤᠭᠠᠷ ᠢ ᠨᠢ ᠬᠦᠴᠦᠨ ᠥᠬᠡᠶ ᠪᠣᠯᠭᠠᠵᠦ ᠴᠡᠭᠴᠡᠯᠡᠨ ᠰᠠᠶᠢᠵᠢᠷᠠᠭᠤᠯᠪᠠ᠃ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠷᠭᠤᠭᠤᠯᠤᠨ ᠬᠠᠷᠭᠤᠭᠤᠯᠤᠭᠠᠳ 3 ᠡᠷᠦᠬᠡ ᠨᠢ ᠠᠵᠢᠯ ᠢᠶᠠᠨ | ᠡᠬᠢᠯᠡᠭᠦᠯᠦᠭᠡᠳᠦᠶ ᠵᠢᠴᠢ 1 ᠡᠷᠦᠬᠡ ᠨᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠡᠳᠦᠶ ᠪᠠᠶᠢᠨ᠎ᠠ᠃ ᠬᠢᠨᠠᠨ | ᠬᠠᠷᠭᠤᠭᠤᠯᠤᠭᠠᠳ 5 ᠡᠷᠦᠬᠡ ᠠᠭᠤᠷᠬᠠᠶ ᠮᠠᠯᠲᠠᠬᠤ ᠳᠤ ᠬᠡᠷᠡᠭᠯᠡᠬᠦ ᠭᠠᠵᠠᠷ᠃ ᠨᠢᠭᠡᠨᠲᠡ 1 ᠡᠷᠦᠬᠡ᠂ 3 ᠵᠠᠰᠠᠭ | ᠵᠠᠬᠢᠷᠭᠠᠨ ᠤ ᠰᠢᠢᠳᠭᠡᠯ ᠥᠭᠴᠦ᠂ 1 ᠡᠷᠦᠬᠡ ᠨᠢ ᠶᠠᠭ ᠰᠠᠶᠢᠬᠠᠨ ᠨᠢᠭᠡ ᠪᠦᠯᠦᠭ ᠪᠦᠷᠢᠯᠳᠣᠭᠦᠨ ᠳᠡᠭᠡᠷ᠎ᠡ ᠮᠡᠳᠡᠭᠦᠯᠵᠦ | ᠪᠣᠶ᠃ | — ᠤᠯᠤᠰ ᠤᠨ ᠡᠵᠡᠩᠨᠡᠯᠲᠡ ᠶᠢᠨ ᠲᠠᠮᠤᠷᠳᠠᠢ ᠤᠢ ᠰᠢᠭᠤᠢ ᠶᠢᠨ ᠲᠠᠯᠠᠪᠠᠢ ᠶᠢᠨ ᠠᠵᠢᠯ ᠢ ᠰᠠᠶᠢᠲᠤᠷ | ᠠᠳᠬᠤᠨ᠎ᠠ | ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠦᠵᠡᠯ ᠰᠠᠨᠠᠭ᠎ᠠ ᠶᠢ | ᠬᠢᠨᠠᠮᠠᠭᠠᠶ ᠲᠣᠣᠱᠯᠠᠭᠤᠯᠣᠨ ᠨᠠᠶᠢᠳᠠᠪᠤᠷᠢᠵᠢᠭᠤᠯᠵᠠᠶ᠃ ᠠᠮᠢ ᠠᠬᠤᠢ ᠶᠢᠨ ᠣᠢ ᠰᠢᠭᠤᠶ ᠶᠢᠨ ᠲᠠᠯᠠᠪᠠᠢ᠂ ᠡᠶ᠎ᠡ ᠵᠣᠬᠢᠴᠠᠯᠳᠤ | ᠣᠢ ᠰᠢᠭᠤᠶ ᠶᠢᠨ ᠲᠠᠯᠠᠪᠠᠢ ᠶᠢ ᠡᠭᠦᠳᠦᠨ ᠪᠡᠶᠢᠭᠤᠯᠬᠤ ᠪᠠᠷ ᠬᠠᠷᠠᠯᠲᠠ ᠪᠣᠯᠭᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠶᠡᠬᠡᠪᠡᠷ ᠠᠬᠢᠭᠤᠯᠤᠭᠠᠳ ᠡᠯ᠎ᠡ ᠵᠣᠶᠢᠯ ᠤᠨ ᠠᠵᠢᠯ ᠨᠡᠯᠢᠶᠡᠳ ᠰᠠᠶᠢᠨ ᠠᠮᠵᠢᠯᠳᠠ ᠤᠯᠪᠠ᠃ | ᠵᠢᠯ ᠤᠨ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠬᠠᠶᠢᠯᠠᠰᠤᠨ ᠮᠣᠳᠣ᠂ ᠠᠭᠤᠯᠠᠨ ᠭᠦᠢᠯᠡᠰᠦ᠂ ᠵᠢᠭᠠᠷᠲᠤ ᠨᠠᠷᠠᠰᠤ | ᠵᠡᠷᠭᠡ ᠶᠢᠨ ᠴᠢᠬᠢ ᠪᠤᠶᠢᠵᠢᠭᠤᠯᠬᠤ ᠡᠭᠦᠷᠭᠡ ᠶᠢ ᠪᠡᠶᠡᠯᠡᠭᠦᠯᠵᠦ᠂ ᠴᠢᠬᠢ ᠪᠤᠶᠢᠵᠢᠭᠤᠯᠬᠤ ᠲᠠᠯᠠᠪᠠᠢ 200 ᠮᠦ ᠳᠤ | ᠬᠦᠷᠪᠡ᠃ ᠲᠦᠢᠮᠡᠷ ᠪᠣᠯ ᠣᠢ ᠶᠢᠨ ᠳᠠᠷᠤᠯᠭ᠎ᠠ ᠪᠣᠯᠤᠭᠰᠠᠨ ᠤᠯᠤᠰ ᠤᠨ ᠲᠡᠮᠣᠷᠳᠡᠢ ᠣᠶ ᠰᠢᠭᠤᠶ ᠶᠢᠨ ᠲᠠᠯᠠᠪᠠᠶ | ᠤᠬᠠᠭᠤᠯᠭ᠎ᠠ ᠪᠠᠨ ᠴᠢᠩᠬᠠᠳᠬᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠵᠡᠷᠭᠡ ᠠᠷᠭ᠎ᠠ ᠠᠪᠴᠤ᠂ ᠭᠠᠯ | ᠰᠡᠷᠭᠡᠶᠢᠯᠡᠬᠦ ᠠᠵᠢᠯ ᠢ ᠴᠢᠩᠬ᠎ᠠ ᠠᠳᠬᠤᠵᠠᠶ᠃ ᠢᠯᠠᠩᠭᠤᠶ᠎ᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ | ᠪᠣᠯᠤᠨ ︽ᠬᠠᠩᠰᠢ ᠶᠢᠨ ᠡᠳᠦᠷ︾ ᠤᠨ ᠬᠤᠭᠤᠴᠠᠭᠠᠨ ᠳᠤ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠠᠵᠢᠯ ᠢ | ᠴᠢᠩᠭᠠᠳᠬᠠᠵᠤ᠂ ᠣᠳᠣᠬᠠᠨ ᠳᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠭᠠᠷᠤᠭᠰᠠᠨ | ᠦᠭᠡᠢ᠃ ᠴᠢᠬᠢ ᠮᠣᠳᠣ ᠪᠤᠶᠢᠵᠢᠭᠤᠯᠬᠤ᠂ ᠣᠢ ᠰᠢᠭᠤᠶ ᠬᠠᠮᠠᠭᠠᠯᠠᠬᠤ ᠵᠢᠴᠢ ᠣᠢ ᠰᠢᠭᠤᠶ ᠶᠢᠨ ᠦᠢᠯᠡᠳᠪᠣᠷᠢᠯᠡᠯ ᠤᠨ | ᠶᠠᠪᠤᠴᠠ ᠳᠤ᠂ ᠮᠠᠨ ᠤ ᠲᠠᠯᠠᠪᠤᠷ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠵᠦ᠂ ᠶᠡᠷᠦᠩᠬᠡᠶᠢᠯᠡᠨ ᠵᠠᠰᠠᠬᠤ︾ ᠴᠢᠭᠯᠡᠯᠲᠡ᠂ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯᠳᠠᠯᠭ᠎ᠠ ᠪᠠᠨ | ᠲᠣᠪᠣᠶᠢᠯᠭᠠᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠪᠦᠬᠦ ᠲᠠᠯᠠᠪᠠᠢ ᠶᠢᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ 2 ᠰᠠᠭᠤᠷᠢ | ᠬᠠᠮᠢᠶᠠᠷᠴᠤ ᠬᠠᠮᠠᠭᠠᠯᠠᠬᠤ ᠣᠷᠣᠨ ᠰᠠᠭᠤᠴᠠ ᠪᠠᠶᠢᠭᠤᠯᠵᠤ᠂ 75 ᠲᠡᠭᠰᠢ ᠳᠥᠷᠪᠡᠯᠵᠢᠨ ᠮᠧᠲᠷ ᠪᠦᠷᠢ ᠳᠤ᠂ ᠶᠡᠷᠦᠩᠬᠡᠶ | ᠪᠡᠯᠡ ᠣᠷᠣᠭᠤᠯᠤᠯᠲᠠ ᠨᠢ 30 ᠲᠦᠮᠡᠨ ᠲᠥᠭᠦᠷᠢᠭ᠂ ᠡᠭᠦᠨ ᠳᠤ ᠤᠯᠤᠰ ᠤᠨ ᠪᠡᠯᠡ ᠣᠷᠣᠭᠤᠯᠤᠯᠲᠠ ᠨᠢ 20 | ᠲᠦᠮᠡᠨ ᠲᠥᠭᠦᠷᠢᠭ᠂ ᠣᠷᠣᠨ ᠨᠤᠲᠤᠭ ᠤᠨ ᠪᠡᠯᠡ ᠣᠷᠣᠭᠤᠯᠤᠯᠲᠠ ᠨᠢ 10 ᠲᠦᠮᠡᠨ ᠲᠥᠭᠦᠷᠢᠭ ᠪᠣᠯᠤᠨ᠎ᠠ᠃ | ᠬᠥᠲᠥᠯᠥᠭᠴᠢ᠄ ᠡᠯ᠎ᠡ ᠤᠳᠤᠷᠢᠳᠤᠯᠭ᠎ᠠ ᠶᠢᠨ ᠴᠢᠬᠤᠯᠠᠴᠢᠯᠠᠯ ᠪᠠ ᠳᠡᠮᠵᠢᠯᠭᠡ ᠳᠣᠤᠷ᠎ᠠ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠣᠶ ᠰᠢᠭᠤᠶ ᠡᠪᠡᠰᠦᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠯᠠᠪᠲᠠᠶ ᠲᠣᠪᠤᠶᠢᠮ᠎ᠠ ᠦᠷ᠎ᠡ | ᠪᠦᠲᠦᠮᠵᠢ ᠣᠯᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ᠃ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠵᠠᠩᠭᠢᠯᠠᠭ᠎ᠠ ᠶᠢᠨ ᠵᠢᠯ ᠮᠥᠨ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠯᠢᠶᠠᠩ ᠸᠠᠨ ᠮᠢᠩ᠄ ᠨᠢᠭᠡ ᠳᠤ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠲᠣᠬᠢᠷᠠᠭᠤᠯᠣᠨ᠎ᠠ᠃ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠪᠥᠬᠦ | ᠬᠤᠰᠢᠭᠤᠨ ᠤ ᠣᠶ ᠰᠢᠭᠤᠶ ᠶᠢᠨ ᠰᠢᠰᠲ᠋ᠧᠮ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠷᠢᠯᠠᠭᠤᠯᠵᠤ᠂ ᠨᠠᠶᠢᠳᠠᠪᠤᠷᠢᠵᠢᠭᠤᠯᠵᠤ᠂ ᠡᠯ᠎ᠡ ᠰᠤᠮᠤ ᠰᠢᠶᠠᠩ ᠪᠠᠯᠭᠠᠰᠤᠨ ᠤ ᠣᠶ ᠰᠢᠭᠤᠢ ᠭᠤᠶ ᠶᠢᠨ ᠠᠵᠤ | ᠦᠢᠯᠡᠳᠪᠣᠷᠢ ᠶᠢᠨ ᠥᠷᠲᠡᠭᠡ ᠶᠢ ᠳᠣᠭᠢᠷᠠᠭᠤᠯᠤᠨ ᠬᠤᠷᠠᠯ ᠤᠨ ᠵᠣᠷᠢᠭ ᠰᠠᠨᠠᠭ᠎ᠠ ᠵᠢᠴᠢ ᠲᠣᠰ ᠲᠣᠰ ᠬᠠᠷᠢᠶ᠎ᠠ | ᠣᠷᠣᠨ ᠤ ᠠᠵᠢᠯ ᠢ ᠨᠠᠷᠢᠨ ᠨᠢᠮᠪᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠶ᠃ ᠬᠤᠶᠠᠷ ᠲᠤ᠂ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠮᠠᠨ ᠤ ᠲᠣᠪᠴᠢᠶ᠎ᠠ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠠᠭ ᠤᠨ ᠪᠦᠷᠢᠯᠳᠦᠬᠦᠨ ᠢᠶᠠᠷ | ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢᠶᠠᠷ | ᠪᠦᠷᠢᠯᠳᠦᠬᠦᠨ ᠪᠣᠯᠭᠠᠭᠰᠠᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠡᠳᠦᠷ ᠲᠤᠲᠤᠮ ᠤᠨ ᠠᠵᠢᠯ ᠵᠢᠴᠢ ᠰᠠᠯᠠᠭ᠎ᠠ ᠮᠥᠴᠢᠷ ᠤᠨ | ᠵᠣᠬᠢᠴᠠᠭᠤᠯᠭ᠎ᠠ ᠶᠢ ᠬᠠᠷᠢᠭᠤᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠡᠳᠦᠷ ᠲᠤᠲᠤᠮ ᠤᠨ | ᠠᠵᠢᠯ ᠢ ᠠᠳᠬᠤᠬᠤ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠠᠮᠢᠶᠠᠷᠬᠤ ᠬᠥᠮᠦᠨ ᠲᠠᠢ᠃ ᠭᠤᠷᠪᠠ ᠳᠤ᠂ | ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠤᠬᠠᠭᠤᠯᠭ᠎ᠠ ᠶᠢᠨ ᠤᠷᠢᠶ᠎ᠠ᠂ ᠬᠥᠨᠳᠡᠯᠡᠨ | ᠪᠢᠴᠢᠭᠡᠰᠦ᠂ ᠸᠢᠴᠠᠲ ᠤᠨ ᠪᠦᠯᠦᠭ ᠵᠡᠷᠭᠡ ᠶᠢ ᠭᠦᠢᠴᠡᠳ ᠠᠰᠢᠭᠯᠠ ᠭᠦᠨᠵᠡᠭᠡᠢ ᠥᠷᠭᠡᠨ ᠳᠡᠯᠭᠡᠷ ᠤᠬᠠᠭᠤᠯᠵᠤ᠂ ︽ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠪᠦᠬᠦ ᠬᠤᠰᠢᠭᠤᠨ ᠤ ᠮᠠᠯᠴᠢᠨ ᠲᠠᠷᠢᠶᠠᠴᠢᠨ ᠲᠦᠮᠡᠨ ᠳᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠣᠶ | ᠰᠢᠭᠤᠶ ᠳᠤ ᠬᠤᠯᠪᠣᠭᠳᠠᠭᠰᠠᠨ ᠭᠤᠤᠯᠳᠠᠯᠭ᠎ᠠ ᠲᠠᠢ ᠮᠡᠳᠡᠯᠭᠡ ᠶᠢ ᠳᠠᠬᠢᠨ ᠡᠷᠭᠢᠴᠡᠭᠦᠯᠬᠦ︾ ᠤᠬᠠᠭᠤᠯᠭ᠎ᠠ ᠶᠢᠨ | ᠮᠠᠲ᠋ᠧᠷᠢᠶᠠᠯ ᠨᠡᠶᠢᠲᠡ 1000 ᠭᠠᠷᠤᠶ ᠬᠤᠪᠢ ᠲᠠᠷᠬᠠᠭᠠᠵᠤ᠂ ᠨᠢᠭᠡᠴᠢ ᠶᠢᠨ ᠢᠯᠡᠷᠬᠡᠶ ᠭᠠᠵᠠᠷ ᠲᠤ 3 ᠬᠥᠨᠳᠡᠯᠡᠨ | ᠪᠢᠴᠢᠭᠡᠰᠦ ᠡᠯᠭᠦᠵᠦ᠂ ᠵᠠᠮ ᠬᠠᠷᠢᠯᠴᠠᠭ᠎ᠠ ᠢᠯᠡᠷᠬᠡᠶ ᠣᠷᠣᠵᠤ ᠭᠠᠷᠬᠤ ᠭᠠᠵᠠᠷ ᠲᠤ 4 ᠤᠬᠠᠭᠤᠯᠭ᠎ᠠ ᠶᠢᠨ ᠫᠠᠶᠢᠰᠠ | ᠪᠣᠰᠬᠠᠵᠤ᠂ ᠬᠠᠷ᠎ᠠ ᠪᠦᠯᠣᠭ᠍ᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠠᠵᠢᠯᠯᠠᠭ᠎ᠠ ᠶᠢᠨ ᠠᠴᠢ ᠬᠤᠯᠪᠣᠭᠳᠠᠯ᠂ | ᠴᠣᠬᠢᠯᠲᠠ ᠥᠭᠬᠦ ᠭᠤᠣᠯᠳᠠᠯᠭ᠎ᠠ ᠳᠤ ᠤᠬᠠᠭᠤᠯᠭ᠎ᠠ ᠬᠢᠵᠦ᠂ ᠢᠯᠡᠴᠢᠯᠡᠨ ᠮᠡᠳᠡᠭᠦᠯᠬᠦ ᠬᠠᠶᠢᠷᠴᠠᠭ ᠭᠠᠷᠭᠠᠵᠤ᠂ ᠢᠯᠡᠴᠢᠯᠡᠨ | ᠮᠡᠳᠡᠭᠦᠯᠬᠦ ᠳ᠋ᠢᠶᠠᠩᠬᠤᠸᠠ ᠪᠠᠨ ᠢᠯᠡ ᠪᠣᠯᠭᠠᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ | ᠳᠥᠷᠪᠡ ᠳᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯᠳᠠᠨ᠂ | ᠬᠠᠮᠢᠶᠠᠷᠤᠯᠲᠠ ᠶᠢ ᠳᠣᠪᠤᠶᠢᠯᠭᠠᠨ᠎ᠠ᠃ | ᠬᠥᠲᠥᠯᠥᠭᠴᠢ᠄ ᠡᠭᠦᠨ ᠤ ᠬᠠᠮᠲᠤ ᠨᠠᠷᠢᠯᠢᠭ ᠣᠨᠣᠪᠴᠢᠳᠡᠢ ᠪᠠᠷ ᠶᠠᠳᠠᠭᠤ ᠶᠢ ᠲᠡᠳᠬᠦᠬᠦ ᠠᠵᠢᠯ ᠢ ᠴᠤ | ᠴᠢᠬᠤᠯᠠᠴᠢᠯᠠᠬᠤ ᠴᠢᠬᠤᠯᠠᠲᠠᠶ ᠠᠵᠢᠯ ᠪᠣᠯᠤᠨ᠎ᠠ᠂ ᠡᠨᠡ ᠵᠢᠯ ᠤᠨ ᠨᠠᠷᠢᠯᠢᠭ ᠣᠨᠣᠪᠴᠢᠳᠡᠢ ᠪᠠᠷ ᠶᠠᠳᠠᠭᠤ ᠶᠢ ᠲᠡᠳᠬᠦᠬᠦ | ᠠᠵᠢᠯ ᠢ ᠬᠡᠷᠬᠢᠨ ᠥᠷᠨᠢᠭᠦᠯᠦᠭᠰᠡᠨ ᠪᠣᠶ︖ | ᠯᠢᠶᠠᠩ ᠸᠠᠨ ᠮᠢᠩ᠄ ᠶᠠᠳᠠᠭᠤ ᠶᠢ ᠲᠡᠳᠬᠦᠬᠦ ᠬᠦᠷᠢᠶᠡᠨ ᠳᠠᠬᠢ ︽ᠲᠠᠪᠤᠨ ᠨᠢᠭᠡ ᠪᠦᠯᠦᠭ︾ ᠤᠨ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ ᠠᠮᠢ ᠠᠬᠤᠶ ᠪᠠᠷ ᠶᠠᠳᠠᠭᠤ ᠶᠢ ᠲᠡᠳᠬᠦᠬᠦ ᠳᠤ ᠭᠤᠤᠯᠳᠠᠭᠤ ᠥᠩᠭᠡᠷᠡᠭᠰᠡᠨ | ᠵᠢᠯ ᠤᠳ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠢᠨᠵᠧᠨᠧᠷᠢᠩ ᠤᠨ ᠨᠥᠬᠦᠪᠥᠷᠢ᠂ ᠰᠢᠨ᠎ᠡ | ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠢᠨᠵᠧᠨᠧᠷᠢᠩ ᠤᠨ ᠨᠥᠬᠦᠪᠥᠷᠢ᠂ | ᠤᠯᠤᠰ ᠤᠨ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠶᠢᠨ ᠠᠵᠢᠯ᠂ ᠭᠤᠤᠯᠳᠠᠯᠭ᠎ᠠ ᠲᠠᠢ | ᠨᠡᠶᠢᠲᠡ ᠶᠢᠨ ᠠᠰᠠᠷᠠᠮᠵᠢ ᠶᠢᠨ ᠣᠢ ᠰᠢᠭᠤᠶ ᠬᠠᠮᠠᠭᠠᠯᠠᠭᠴᠢ ᠶᠢᠨ ᠨᠥᠬᠦᠪᠥᠷᠢ᠂ ᠲᠠᠩᠰᠠ ᠪᠠ ᠺᠠᠷᠲ ᠲᠠᠢ ᠤᠯᠤᠰ ᠤᠨ | ᠲᠠᠰ ᠤᠨ ᠠᠮᠢ ᠠᠬᠤᠶ ᠶᠢᠨ ᠣᠶ ᠬᠠᠮᠠᠭᠠᠯᠠᠭᠴᠢ ᠶᠢᠨ ᠨᠥᠬᠦᠪᠥᠷᠢ᠂ ᠠᠵᠢᠯ ᠤᠨ ᠴᠠᠭ ᠤᠨ ᠬᠢᠵᠠᠭᠠᠷ ᠢ ᠦᠨᠳᠦᠰᠦᠯᠡᠨ | ᠳᠣᠭᠢᠷᠠᠭᠤᠯᠤᠨ᠎ᠠ᠃ ᠣᠳᠣᠬᠠᠨ ᠳᠤ ᠡᠯ᠎ᠡ ᠰᠤᠮᠤ ᠰᠢᠶᠠᠩ ᠪᠠᠯᠭᠠᠰᠤ ᠶᠠᠭ ᠠᠮᠢ ᠠᠬᠤᠶ ᠪᠠᠷ ᠶᠠᠳᠠᠭᠤ ᠶᠢ ᠲᠡᠳᠬᠦᠬᠦ | ᠡᠯ᠎ᠡ ᠲᠥᠷᠥᠯ ᠤᠨ ᠨᠦᠬᠦᠪᠣᠷᠢ ᠶᠢᠨ ᠲᠥᠷᠥᠯ ᠵᠣᠶᠢᠯ ᠢ ᠳᠡᠭᠡᠭᠰᠢ ᠮᠡᠳᠡᠭᠦᠯᠵᠦ ᠪᠠᠶᠢᠨ᠎ᠠ᠃ | ᠬᠥᠲᠥᠯᠥᠭᠴᠢ᠄ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯ ᠨᠠᠮ ᠤᠨ ᠪᠠᠶᠢᠭᠤᠯᠤᠯᠲᠠ ᠶᠢᠨ | ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ ᠪᠠᠶᠢᠭᠤᠯᠭ᠎ᠠ ᠶᠢᠨ ᠪᠥᠬᠦ ᠠᠵᠢᠯ ᠪᠠ ᠳᠠᠶᠢᠴᠢᠨ ᠬᠦᠴᠦᠨ ᠤ | ᠰᠠᠭᠤᠷᠢ ᠮᠥᠨ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠨᠢ ᠨᠡᠶᠢᠭᠡᠮ ᠤᠨ | ᠲᠣᠭᠲᠠᠭᠤᠨ ᠬᠦᠭᠵᠢᠯᠳᠡ ᠶᠢ ᠠᠬᠢᠭᠤᠯᠬᠤ᠂ ᠥᠷᠭᠡᠨ ᠤᠯᠠᠨ ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠪᠠ | ᠶᠠᠰᠤ ᠴᠢᠨᠠᠷ ᠢ ᠲᠡᠭᠡᠭᠰᠢᠯᠡᠭᠦᠯᠬᠦ᠂ ᠨᠠᠮ ᠤᠨ ᠤᠯᠠᠨ ᠲᠦᠮᠡᠨ ᠤ ᠳᠤᠮᠳᠠᠬᠢ ᠲᠦᠷᠢ ᠲᠥᠷᠬᠦ ᠶᠢ ᠬᠠᠮᠠᠭᠠᠯᠠᠬᠤ᠂ ᠨᠠᠮ ᠤᠨ | ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠯᠢᠶᠠᠩ ᠲᠣᠪᠴᠢᠶᠠᠨ ᠳᠠᠷᠤᠭ᠎ᠠ ᠲᠠ ᠪᠦᠬᠦᠨ ᠳᠤ ᠨᠠᠮ ᠤᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ | ᠲᠠᠨᠢᠯᠴᠠᠭᠤᠯᠤᠭᠠᠷᠠᠶ᠃ | ᠯᠢᠶᠠᠩ ᠸᠠᠨ ᠮᠢᠩ᠄ ᠬᠤᠰᠢᠭᠤ ᠨᠠᠮ ᠤᠨ ᠬᠤᠷᠢᠶ᠎ᠠ ᠬᠤᠰᠢᠭᠤ ᠵᠠᠰᠠᠭ ᠤᠨ ᠣᠷᠳᠣᠨ ᠤ ᠶᠡᠷᠦᠩᠬᠡᠶ | ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠰᠣᠷᠣᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠪᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠᠪᠠᠨ ᠪᠠᠲᠤ ᠴᠡᠭᠡᠵᠢᠯᠡᠬᠦ | ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠳᠠ ᠪᠠᠨ | ᠳᠡᠭᠡᠭᠰᠢᠯᠡᠭᠦᠯᠦᠨ᠂ ᠡᠭᠦᠷᠭᠡ ᠪᠠᠨ ᠲᠣᠳᠣᠷᠬᠠᠶᠢᠯᠠᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ | ᠠᠵᠢᠯᠴᠢᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠰ | ᠰᠢᠭᠤᠷᠬᠠᠶ ᠪᠠᠷ ᠤᠷᠤᠭᠰᠢᠯᠠᠨ ᠳᠠᠪᠰᠢᠬᠤ ᠰᠢᠨ᠎ᠡ ᠳᠦᠷᠰᠦ ᠪᠡᠶᠢᠳᠡᠯ ᠰᠢᠨ᠎ᠡ ᠰᠤᠷᠲᠠᠯ ᠢᠶᠠᠷ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠵᠤ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠵᠢᠯᠣᠭᠤᠳᠬᠤ ᠦᠵᠡᠯ | ᠰᠠᠨᠠᠭ᠎ᠠ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠣᠯ ᠪᠣᠯᠤᠨ | ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠣᠯ ᠢ ᠭᠦᠢᠴᠡᠳ ᠪᠠᠳᠠᠷᠠᠭᠤᠯᠵᠤ᠂ ᠮᠠᠨ ᠤ | ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠠᠬᠢᠭᠤᠯᠵᠠᠶ᠃ ᠡᠯ᠎ᠡ | ᠵᠣᠶᠢᠯ ᠤᠨ ᠠᠵᠢᠯ ᠤᠨ ᠥᠷᠨᠢᠯᠲᠡ ᠶᠢ ᠠᠬᠢᠭᠤᠯᠪᠠ᠃ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠤᠳᠤᠷᠢᠳᠬᠤ | ᠳᠤᠭᠤᠶᠢᠯᠠᠩ ᠲᠦᠷᠦᠭᠦᠯᠡᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ 2019 ᠣᠨ ᠨᠠᠮ ᠤᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠱᠠᠭᠠᠷᠳᠠᠯᠭ᠎ᠠ ᠶᠣᠰᠣᠭᠠᠷ᠂ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ᠂ ᠣᠨᠣᠯ ᠰᠤᠷᠤᠯᠴᠠᠬᠤ ᠲᠥᠯᠥᠪᠯᠡᠭᠡ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠵᠡᠷᠭᠡ ᠠᠭᠤᠯᠭ᠎ᠠ ᠶᠢ | ᠭᠤᠤᠯᠳᠠᠯᠭ᠎ᠠ ᠲᠠᠢ ᠰᠤᠳᠤᠯᠵᠤ᠂ ᠬᠠᠷᠢᠭᠤᠴᠠᠯᠭ᠎ᠠ ᠶᠢ ᠳᠠᠮᠵᠢᠭᠤᠯᠬᠤ ᠲᠠᠷᠣᠯᠳᠠ ᠶᠢ ᠪᠠᠬᠢᠵᠢᠭᠦᠯᠬᠦ᠂ ᠲᠣᠭᠲᠠᠴᠠ ᠶᠢ | ᠲᠡᠭᠦᠯᠳᠡᠷᠵᠢᠭᠦᠯᠬᠦ ᠪᠠᠲᠤᠯᠠᠭ᠎ᠠ ᠶᠢ ᠴᠢᠩᠬᠠᠳᠬᠠᠬᠤ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠠᠶ᠃ | ᠨᠠᠮ ᠤᠨ ᠪᠠᠶᠢᠭᠤᠯᠤᠯᠲᠠ ᠶᠢ ᠠᠳᠬᠤᠬᠤ ᠪᠡᠶᠡᠴᠢ ᠴᠣᠭᠴᠠ ᠶᠢᠨ ᠤᠬᠠᠮᠰᠠᠷ ᠪᠠ ᠬᠠᠷᠢᠭᠤᠴᠠᠯᠭ᠎ᠠ ᠶᠢᠨ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠎ᠠ᠃ | ᠬᠤᠶᠠᠷ ᠲᠤ᠂ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠵᠤ᠂ | ᠨᠠᠮ ᠤᠨ ᠲᠣᠭᠳᠠᠭᠠᠯ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠪᠠ᠃ ᠪᠦᠬᠦ ᠲᠠᠯ᠎ᠠ ᠶᠢᠨ ᠺᠠᠳ᠋ᠷ | ᠠᠵᠢᠯᠳᠠᠨ ᠤ ᠶᠡᠭᠡ ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾᠂ ︽ᠲᠣᠮᠳᠠᠳᠦ | ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠵᠡᠷᠭᠡ ᠲᠤᠰᠬᠠᠢ ᠰᠡᠳᠦᠪ ᠢ ᠰᠤᠷᠤᠯᠴᠠᠪᠠ᠃ | ᠪᠠᠭ ᠤᠨ ᠪᠦᠷᠢᠯᠳᠦᠬᠦᠨ ᠪᠠ ᠡᠯ᠎ᠡ ᠬᠤᠪᠢ ᠭᠠᠵᠠᠷ ᠤᠨ ᠵᠣᠭᠰᠣᠭᠠᠯ ᠠᠩᠭᠢ ᠶᠢᠨ ᠬᠠᠷᠢᠭᠤᠴᠠᠯᠭᠠᠲᠠᠨ ︽ᠨᠢᠭᠡ ᠠᠵᠢᠯ | ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ | ᠭᠦᠢᠴᠡᠳᠭᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ ᠪᠠᠶᠢᠬᠤ ᠪᠣᠯ ᠳᠠᠷᠤᠶ ᠤᠯᠤᠰ ᠲᠦᠷᠦ ᠶᠢᠨ ᠲᠠᠯ᠎ᠠ ᠪᠠᠷ ᠲᠤᠰᠢᠶᠠᠯ ᠳᠠᠭᠠᠨ | ᠣᠰᠣᠯᠳᠠᠬᠤ ᠤᠬᠠᠮᠰᠠᠷᠢ ᠪᠠᠲᠤ ᠪᠠᠬᠢ ᠪᠤᠢ ᠪᠣᠯᠭᠠᠬᠤ ᠬᠡᠷᠡᠭᠲᠡᠶ᠃ | ᠭᠤᠷᠪᠠ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠨᠠᠮ ᠤᠨ ᠰᠠᠬᠢᠯᠭ᠎ᠠ | ᠪᠠᠲᠤ ᠶᠢᠨ ᠦᠵᠡᠯᠲᠡ ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠣᠭᠤᠰᠢᠯᠠᠭᠤᠯᠵᠦ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ᠂ ᠴᠢᠩᠳᠠᠯᠠᠬᠤ ᠶᠢ ᠭᠦᠨᠵᠡᠭᠡᠶ ᠲᠦᠯᠬᠢᠨ | ᠠᠬᠢᠭᠤᠯᠤᠨ᠎ᠠ᠃ | ᠲᠦᠷᠪᠡ ᠳᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠢᠮ ᠢ ᠲᠡᠭᠦᠯᠳᠡᠷᠵᠢᠭᠦᠯᠦᠨ᠎ᠡ᠃ ᠤᠷᠢᠳ ᠬᠤᠵᠢᠳ | ︽ᠭᠤᠷᠪᠠᠨ ᠬᠤᠷᠠᠯ ᠨᠢᠭᠡ ᠬᠢᠴᠢᠶᠡᠯ︾᠂ ᠤᠳᠤᠷᠢᠳᠬᠤ ᠺᠠᠳ᠋ᠷ ᠤᠨ ᠳᠠᠪᠬᠤᠷ ᠵᠣᠬᠢᠶᠠᠨ ᠪᠡᠶᠢᠭᠤᠯᠣᠯᠳᠠ ᠶᠢᠨ | ᠠᠮᠢᠳᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠢ ᠠᠷᠠᠳᠴᠢᠯᠡᠯ ᠢᠶᠠᠷ | ᠦᠨᠡᠯᠡᠬᠦ᠂ ᠨᠠᠮ ᠤᠨ ᠭᠡᠰᠢᠭᠦᠨ ᠤ ᠨᠠᠮᠴᠢ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ᠂ ᠰᠡᠳᠬᠢᠯ ᠤᠨ | ᠦᠭᠡ ᠪᠠᠨ ᠶᠠᠷᠢᠯᠴᠠᠬᠤ᠂ ᠨᠠᠮ ᠤᠨ ᠭᠡᠰᠢᠭᠦᠨ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠠᠭ ᠤᠨ ᠪᠦᠷᠢᠯᠳᠦᠬᠦᠨᠢ ᠦᠨᠡᠯᠡᠬᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠪᠠᠶᠢᠳᠠᠯ ᠢ ᠮᠡᠳᠡᠭᠳᠡᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ | ᠬᠢᠨᠠᠨ ᠰᠢᠯᠭᠠᠬᠤ ᠵᠡᠷᠭᠡ ᠨᠠᠮ ᠤᠨ ᠳᠣᠲᠣᠭᠠᠳᠤ ᠶᠢᠨ ᠠᠮᠢᠳᠤᠷᠠᠯ ᠤᠨ ᠲᠦᠷᠢᠮ ᠢ ᠲᠣᠭᠲᠠᠭᠠᠵᠤ᠂ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ ᠪᠠ | ᠲᠠᠶᠢᠴᠢᠨ ᠬᠦᠴᠦᠨ ᠢ ᠴᠢᠩᠭᠠᠷᠠᠭᠤᠯᠤᠨ᠎ᠠ᠃ | ᠲᠠᠪᠤ ᠳᠤ᠂ ᠭᠤᠷᠪᠠᠨ ᠬᠤᠷᠠᠯ ᠨᠢᠭᠡ ᠬᠢᠴᠢᠶᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠡᠭᠦᠷ | ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠶᠡᠪᠠᠨ ᠳᠠᠭᠠᠭᠠᠵᠤ | ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠶᠠᠷ ᠨᠠᠮ ᠤᠨ ᠡᠭᠦᠷ | ᠭᠤᠷᠪᠠᠨ ᠬᠤᠷᠠᠯ ᠨᠢᠭᠡ ᠬᠢᠴᠢᠶᠡᠯ ᠪᠣᠯᠤᠨ ᠨᠠᠮ ᠤᠨ ᠭᠡᠰᠢᠭᠦᠨ ᠤ ᠲᠥᠪᠯᠡᠷᠡᠭᠦᠯᠦᠨ ᠠᠵᠢᠯᠯᠠᠭ᠎ᠠ ᠬᠢᠬᠦ ᠡᠳᠦᠷ ᠤᠨ | ᠰᠤᠷᠤᠯᠴᠠᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠠᠶ᠃ ᠨᠠᠮ ᠤᠨ ᠳᠣᠲᠣᠭᠠᠳᠤ ᠶᠢᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠡᠮᠬᠢ ᠵᠢᠷᠤᠮ ᠲᠠᠢ ᠪᠠᠷ ᠦᠷᠨᠢᠭᠦᠯᠣᠨ᠎ᠡ᠃ | ᠵᠢᠷᠭᠤᠭ᠎ᠠ ᠳᠤ᠂ ᠨᠠᠮ ᠤᠨ ᠰᠦᠢᠳᠬᠡᠯ ᠬᠤᠷᠢᠶᠠᠬᠤ ᠪᠠ ᠬᠠᠮᠢᠶᠠᠷᠬᠤ ᠠᠵᠢᠯ ᠢ ᠰᠠᠶᠢᠲᠤᠷ ᠠᠳᠬᠤᠨ᠎ᠠ᠃ | ᠨᠠᠮ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠵᠢᠷᠣᠮᠯᠡᠨ᠂ ᠨᠠᠮ ᠤᠨ ᠭᠡᠰᠢᠭᠦᠨ ᠨᠢᠭᠡᠪᠦᠷᠢ ᠶᠢᠨ ᠲᠤᠰᠢᠶᠠᠪᠠᠰᠤ ᠵᠣᠬᠢᠬᠤ ᠨᠠᠮ ᠤᠨ ᠰᠣᠶᠢᠳᠭᠡᠯ ᠢ ᠲᠠᠬᠢᠨ | ᠪᠤᠳᠤᠬᠤ ᠶᠢᠨ ᠬᠠᠮᠲᠤ ᠨᠠᠮ ᠤᠨ ᠰᠣᠶᠢᠳᠭᠡᠯ ᠢ ᠴᠠᠭ ᠲᠤᠬᠠᠶ ᠳᠤᠨᠢ ᠬᠤᠷᠢᠶᠠᠵᠤ ᠠᠪᠤᠨ᠎ᠠ᠃ | ᠳᠣᠯᠤᠭ᠎ᠠ ᠳᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠨᠠᠮ ᠨᠢ ᠨᠠᠮ ᠢᠶᠠᠨ ᠬᠠᠮᠢᠶᠠᠷᠴᠤ᠂ ᠨᠠᠮ ᠢ ᠴᠢᠩᠭ᠎ᠠ | ᠵᠠᠰᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠬᠠᠳᠬᠠᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠬ᠎ᠠ ᠠᠳᠬᠤᠵᠤ᠂ ᠰᠤᠷᠲᠠᠯ ᠢᠶᠠᠨ ᠰᠠᠶᠢᠵᠢᠷᠠᠭᠤᠯᠵᠠᠶ᠃ ᠺᠠᠳ᠋ᠷ ᠢ | ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠵᠠᠯᠬᠠᠭᠠᠨ ᠰᠡᠷᠭᠡᠶᠢᠯᠡᠬᠦ ᠰᠢᠰᠲ᠋ᠧᠮ ᠤᠨ ᠪᠡᠶᠢᠭᠤᠯᠣᠯᠳᠠ ᠶᠢ ᠯᠠᠪᠳᠠᠭᠤᠨ | ᠪᠠᠲᠤᠲᠠᠶ ᠲᠦᠯᠬᠢᠨ ᠠᠬᠢᠭᠤᠯᠤᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ | ᠬᠠᠷᠢᠭᠤᠴᠠᠯᠭ᠎ᠠ ᠶᠢᠨ ᠳᠦᠷᠢᠮ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠢ ᠬᠠᠮᠲᠤᠪᠠᠷ | ᠰᠢᠢᠳᠪᠣᠷᠢᠳᠦ ᠪᠣᠳᠣᠯᠭ᠎ᠠ ᠲᠣᠭᠲᠠᠭᠠᠬᠤ ᠳᠦᠷᠢᠮ ᠵᠡᠷᠭᠡ ᠶᠢ ᠴᠢᠩᠭ᠎ᠠ ᠬᠡᠷᠡᠭᠵᠢᠭᠦᠯᠵᠦ᠂ ᠡᠳᠦᠷ ᠲᠤᠲᠤᠮ ᠤᠨ | ᠠᠵᠢᠯ ᠤᠨ ᠳᠤᠮᠳᠠ᠂ ᠨᠢᠭᠡᠴᠡ ᠶᠢᠨ ᠴᠢᠬᠤᠯᠠ ᠶᠡᠭᠡ ᠶᠠᠪᠤᠳᠠᠯ ᠤᠨ ᠰᠢᠢᠳᠪᠣᠷᠢᠳᠦ ᠪᠣᠳᠣᠯᠭ᠎ᠠ ᠲᠣᠭᠲᠠᠭᠠᠬᠤ᠂ | ᠠᠵᠢᠯᠲᠠᠨ ᠤ ᠶᠠᠪᠤᠳᠠᠯ ᠢ ᠲᠣᠮᠢᠯᠠᠬᠤ ᠪᠠᠭᠤᠯᠭᠠᠬᠤ᠂ ᠴᠢᠬᠤᠯᠠ ᠶᠡᠭᠡ ᠲᠥᠷᠥᠯ ᠵᠣᠶᠢᠯ ᠤᠨ ᠲᠣᠬᠢᠷᠠᠭᠤᠯᠤᠯᠲᠠ ᠪᠣᠯᠤᠨ | ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠲᠠᠯ᠎ᠠ ᠪᠠᠷ ᠴᠥᠮ ᠲᠣᠪᠴᠢᠶᠠᠨ ᠤ ᠤᠳᠤᠷᠢᠳᠬᠤ ᠪᠠᠭ ᠤᠨ | ᠬᠤᠷᠠᠯ ᠢᠶᠠᠷ ᠲᠠᠮᠵᠢᠭᠤᠯᠣᠨ ᠰᠤᠳᠤᠯᠤᠨ ᠪᠠᠲᠤᠯᠠᠵᠠᠶ᠃ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠪᠠ ᠠᠯᠪᠠᠨ | ᠲᠡᠷᠭᠡ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ ᠢ ᠴᠢᠩᠳᠠᠯᠠᠬᠤ ᠬᠡᠷᠡᠭᠲᠡᠶ᠃ | ᠨᠠᠢᠮᠠ ᠳᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠤᠭ ᠰᠠᠨᠠᠭ᠎ᠠ ᠪᠠᠨ | ᠦᠯᠦ ᠮᠠᠷᠳᠡᠵᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠪᠣᠳᠠᠲᠤ ᠪᠡᠶᠢᠳᠡᠯ ᠲᠠᠢ ᠪᠠᠨ ᠤᠶᠠᠯᠳᠤᠭᠤᠯᠤᠨ᠂ | ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ | ᠪᠠᠶᠢᠴᠠᠭᠠᠨ ᠦᠵᠡᠬᠦ᠂ ᠴᠡᠭᠴᠡᠯᠡᠨ ᠰᠡᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠭᠤᠣᠯ ᠰᠡᠳᠦᠪᠲᠦ ᠬᠥᠮᠦᠵᠢᠯ ᠤᠨ | ᠪᠦᠬᠦ ᠶᠠᠪᠤᠴᠠ ᠳᠤ ᠲᠤᠭᠤᠰᠢᠯᠠᠭᠤᠯᠵᠤ᠂ ᠬᠠᠮᠤᠭ ᠤᠨ ᠰᠠᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ | ᠬᠥᠲᠥᠯᠥᠭᠴᠢ᠄ ᠣᠢ ᠰᠢᠭᠤᠶ ᠶᠢᠨ ᠦᠢᠯᠡᠰ ᠤᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤᠮᠳᠠ᠂ ᠵᠠᠷᠢᠮ | ᠠᠵᠢᠯ ᠢ ᠥᠷᠨᠢᠭᠦᠯᠬᠦ ᠳᠤ ᠠᠮᠠᠷᠬᠠᠨ ᠪᠣᠯᠪᠠᠴᠤ ᠵᠠᠷᠢᠮ ᠠᠵᠢᠯ ᠢ ᠥᠷᠨᠢᠭᠦᠯᠬᠦ ᠳᠤ ᠬᠠᠷᠢᠨ ᠲᠤᠩ ᠬᠦᠴᠢᠷᠳᠡᠵᠦ᠂ | ᠯᠢᠶᠠᠩ ᠲᠣᠪᠴᠢᠶᠠᠨ ᠳᠠᠷᠤᠭ᠎ᠠ ᠣᠳᠣᠬᠠᠨ ᠳᠤ ᠣᠢ ᠰᠢᠭᠤᠶ ᠶᠢᠨ ᠠᠵᠢᠯ ᠢ ᠥᠷᠨᠢᠭᠦᠯᠬᠦᠳᠤ ᠶᠠᠮᠠᠷ ᠠᠰᠠᠭᠤᠳᠠᠯ ᠪᠤᠶᠤ | ᠬᠦᠷᠦᠯᠴᠡᠬᠦ ᠦᠭᠡᠢ ᠲᠠᠯ᠎ᠠ ᠪᠡᠶᠢᠨ᠎ᠠ ᠭᠡᠵᠦ ᠦᠵᠡᠵᠦ ᠪᠠᠢᠨ᠎ᠠ᠃ | ᠯᠢᠶᠠᠩ ᠸᠠᠨ ᠮᠢᠩ᠄ 1. ᠤᠯᠤᠰ ᠤᠨ ᠭᠤᠤᠯᠳᠠᠯᠭ᠎ᠠ ᠪᠣᠯᠬᠤ ᠢᠨᠵᠧᠨᠧᠷᠢᠩ ᠤᠨ ᠲᠠᠯ᠎ᠠ ᠪᠠᠷ᠂ ᠵᠢᠱᠢᠶᠡᠯᠡᠪᠡᠯ | ᠨᠤᠲᠤᠭ ᠪᠡᠯᠴᠢᠭᠡᠷ ᠤᠨ ᠪᠦᠳᠣᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠠᠷᠢᠮᠵᠢᠶ᠎ᠠ ᠳᠣᠤᠷ᠎ᠠ᠂ | ᠤᠯᠤᠰ ᠤᠨ ᠪᠡᠯᠡ ᠣᠷᠣᠭᠤᠯᠤᠯᠲᠠ ᠪᠠᠭ᠎ᠠ︔ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ᠂ ᠣᠳᠣᠬᠠᠨ ᠳᠤ ᠣᠢ ᠶᠢᠨ ᠣᠷᠴᠢᠨ ᠢ ᠨᠥᠬᠦᠴᠡᠯ ᠪᠠᠷᠤᠭᠲᠠᠶ ᠪᠣᠯᠬᠤᠷ ᠤᠯᠤᠰ ᠤᠨ ᠪᠡᠯᠡ | ᠣᠷᠣᠭᠤᠯᠤᠯᠲᠠ ᠪᠠᠭ᠎ᠠ᠂ ᠭᠠᠵᠠᠷ ᠤᠨ ᠪᠠᠶᠢᠴᠠ ᠨᠢ ᠪᠤᠳᠤᠯᠢᠶᠠᠨᠲᠠᠶ᠂ ᠠᠩᠬᠠᠨ ᠤ ᠤᠷᠭᠤᠮᠠᠯ ᠤᠨ ᠬᠤᠴᠢᠯᠭ᠎ᠠ ᠬᠡᠪᠡᠷᠡᠭ | ᠂ ᠵᠠᠰᠠᠬᠤ ᠳᠤ ᠨᠡᠯᠢᠶᠡᠳ ᠬᠦᠴᠢᠷᠲᠡᠶ ᠪᠠᠶᠢᠳᠠᠭ᠃ | 2᠂ ᠣᠢ ᠰᠢᠭᠤᠶ ᠬᠠᠮᠠᠭᠠᠯᠠᠭᠴᠢ ᠶᠢ ᠰᠣᠩᠭᠤᠨ ᠤᠷᠢᠬᠤ ᠶᠠᠪᠤᠴᠠ ᠳᠤ᠂ ᠶᠠᠳᠠᠭᠤ ᠬᠦᠴᠢᠷᠳᠡᠯᠲᠡᠶ | ᠡᠷᠦᠬᠡ ᠶᠢᠨ ᠨᠠᠰᠤ ᠨᠢ ᠨᠡᠯᠢᠶᠡᠳ ᠶᠡᠭᠡ ᠪᠣᠯᠬᠤᠷ ᠣᠶ ᠰᠢᠭᠤᠶ ᠬᠠᠮᠠᠭᠠᠯᠠᠭᠴᠢᠳ ᠢ ᠰᠣᠩᠭᠤᠵᠦ ᠤᠷᠢᠬᠤ ᠨᠠᠰᠤᠨ ᠤ | ᠪᠠᠷᠢᠮᠵᠢᠶ᠎ᠠ ᠶᠢ ᠪᠦᠬᠦᠯᠢ 60 ᠨᠠᠰᠤ ᠳᠤ ᠪᠠᠰᠠ ᠪᠡᠶᠡᠯᠡᠭᠦᠯᠬᠦ ᠳᠤ ᠲᠤᠩ ᠬᠦᠴᠢᠷᠲᠡᠶ᠃ ᠡᠶᠢᠮᠦ ᠠᠴᠠ ᠰᠣᠩᠭᠤᠬᠤ ᠪᠠ | ᠤᠷᠢᠬᠤ ᠲᠠᠯ᠎ᠠ ᠪᠠᠷ 1-2 ᠨᠠᠰᠤ ᠬᠦᠷᠲᠡᠯ᠎ᠡ ᠠᠭᠤᠵᠢᠭᠤ ᠲᠠᠯᠪᠢᠬᠤ ᠦᠵᠡᠭᠳᠡᠯ ᠪᠠᠰᠠ ᠣᠷᠣᠰᠢᠵᠦ ᠪᠠᠶᠢᠨ᠎ᠠ᠃ | 3᠂ ᠣᠳᠣᠬᠠᠨ ᠳᠤ ᠰᠣᠩᠭᠤᠨ ᠬᠡᠷᠡᠭᠯᠡᠵᠦ ᠪᠠᠶᠢᠭ᠎ᠠ ᠣᠢ ᠰᠢᠭᠤᠶ ᠬᠠᠮᠠᠭᠠᠯᠠᠭᠴᠢ ᠨᠢ ᠴᠥᠮ ᠶᠠᠳᠠᠭᠤ | ᠬᠦᠴᠢᠷᠳᠡᠯᠲᠡᠶ ᠡᠷᠦᠬᠡ ᠪᠣᠯᠤᠨ᠎ᠠ᠃ ᠨᠠᠰᠤ ᠨᠢ ᠴᠦ ᠨᠡᠶᠢᠳᠡᠮ ᠳᠡᠭᠡᠨ ᠨᠡᠯᠢᠶᠡᠳ ᠶᠡᠭᠡ ᠪᠠᠶᠢᠵᠤ᠂ ᠥᠪᠡᠷ ᠢᠪᠠᠨ ᠶᠠᠳᠠᠭᠤ | ᠬᠦᠴᠢᠷᠳᠡᠯᠲᠡᠶ ᠡᠷᠦᠬᠡ ᠪᠣᠯ ᠣᠶ ᠰᠢᠭᠤᠶ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠥᠨᠳᠥᠷ ᠪᠢᠰᠢ ᠭᠡᠵᠦ | ᠦᠵᠡᠵᠦ ᠪᠠᠶᠢᠨ᠎ᠠ᠃ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠴᠢᠩᠭ᠎ᠠ ᠪᠢᠰᠢ ᠦᠵᠡᠭᠳᠡᠯ ᠣᠷᠣᠰᠢᠵᠤ ᠪᠠᠶᠢᠨ᠎ᠠ᠃ | 4᠂ ᠠᠮᠢ ᠠᠬᠤᠶ ᠶᠢᠨ ᠢᠨᠵᠧᠨᠧᠷᠢᠩ ᠨᠢ ᠪᠠᠯᠠ ᠣᠷᠣᠭᠤᠯᠤᠯᠲᠠ ᠬᠦᠷᠦᠯᠴᠡᠬᠦ ᠥᠬᠡᠶ ᠪᠠ ᠪᠠᠶᠢᠭᠠᠯᠢ ᠶᠢᠨ | ᠭᠠᠴᠢᠭᠳᠠᠯ ᠤᠨ ᠳᠠᠪᠬᠤᠷ ᠳᠠᠷᠤᠯᠲᠠ ᠶᠢᠨ ᠳᠣᠤᠷ᠎ᠠ ᠵᠢᠱᠢᠭᠰᠡᠨ ᠦᠷ᠎ᠡ ᠪᠦᠲᠦᠮᠵᠢ ᠳᠤ ᠬᠦᠷᠴᠦ ᠴᠢᠳᠠᠬᠤ ᠥᠬᠡᠶ | ᠶᠤᠮ᠃ | 5᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠶ ᠠᠵᠢᠯᠲᠠᠨ ᠬᠦᠨᠳᠦ ᠨᠣᠴᠢᠲᠠᠶ | ᠬᠦᠷᠦᠯᠴᠡᠬᠦ ᠦᠭᠡᠢ ᠪᠠᠶᠢᠨ᠎ᠠ᠃ | 6᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯᠲᠠᠨ ᠴᠥᠭᠡᠨ᠂ ᠵᠠᠷᠤᠳᠠᠯ ᠬᠦᠷᠦᠯᠴᠡᠬᠦ ᠦᠭᠡᠢ ᠪᠠᠶᠢᠬᠤ ᠶᠢᠨ | ᠳᠡᠭᠡᠷ᠎ᠡ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠰᠢᠯᠵᠢᠭᠦᠯᠦᠨ ᠬᠠᠷᠢᠶᠠᠯᠠᠭᠤᠯᠬᠤ ᠶᠢ ᠨᠡᠮᠡᠪᠡᠯ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠳᠤ ᠨᠡᠯᠢᠶᠡᠳ ᠬᠦᠴᠢᠷᠲᠡᠶ ᠪᠠᠶᠢᠨ᠎ᠠ᠃ | 7. ᠬᠢᠵᠢᠭ ᠪᠠᠶᠢᠴᠠᠭᠠᠬᠤ ᠠᠷᠭ᠎ᠠ ᠪᠠᠷᠢᠯ ᠨᠢ ᠬᠤᠴᠣᠷᠤᠩᠭᠤᠶ᠂ ᠬᠢᠵᠢᠭ ᠪᠠᠶᠢᠴᠠᠭᠠᠬᠤ ᠠᠵᠢᠯ ᠤᠨ ᠵᠠᠷᠤᠳᠠᠯ ᠢ | ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠦᠭᠡᠢ᠂ ᠰᠡᠷᠭᠡᠶᠢᠯᠡᠨ ᠵᠠᠰᠠᠬᠤ ᠲᠤᠰᠬᠠᠶ ᠵᠣᠶᠢᠯ ᠤᠨ | ᠵᠠᠷᠤᠳᠠᠯ ᠢ ᠪᠣᠳᠠᠲᠠᠶᠢᠵᠢᠭᠤᠯᠵᠤ ᠳᠡᠶᠢᠯᠬᠦ ᠦᠭᠡᠶ᠂ ᠬᠥᠮᠦᠰ ᠤᠨ ᠬᠤᠤᠷ ᠬᠥᠨᠥᠭᠡᠯ ᠲᠠᠢ ᠨᠡᠮᠡᠭᠦᠷᠢ ᠶᠢ | ᠪᠣᠳᠠᠲᠠᠶᠢᠵᠢᠭᠤᠯᠤᠭᠰᠠᠨ ᠦᠭᠡᠶ᠃ | 8᠂ ᠨᠤᠲᠤᠭ ᠪᠡᠯᠴᠢᠭᠡᠷ ᠤᠨ ᠲᠤᠰᠬᠠᠶ ᠠᠵᠢᠯ ᠤᠨ ᠬᠠᠤᠯᠢ ᠬᠡᠷᠡᠭᠵᠢᠭᠦᠯᠬᠦ ᠠᠵᠢᠯᠲᠠᠨ ᠨᠡᠯᠢᠶᠡᠳ ᠳᠤᠲᠠᠭᠳᠠᠵᠤ᠂ | ᠬᠢᠵᠡᠷᠭᠠᠯᠠᠬᠤ ᠠᠵᠢᠯ ᠢ ᠥᠷᠨᠢᠭᠦᠯᠬᠦ ᠬᠡᠷᠡᠭᠲᠡᠶ᠃ | ᠬᠥᠲᠥᠯᠥᠭᠴᠢ᠄ ᠤᠳᠠᠯ ᠥᠬᠡᠶ ᠬᠦᠷᠴᠦ ᠢᠷᠡᠬᠦ 2020 ᠣᠨ ᠳᠤ᠂ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠣᠶ ᠰᠢᠭᠤᠶ ᠶᠢᠨ ᠰᠢᠨ᠎ᠡ ᠠᠵᠢᠯ ᠢ ᠬᠡᠷᠬᠢᠨ ᠳᠣᠭᠢᠷᠠᠭᠤᠯᠤᠨ ᠰᠠᠶᠢᠵᠢᠷᠠᠭᠤᠯᠬᠤ ᠪᠣᠶ︖ ᠰᠢᠨ᠎ᠡ | ᠨᠢᠭᠡ ᠵᠢᠯ ᠤᠨ ᠡᠯ᠎ᠡ ᠵᠣᠶᠢᠯ ᠤᠨ ᠠᠵᠢᠯ ᠢ ᠬᠡᠷᠬᠢᠨ ᠥᠷᠨᠢᠭᠦᠯᠬᠦ ᠪᠣᠶ︖ ᠠᠵᠢᠯ ᠤᠨ ᠬᠠᠷᠠᠯᠲᠠ ᠨᠢ ᠶᠠᠭᠤ ᠪᠣᠶ︖ | ᠯᠢᠶᠠᠩ ᠸᠠᠨ ᠮᠢᠩ᠄ ᠰᠢᠨ᠎ᠡ ᠨᠢᠭᠡ ᠵᠢᠯ ᠤᠨ ᠡᠮᠦᠨ᠎ᠡ ᠮᠠᠨ ᠤ ᠲᠣᠪᠴᠢᠶ᠎ᠠ ᠰᠢᠨ᠎ᠡ ᠨᠢᠭᠡ ᠵᠢᠯ ᠤᠨ ᠠᠵᠢᠯ ᠶᠢᠨ | ᠬᠠᠷᠠᠯᠳᠠ ᠲᠣᠭᠲᠠᠭᠠᠭᠰᠠᠨ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠣᠶ | ᠰᠢᠭᠤᠶ ᠪᠣᠯᠤᠨ ᠨᠤᠲᠤᠭ ᠪᠡᠯᠴᠢᠭᠡᠷ ᠤᠨ ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠠᠭᠦᠯᠵᠦ᠂ | ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠠᠮᠢ ᠠᠬᠤᠶ ᠶᠢᠨ | ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠡᠶ᠃ ᠣᠷᠴᠢᠨ ᠲᠣᠭᠤᠷᠢᠨ ᠢ ᠵᠠᠰᠠᠬᠤ ᠪᠠ ᠠᠮᠢ | ᠠᠬᠤᠶ ᠶᠢ ᠰᠡᠷᠭᠦᠭᠡᠬᠦ ᠳᠦᠷᠢᠮ ᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠬᠠᠮᠠᠭᠠᠯᠠᠬᠤ ᠴᠢᠩᠭ᠎ᠠ ᠳᠦᠷᠢᠮ᠂ | ᠬᠤᠬᠢᠷᠠᠯ ᠢ ᠲᠥᠯᠥᠬᠦ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠰᠢᠰᠲ᠋ᠧᠮ ᠲᠠᠢ ᠪᠦᠷᠢᠨ | ᠪᠦᠲᠦᠨ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ | ᠳᠦᠷᠢᠮ ᠢᠶᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠪᠡᠶᠡᠯᠡᠭᠦᠯᠦᠨ᠎ᠡ᠃ | ᠬᠤᠶᠠᠷ᠂ ᠶᠡᠷᠦᠩᠬᠡᠶ ᠰᠡᠳᠬᠢᠴᠡ | ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠨ | ᠬᠥᠭᠵᠢᠭᠦᠯᠵᠦ᠂ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠶᠡᠭᠡ | ᠬᠦᠴᠦᠨ ᠢᠶᠠᠷ ᠮᠣᠳᠣ ᠲᠠᠷᠢᠵᠤ ᠣᠶᠢᠵᠢᠭᠤᠯᠵᠤ᠂ ᠡᠪᠡᠰᠦ ᠲᠠᠷᠢᠵᠤ᠂ ᠣᠢ ᠰᠢᠭᠤᠢ ᠨᠤᠲᠤᠭ ᠪᠡᠯᠴᠢᠭᠡᠷ ᠤᠨ ᠡᠵᠡᠭᠨᠡᠯᠳᠠ | ᠬᠠᠮᠢᠶᠠᠷᠤᠯᠲᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠲᠠᠯᠠᠪᠠᠢ ᠪᠠ ᠬᠠᠳᠠᠭᠠᠯᠠᠮᠵᠢ ᠶᠢ | ᠨᠡᠮᠡᠭᠳᠡᠭᠦᠯᠦᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠠᠮᠢ ᠠᠬᠤᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠶ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠦᠲᠦᠴᠡ ᠶᠢᠨ | ᠲᠣᠬᠢᠷᠠᠭᠤᠯᠤᠯᠲᠠ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ | ᠭᠤᠣᠯᠳᠠᠯᠭ᠎ᠠ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠥᠷᠥᠯ ᠬᠤᠪᠢᠶᠠᠨ ᠡᠵᠡᠩᠨᠡᠬᠦ᠂ ᠣᠷᠣᠨ | ᠬᠤᠪᠢᠶᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠶᠢᠭᠤᠯᠤᠯ ᠤᠨ ᠰᠢᠨ᠎ᠡ ᠶᠢ | ᠡᠭᠦᠳᠬᠦ ᠳᠤ ᠲᠦᠰᠢᠭᠯᠡᠵᠦ᠂ ᠣᠢ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠠᠵᠤ ᠦᠢᠯᠡᠰᠵᠢᠯᠲᠡ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠣᠢ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠰᠢᠨᠵᠢᠯᠡᠬᠦ | ᠤᠬᠠᠭᠠᠨᠴᠢ ᠬᠥᠭᠵᠢᠯᠲᠡ ᠶᠢ ᠠᠬᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤ ᠶᠢ ᠠᠭᠤᠯᠠ᠂ ᠤᠰᠤ᠂ ᠡᠪᠡᠰᠦ᠂ ᠣᠶ ᠰᠢᠭᠤᠶ᠂ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠠᠮᠢ ᠠᠬᠤᠶ ᠶᠢᠨ | ᠬᠥᠮᠦᠨ ᠳᠤ ᠲᠣᠬᠢᠷᠠᠮᠵᠢᠲᠠᠶ ᠬᠤᠲᠠ ᠪᠣᠯᠭᠠᠨ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ | | ᠭᠤᠷᠪᠠ᠂ ᠡᠭᠦᠷᠭᠡ ᠶᠢᠨ ᠬᠠᠷᠠᠯᠲᠠ | — ᠤᠯᠤᠰ ᠤᠨ ᠭᠤᠤᠯᠳᠠᠯᠭ᠎ᠠ ᠲᠠᠢ ᠢᠨᠵᠧᠨᠧᠷᠢᠩ ᠵᠢᠴᠢ ᠲᠥᠷᠥᠯ ᠵᠣᠶᠢᠯ | 1᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ 2.5 ᠲᠦᠮᠡᠨ ᠮᠦ | ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠵᠣᠬᠢᠶᠠᠮᠠᠯ ᠲᠤᠷᠤᠭ ᠮᠣᠳᠣ 1 ᠲᠦᠮᠡᠨ ᠮᠦ᠂ ᠪᠣᠳᠠ ᠮᠣᠳᠣ 0.5 | ᠲᠦᠮᠡᠨ ᠮᠦ ᠦᠢᠵᠢᠭᠤᠯᠣᠨᠠ᠃ 1 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠪᠠ᠃ | 2᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠶᠢ 1 ᠲᠦᠮᠡᠨ ᠮᠦ | ᠪᠢᠲᠡᠭᠦᠮᠵᠢᠯᠡᠨ ᠪᠤᠶᠢᠵᠢᠭᠤᠯᠵᠤ᠂ ᠲᠠᠷᠢᠮᠠᠯ ᠲᠡᠵᠢᠭᠡᠯ ᠡᠪᠡᠰᠦᠨ ᠤ ᠰᠠᠭᠤᠷᠢᠨ ᠭᠠᠵᠠᠷ 0.5 ᠲᠦᠮᠡᠨ ᠮᠦ᠂ ᠬᠦᠯᠡᠮᠵᠢ 1. | 2 ᠲᠦᠮᠡᠨ ᠲᠡᠭᠰᠢ ᠳᠥᠷᠪᠡᠯᠵᠢᠨ ᠮᠧᠲᠷ᠂ ᠳᠠᠷᠤᠰᠢᠭᠤᠯᠬᠤ ᠵᠣᠭᠤᠷᠢ 1 ᠲᠦᠮᠡᠨ ᠪᠣᠰᠤᠭ᠎ᠠ ᠳᠥᠷᠪᠡᠯᠵᠢᠨ ᠮᠧᠲᠷ᠂ | ᠳᠠᠷᠤᠰᠢᠭᠤᠯᠬᠤ ᠡᠪᠡᠰᠦᠨ ᠫᠧᠩ 0.8 ᠲᠦᠮᠡᠨ ᠲᠡᠭᠰᠢ ᠳᠥᠷᠪᠡᠯᠵᠢᠨ ᠮᠧᠲᠷ᠃ | 3᠂ ᠬᠤᠨᠢᠨ ᠳᠠᠯᠠᠢ ᠶᠢᠨ ᠠᠮᠢ ᠠᠬᠤᠢ ᠶᠢᠨ ᠴᠡᠴᠡᠷᠯᠢᠭ ᠢ ᠨᠣᠭᠤᠭᠠᠷᠠᠭᠤᠯᠬᠤ ᠠᠵᠢᠯ ᠢ ᠦᠷᠭᠦᠯᠵᠢᠯᠡᠨ | ᠲᠡᠭᠦᠯᠳᠡᠷᠵᠢᠭᠦᠯᠣᠨ ᠳᠡᠭᠡᠭᠰᠢᠯᠡᠭᠦᠯᠵᠦ᠂ ᠤᠯᠤᠰ ᠤᠨ ᠲᠡᠰ ᠤᠨ ᠠᠮᠢ ᠠᠬᠤᠢ ᠶᠢᠨ ᠴᠡᠴᠡᠷᠯᠢᠭ ᠢ ᠡᠷᠡᠮᠡᠯᠵᠡᠬᠦ ᠳᠤ | ᠰᠠᠶᠢᠨ ᠰᠠᠶᠢᠬᠠᠨ ᠰᠠᠭᠤᠷᠢ ᠲᠠᠯᠪᠢᠵᠤ ᠥᠭᠭᠦᠨ᠎ᠡ᠃ | 4᠂ ᠥᠩᠭᠡᠷᠡᠭᠰᠡᠨ ᠵᠢᠯ ᠤᠳ ᠤᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠪᠠ ᠰᠢᠨ᠎ᠡ | ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠢᠨᠵᠧᠨᠧᠷᠢᠩ ᠢ ᠰᠢᠯᠭᠠᠨ ᠠᠪᠬᠤ᠂ | ᠨᠥᠬᠦᠵᠦ ᠲᠠᠷᠢᠬᠤ ᠵᠢᠴᠢ ᠪᠡᠯᠡ ᠮᠥᠩᠭᠦ ᠶᠢ ᠪᠡᠶᠡᠯᠡᠭᠦᠯᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ | 5᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢ ᠪᠣᠳᠠᠲᠠᠶᠢᠵᠢᠭᠤᠯᠬᠤ ᠶᠢᠨ ᠬᠠᠮᠲᠤ | ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠬᠠᠮᠠᠭᠠᠯᠠᠭᠴᠢ᠂ ᠳᠠᠩᠰᠠ ᠡᠪᠬᠡᠮᠡᠯ ᠪᠠᠶᠢᠭᠤᠯᠤᠨ | ᠺᠠᠷᠲ ᠵᠣᠬᠢᠶᠠᠭᠰᠠᠨ ᠠᠮᠢ ᠠᠬᠤᠶ ᠶᠢᠨ ᠣᠶ ᠬᠠᠮᠠᠭᠠᠯᠠᠭᠴᠢ ᠵᠢᠴᠢ ᠨᠤᠲᠤᠭ ᠪᠡᠯᠴᠢᠭᠡᠷ ᠤᠨ ᠬᠠᠮᠢᠶᠠᠷᠤᠨ | ᠬᠠᠮᠠᠭᠠᠯᠠᠭᠴᠢ ᠶᠢ ᠰᠣᠩᠭᠤᠨ ᠤᠷᠢᠬᠤ᠂ ᠪᠣᠯᠪᠠᠰᠤᠷᠠᠭᠤᠯᠬᠤ ᠪᠠ ᠴᠠᠯᠢᠩ ᠢ ᠪᠣᠳᠠᠲᠠᠶᠢᠵᠢᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠶ᠃ | 6᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠬᠦ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠰᠠᠯᠭᠠᠨ ᠥᠭᠬᠦ ᠠᠵᠢᠯ ᠢ ᠢᠳᠡᠪᠬᠢᠲᠡᠶ ᠪᠠᠷ ᠭᠤᠶᠤᠴᠢᠯᠠᠬᠤ ᠬᠡᠷᠡᠭᠲᠡᠶ᠃ | 7. ᠠᠯᠪᠠᠨ ᠵᠢᠷᠤᠮ ᠤᠨ ᠮᠣᠳᠣ ᠲᠠᠷᠢᠬᠤ᠂ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠰᠡᠶᠢᠳᠣᠷ ᠬᠢᠬᠦ ᠶᠢᠨ ᠬᠠᠮᠲᠤ ᠳ᠋ᠠ ᠯᠢᠦ ᠬᠤᠣ ᠪᠠᠯᠭᠠᠰᠤᠨ ᠤ ᠳ᠋ᠠ ᠰᠢ ᠭᠸᠦ ᠲᠣᠰᠬᠤᠨ ᠤ ᠠᠷᠠᠳ ᠤᠨ | ᠵᠦᠪᠯᠡᠯ ᠤᠨ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | 8᠂ ᠪᠠᠶᠠᠨᠴᠠᠭᠠᠨ ᠪᠠᠯᠭᠠᠰᠤ ᠶᠢᠨ ᠦᠨᠳᠦᠰᠦᠨ ᠱᠠᠲᠤᠨ ᠤ ᠣᠢ ᠰᠢᠭᠤᠶ ᠶᠢᠨ ᠠᠵᠤ ᠦᠢᠯᠡᠳᠪᠣᠷᠢ ᠶᠢᠨ | ᠥᠷᠲᠡᠭᠡ ᠶᠢᠨ ᠪᠡᠷᠢᠮᠶᠡᠵᠢᠭᠤᠯᠣᠯᠣᠯᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ | 9. ᠣᠢ ᠰᠢᠭᠤᠶ ᠶᠢᠨ ᠳᠠᠭᠠᠳᠬᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | 10. ᠲᠡᠭᠡᠳᠦ ᠱᠠᠲᠤᠨ ᠠᠴᠠ ᠪᠠᠭᠤᠯᠭᠠᠭᠰᠠᠨ 3 ᠲᠦᠮᠡᠨ ᠮᠦ ᠣᠢ ᠰᠢᠭᠤᠢ ᠶᠢ ᠠᠷᠠᠴᠢᠯᠠᠨ ᠪᠤᠶᠢᠵᠢᠭᠤᠯᠬᠤ | ᠡᠭᠦᠷᠭᠡ ᠶᠢ ᠰᠡᠶᠢᠳᠣᠷ ᠬᠢᠨ᠎ᠡ᠃ | — ᠣᠷᠣᠨ ᠨᠤᠲᠤᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠠᠵᠢᠯ | ᠨᠢᠭᠡ ᠳᠤ᠂ ᠠᠶᠢᠯ ᠲᠣᠰᠬᠤᠨ ᠢ ᠨᠣᠭᠤᠭᠠᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠡᠶᠢᠳᠠᠪᠣᠷᠢᠵᠢᠭᠤᠯᠬᠤ ᠶᠢᠨ ᠲᠤᠰᠠᠳᠠ ᠬᠤᠲᠠ 20 ᠠᠶᠢᠯ ᠲᠣᠰᠬᠤᠨ | ᠪᠠ 1 ᠬᠤᠲᠠ ᠪᠠᠯᠭᠠᠰᠤ ᠶᠢᠨ ᠡᠷᠭᠢᠨ ᠲᠣᠭᠤᠷᠢᠨ ᠤ ᠨᠣᠭᠤᠭᠠᠷᠠᠭᠤᠯᠤᠯᠲᠠ ︵ᠡᠭᠦᠨ ᠳᠤ ᠤᠯᠤᠰ ᠤᠨ ᠲᠡᠰ ᠤᠨ ᠣᠢ | ᠰᠢᠭᠤᠶ ᠶᠢᠨ ᠲᠣᠰᠬᠤᠨ ᠤ ᠪᠦᠲᠦᠭᠡᠨ ᠪᠠᠶᠢᠭᠤᠯᠤᠯᠲᠠ 2 ᠪᠤᠢ︶ ᠪᠠᠭᠤᠯᠬᠠᠬᠤ ᠪᠠᠷ ᠲᠥᠯᠥᠪᠯᠡᠵᠦ ᠪᠠᠶᠢᠨ᠎ᠠ᠃ | ᠬᠤᠶᠠᠷ ᠲᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠨᠢᠭᠡᠨᠲᠡ | ᠬᠤᠭᠤᠴᠠᠭ᠎ᠠ ᠨᠢ ᠲᠤᠯᠤᠭᠰᠠᠨ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠂ | ᠠᠰᠠᠷᠠᠨ ᠬᠥᠮᠦᠵᠢᠭᠦᠯᠬᠦ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠷᠠᠨ ᠬᠥᠮᠦᠵᠢᠭᠦᠯᠬᠦ ᠪᠠᠯᠠ ᠮᠦᠩᠬᠦ ᠶᠢ | ᠢᠳᠡᠪᠬᠢᠲᠡᠶ ᠪᠠᠷ ᠳᠡᠭᠡᠳᠦ ᠱᠠᠲᠤᠨ ᠳᠤ ᠭᠤᠶᠤᠴᠢᠯᠠᠨ᠎ᠠ᠃ | — ᠡᠩ ᠤᠨ ᠠᠵᠢᠯ | 1᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠨᠢᠭᠡ ᠳᠤ᠂ ︽ᠤᠭ ᠰᠠᠨᠠᠭ᠎ᠠ ᠪᠠᠨ ᠦᠯᠦ | ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠣᠪᠳᠦ ᠬᠥᠮᠦᠵᠢᠯ ᠤᠨ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠡᠶᠢᠳᠡᠪᠣᠷᠢᠵᠢᠭᠤᠯᠬᠤ᠂ ᠰᠤᠷᠭᠠᠨ ᠬᠥᠮᠦᠵᠢᠯ ᠢ ᠪᠠᠶᠢᠩᠭᠤᠵᠢᠭᠤᠯᠬᠤ ᠶᠢ | ᠦᠨᠡᠨ ᠬᠦ ᠪᠡᠶᠡᠯᠡᠭᠦᠯᠦᠨ᠎ᠡ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠨ᠎ᠡ᠃ ᠭᠤᠷᠪᠠ ᠳᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠡᠶᠢᠵᠢᠷᠠᠭᠤᠯᠬᠤ ᠠᠰᠠᠭᠤᠳᠠᠯ᠂ ︽ᠡᠷᠬᠢᠨ ᠬᠠᠷᠠᠬᠤ︾᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ ᠪᠤᠰᠤᠳᠴᠢ ᠨᠥᠬᠦᠴᠡᠯ ᠤᠨ ᠬᠢᠵᠠᠭᠠᠷᠯᠠᠯ ᠳᠤ ᠲᠦᠷ ᠴᠠᠭ | ᠰᠢᠢᠳᠪᠦᠷᠢᠯᠡᠭᠳᠡᠵᠦ ᠴᠢᠳᠠᠬᠤ ᠦᠭᠡᠢ ᠪᠣᠯ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ | ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠯᠬᠤᠮ ᠠᠯᠬᠤᠮ ᠢᠶᠠᠷ ᠰᠢᠳᠪᠣᠷᠢᠯᠡᠵᠦ᠂ ᠴᠡᠭᠴᠡᠯᠡᠨ | ᠰᠡᠶᠢᠵᠢᠷᠠᠭᠤᠯᠬᠤ ᠶᠢ ᠦᠨᠡᠨ ᠬᠦ ᠪᠠᠲᠤᠯᠠᠨ᠂ ᠰᠠᠶᠢᠨ ᠰᠠᠶᠢᠬᠠᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠪᠠᠷ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠳᠤ ᠦᠢᠯᠡᠴᠢᠯᠡᠨ᠎ᠡ᠃ | 2᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠠᠵᠢᠯ ᠢ ᠰᠠᠶᠢᠲᠤᠷ ᠬᠢᠨ᠎ᠡ᠃ ᠳᠡᠭᠡᠳᠦ ᠱᠠᠲᠤᠨ ᠤ | ᠪᠠᠭᠤᠯᠭᠠᠭᠰᠠᠨ ᠡᠭᠦᠷᠭᠡ ᠶᠢᠨ ᠲᠥᠯᠥᠪᠯᠡᠭᠡ ᠶᠣᠰᠣᠭᠠᠷ᠂ ᠠᠭᠤᠷᠬᠠᠶ ᠶᠢᠨ ᠡᠪᠳᠡᠭᠳᠡᠭᠰᠡᠨ ᠨᠣᠳᠤᠭ ᠪᠡᠯᠴᠢᠭᠡᠷ ᠢ 0.1 | ᠲᠦᠮᠡᠨ ᠮᠥ ᠵᠠᠰᠠᠪᠠ᠃ 1.2 ᠲᠦᠮᠡᠨ ᠮᠦ ᠬᠡᠭᠡᠷ᠎ᠡ ᠶᠢᠨ ᠡᠪᠡᠰᠦᠨ ᠤ ᠲᠥᠷᠥᠯ ᠢ ᠴᠤᠭᠯᠠᠭᠤᠯᠤᠨ᠎ᠠ᠃ ᠨᠢᠭᠡᠨᠲᠡ | ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ 0.5 ᠲᠦᠮᠡᠨ ᠮᠦ ᠳᠤ ᠬᠦᠷᠴᠡᠢ᠂ 0.4 | ᠲᠦᠮᠡᠨ ᠮᠦ ᠮᠠᠭᠤᠳᠠᠭᠰᠠᠨ ᠬᠠᠳᠤᠯᠠᠩ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ 0.1 ᠲᠦᠮᠡᠨ ᠮᠦ | ᠡᠪᠡᠰᠦᠨ ᠦᠷ᠎ᠡ ᠶᠢᠨ ᠰᠠᠭᠤᠷᠢᠨ ᠭᠠᠵᠠᠷ ᠢ ᠰᠡᠷᠭᠦᠭᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠬᠦ ᠴᠢᠭ 1 ᠶᠢ ᠪᠦᠲᠦᠭᠡᠨ ᠪᠠᠶᠢᠭᠤᠯᠤᠨ᠎ᠠ᠃ | 3᠂ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠠᠵᠢᠯ ᠢ | ᠦᠷᠭᠦᠯᠵᠢᠯᠡᠨ ᠲᠡᠭᠦᠯᠳᠡᠷᠵᠢᠭᠦᠯᠣᠨᠡ᠃ ᠵᠢᠯ ᠪᠦᠷᠢ 200 ᠮᠦ ᠴᠢᠬᠢ ᠮᠣᠳᠣ ᠪᠤᠶᠢᠵᠢᠭᠤᠯᠬᠤ ᠶᠢ ᠪᠡᠶᠡᠯᠡᠭᠦᠯᠵᠦ᠂ | ᠳᠡᠭᠡᠳᠦ ᠱᠠᠲᠤ ᠲᠠᠢ ᠢᠳᠡᠪᠬᠢᠲᠡᠶ ᠪᠠᠷ ᠨᠡᠪᠲᠡᠷᠡᠯᠴᠡᠵᠦ᠂ ᠣᠢ ᠰᠢᠭᠤᠶ ᠶᠢᠨ ᠲᠠᠯᠠᠪᠠᠢ ᠶᠢᠨ 2000 ᠮᠦ | ᠪᠣᠯᠪᠠᠰᠤᠷᠠᠭᠰᠠᠨ ᠤᠢ ᠶᠢ ᠰᠢᠨᠡᠳᠬᠡᠨ ᠣᠭᠲᠣᠯᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠢᠶᠠᠷᠴᠤ ᠬᠠᠮᠠᠭᠠᠯᠠᠬᠤ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠢ ᠢᠳᠡᠪᠬᠢᠳᠡᠢ ᠴᠢᠷᠮᠠᠶᠢᠨ ᠣᠯᠵᠤ᠂ ᠬᠠᠮᠢᠶᠠᠷᠴᠤ | ᠬᠠᠮᠠᠭᠠᠯᠠᠬᠤ ᠥᠷᠲᠡᠭᠡ 2 ᠶᠢ ᠪᠠᠶᠢᠭᠤᠯᠬᠤ ᠪᠠᠷ ᠲᠥᠯᠥᠪᠯᠡᠵᠦ ᠪᠣᠢ᠃ | 4. ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︵2013︶ 70 ᠳ᠋ᠤᠭᠠᠷ ᠲᠣᠭᠠᠲᠤ︾ ᠶᠢᠨ ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠶᠣᠰᠣᠭᠠᠷ | ᠬᠤᠰᠢᠭᠤ ᠰᠢᠶᠠᠨ ᠤ ᠱᠠᠲᠤ ᠨᠢ 20 — 30 ᠬᠥᠮᠦᠨ ᠤ ᠭᠠᠯ ᠰᠡᠷᠭᠡᠶᠢᠯᠡᠨ ᠭᠠᠯ ᠣᠨᠳᠠᠷᠠᠭᠠᠬᠤ ᠲᠤᠰᠬᠠᠶ | ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃ ᠳᠠᠷᠠᠭ᠎ᠠ ᠠᠯᠬᠤᠮ ᠳᠤ ᠭᠠᠯ ᠰᠡᠷᠭᠡᠶᠢᠯᠡᠬᠦ ᠡᠩᠨᠡᠭᠡ ᠶᠢ | ᠴᠢᠩᠭᠠᠳᠬᠠᠬᠤ ᠪᠠᠷ ᠢᠳᠡᠪᠬᠢᠯᠡᠨ ᠭᠤᠶᠤᠴᠢᠯᠠᠭᠰᠠᠨ ᠬᠦᠮᠣᠰ ᠢᠶᠠᠨ ᠲᠡᠭᠦᠯᠳᠡᠷᠵᠢᠭᠦᠯᠬᠦ ᠬᠡᠷᠡᠭᠲᠡᠶ᠃ | 5᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠬᠢᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠦᠷᠭᠦᠯᠵᠢᠯᠡᠨ ᠶᠡᠬᠡᠪᠡᠷ ᠤᠬᠠᠭᠤᠯᠵᠤ᠂ ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠤ | ᠮᠠᠯᠵᠢᠬᠤ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠠᠵᠢᠯ ᠢ ᠭᠦᠨᠵᠡᠭᠡᠶ ᠣᠶᠢᠯᠭᠠᠨ᠂ ᠮᠠᠯᠵᠢᠬᠤ ᠶᠢ ᠴᠠᠭᠠᠵᠠᠯᠠᠵᠤ | ᠬᠠᠰᠢᠶᠠᠯᠠᠨ ᠲᠡᠵᠢᠭᠡᠬᠦ ᠠᠵᠢᠯ ᠤᠨ ᠴᠢᠬᠤᠯᠠ ᠴᠢᠨᠠᠷ ᠢ ᠳᠠᠮᠵᠢᠵᠤ᠂ ᠲᠠᠨᠢᠯᠲᠠ ᠪᠠᠨ ᠪᠣᠳᠠᠲᠠᠶᠢᠵᠢᠭᠤᠯᠵᠤ᠂ | ᠬᠠᠮᠵᠢᠯᠴᠠᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠬᠥᠮᠦᠨ ᠪᠦᠬᠦᠨ | ᠮᠡᠳᠡᠬᠦ᠂ ᠬᠥᠮᠦᠨ ᠪᠦᠬᠦᠨ ᠮᠡᠳᠡᠬᠦ ᠦᠷ᠎ᠡ ᠪᠦᠳᠣᠮᠵᠢ ᠶᠢ ᠦᠨᠡᠨᠬᠦ ᠪᠠᠳᠠᠷᠠᠭᠤᠯᠬᠤ ᠬᠡᠷᠡᠭᠲᠡᠶ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠢ ᠨᠠᠩ ᠰᠠᠶᠢᠨ ᠥᠷᠨᠢᠭᠦᠯᠬᠦ ᠶᠢᠨ ᠲᠥᠯᠥᠭᠡ᠂ ᠬᠤᠰᠢᠭᠤ ᠵᠠᠰᠠᠭ ᠤᠨ ᠣᠷᠳᠣᠨ ᠳᠤ | ᠢᠳᠡᠪᠬᠢᠲᠡᠶ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷ ᠭᠤᠶᠤᠴᠢᠯᠠᠭᠰᠠᠨ ᠬᠥᠮᠦᠰ ᠪᠡᠯᠴᠢᠭᠡᠷᠯᠡᠭᠦᠯᠬᠦ ᠶᠢ | ᠴᠠᠭᠠᠵᠠᠯᠠᠬᠤ ᠡᠩᠨᠡᠭᠡ ᠶᠢ ᠲᠡᠭᠦᠯᠳᠡᠷᠵᠢᠭᠦᠯᠦᠨ ᠪᠤᠵᠠᠭᠠᠶᠢᠷᠠᠭᠤᠯᠤᠨ᠎ᠠ᠃ | 6᠂ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠨ᠎ᠡ᠃ ᠨᠢᠭᠡ ᠳᠤ᠂ ᠬᠤᠲᠠ ᠶᠢᠨ ᠲᠣᠪᠴᠢᠶ᠎ᠠ ᠠᠴᠠ ᠪᠠᠭᠤᠯᠭᠠᠭᠰᠠᠨ ᠵᠤᠯᠵᠠᠭ᠎ᠠ ᠮᠣᠳᠣᠨ ᠤ ᠬᠦᠷᠢᠶᠡᠯᠡᠩ ᠤᠨ | ᠪᠦᠲᠦᠭᠡᠨ ᠪᠡᠶᠢᠭᠤᠯᠣᠯᠳᠠ ᠶᠢᠨ ᠬᠤᠯᠪᠣᠭᠳᠠᠯ ᠪᠦᠬᠦᠢ ᠡᠭᠦᠷᠭᠡ ᠶᠢᠨ ᠶᠣᠰᠣᠭᠠᠷ᠂ ᠮᠢᠩᠭᠠᠨ ᠮᠦ ᠪᠠ ᠨᠢᠭᠡ ᠵᠠᠭᠤᠨ ᠮᠦ | ᠰᠣᠳᠣᠨ ᠵᠤᠯᠵᠠᠭ᠎ᠠ ᠮᠣᠳᠣᠨ ᠤ ᠬᠦᠷᠢᠶᠡᠯᠡᠩ ᠪᠠᠶᠢᠭᠤᠯᠬᠤ ᠪᠠᠷ ᠲᠥᠯᠥᠪᠯᠡᠨ᠎ᠡ᠃ ᠬᠤᠶᠠᠷ ᠲᠤ᠂ ᠰᠤᠮᠤ ᠰᠢᠶᠠᠩ | ᠪᠠᠯᠭᠠᠰᠤ ᠨᠢᠭᠡᠪᠦᠷᠢ ᠴᠥᠮ ᠵᠤᠯᠵᠠᠭ᠎ᠠ ᠮᠣᠳᠣᠨ ᠤ ᠬᠦᠷᠢᠶᠡᠯᠡᠩ ᠪᠠᠶᠢᠭᠤᠯᠵᠤ᠂ ᠵᠤᠯᠵᠠᠭ᠎ᠠ ᠮᠣᠳᠣᠨ ᠤ ᠬᠦᠷᠢᠶᠡᠯᠡᠩ ᠢ | ᠪᠦᠬᠦᠨ ᠢ ᠬᠠᠮᠤᠷᠤᠭᠤᠯᠬᠤ ᠳᠤ ᠬᠦᠷᠦᠭᠦᠯᠬᠦ ᠬᠡᠷᠡᠭᠲᠡᠶ᠃ ᠭᠤᠷᠪᠠ ᠳᠤ᠂ 5000 ᠮᠦ ᠨᠢᠮᠪᠡᠭᠡ ᠪᠠᠷ ᠦᠷ᠎ᠡ ᠠᠪᠬᠤ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠤᠨ ᠨᠢᠮᠪᠡᠭᠡ ᠪᠠᠷ ᠦᠷ᠎ᠡ ᠠᠪᠬᠤ ᠬᠡᠮᠵᠢᠶ᠎ᠡ ᠶᠢ 3 ᠲᠦᠮᠡᠨ | ᠵᠢᠩ ᠳᠤ ᠬᠦᠷᠭᠡᠨ᠎ᠡ᠃ | 7. ᠣᠢ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ | ᠰᠡᠶᠢᠳᠣᠷ ᠬᠢᠨ᠎ᠡ᠃ ᠨᠢᠭᠡ ᠳᠤ ︽ᠤᠷᠭᠤᠮᠠᠯ ᠬᠢᠵᠢᠭ ᠪᠠᠶᠢᠴᠠᠭᠠᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ | ᠬᠡᠷᠡᠭᠵᠢᠭᠦᠯᠵᠦ᠂ ᠬᠠᠪᠤᠷ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠣᠷᠭᠢᠯ ᠤᠨ ᠬᠤᠭᠤᠴᠠᠭᠠᠨ ᠳᠤ ᠴᠢᠬᠢ | ᠮᠣᠳᠣ ᠶᠢ ᠮᠠᠨ ᠤ ᠬᠤᠰᠢᠭᠤᠨ ᠳᠤ ᠰᠢᠯᠵᠢᠭᠦᠯᠦᠨ ᠣᠷᠣᠭᠤᠯᠬᠤ ᠬᠢᠵᠢᠭ ᠪᠠᠶᠢᠴᠠᠭᠠᠬᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠣᠨᠴᠠᠭᠠᠶᠢᠯᠠᠨ ᠠᠮᠧᠷᠢᠺᠠ ᠶᠢᠨ ᠴᠠᠭᠠᠨ ᠡᠷᠪᠡᠬᠡᠢ᠂ ᠬᠠᠶᠢᠯᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ | ᠮᠠᠨ ᠤ ᠬᠤᠰᠢᠭᠤᠨ ᠳᠤ ᠬᠠᠯᠳᠠᠪᠤᠷᠢᠯᠠᠨ ᠣᠷᠣᠵᠤ ᠢᠷᠡᠬᠦ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠦᠨᠡᠨᠬᠦ ᠰᠠᠶᠢᠲᠤᠷ ᠬᠢᠨ᠎ᠡ᠃ ᠬᠤᠶᠠᠷ ᠲᠤ ︽ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠳᠦᠷᠢᠮ︾ ᠢ ᠴᠢᠩᠭ᠎ᠠ ᠲᠤᠤᠱᠯᠠᠭᠤᠯᠤᠨ ᠨᠡᠶᠢᠳᠠᠪᠣᠷᠢᠵᠢᠭᠤᠯᠬᠤ᠂ ᠮᠠᠨ ᠤ ᠬᠤᠰᠢᠭᠤᠨ ᠤ ᠣᠢ | ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠰᠢᠰᠲ᠋ᠧᠮ ᠢ ᠪᠦᠷᠢᠨ | ᠪᠣᠯᠭᠠᠨ ᠲᠡᠭᠦᠯᠳᠡᠷᠵᠢᠭᠦᠯᠵᠦ᠂ ᠣᠳᠣ ᠪᠠᠶᠢᠭ᠎ᠠ ᠣᠢ ᠰᠢᠭᠤᠶ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠴᠢᠩᠭᠠᠳᠬᠠᠵᠤ | ᠂ ᠢᠯᠠᠩᠭᠤᠶ᠎ᠠ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠡᠪᠡᠳᠴᠢᠨ ᠬᠤᠷᠣᠬᠠᠶ ᠶᠢᠨ | ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠠᠵᠢᠯ᠃ ᠭᠤᠷᠪᠠ ᠳᠤ ᠨᠤᠲᠤᠭ ᠪᠡᠯᠴᠢᠭᠡᠷ ᠤᠨ ᠬᠤᠯᠤᠭᠠᠨ᠎ᠠ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠵᠢᠯ ᠪᠦᠷᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠥᠷᠨᠢᠭᠦᠯᠵᠦ᠂ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠵᠢᠯ ᠪᠦᠷᠢ 75 ᠲᠦᠮᠡᠨ ᠮᠦ | ᠣᠷᠴᠢᠮ ᠰᠡᠷᠭᠡᠶᠢᠯᠡᠨ ᠵᠠᠰᠠᠬᠤ ᠬᠡᠷᠡᠭᠲᠡᠶ᠃ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠪᠠᠷ ᠭᠤᠤᠯ ᠪᠣᠯᠭᠠᠨ᠂ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠬᠦ ᠠᠷᠭ᠎ᠠ ᠶᠢ ᠠᠪᠤᠨ᠎ᠠ᠃ | 8᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠯ᠎ᠡ ᠵᠦᠶ᠋ᠯ ᠤᠨ ᠠᠵᠢᠯ ᠢ ᠦᠷᠭᠦᠯᠵᠢᠯᠡᠨ ᠰᠠᠶᠢᠲᠤᠷ | ᠲᠡᠭᠦᠯᠳᠡᠷᠵᠢᠭᠦᠯᠣᠨᠡ᠃ ᠠᠮᠢ ᠠᠬᠤᠶ ᠪᠠᠷ ᠶᠠᠳᠠᠭᠤ ᠶᠢ ᠲᠡᠳᠬᠦᠬᠦ ᠠᠵᠢᠯ ᠢ ᠨᠠᠩ ᠰᠠᠶᠢᠨ ᠪᠠᠳᠠᠷᠠᠭᠤᠯᠵᠤ᠂ ᠠᠮᠢ | ᠠᠬᠤᠶ ᠪᠠᠷ ᠶᠠᠳᠠᠭᠤ ᠶᠢ ᠲᠡᠳᠬᠦᠬᠦ ᠵᠠᠭᠪᠤᠷ ᠢ ᠢᠳᠡᠪᠬᠢᠲᠡᠶ ᠪᠠᠷ ᠰᠢᠨᠡᠴᠢᠯᠡᠬᠦ ᠶᠢᠨ ᠲᠥᠯᠥᠭᠡ᠂ ᠪᠦᠬᠦ ᠬᠤᠰᠢᠭᠤᠨ ᠤ | ᠣᠢ ᠰᠢᠭᠤᠶ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠨᠡᠶᠢᠭᠡᠮ ᠤᠨ ᠠᠵᠤ ᠠᠬᠤᠶᠢᠯᠠᠯ ᠠᠴᠠ | ᠠᠷᠠᠯᠵᠢᠶᠠᠴᠢᠨ ᠤᠷᠢᠵᠤ᠂ ᠣᠢ ᠰᠢᠭᠤᠶ ᠶᠢᠨ ᠡᠬᠢ ᠪᠠᠶᠠᠯᠢᠭ ᠲᠤ ᠨᠢᠮᠪᠡᠭᠡ ᠶᠢ ᠪᠣᠯᠪᠠᠰᠤᠷᠠᠭᠤᠯᠤᠨ ᠠᠰᠢᠭᠯᠠᠵᠦ᠂ ᠡᠩᠬᠡ | ᠲᠠᠶᠢᠪᠤᠩ ᠢ ᠰᠡᠷᠭᠦᠭᠡᠨ ᠬᠦᠴᠦᠷᠬᠡᠭᠵᠢᠭᠦᠯᠦᠨ᠎ᠡ᠃ ᠬᠥᠳᠡᠯᠮᠦᠷᠢ ᠬᠦᠴᠦ ᠣᠷᠣᠭᠤᠯᠬᠤ ᠠᠷᠭ᠎ᠠ ᠮᠠᠶ᠋ᠢᠭ ᠢᠶᠠᠷ ᠶᠠᠳᠠᠭᠤ | ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠣᠨ᠎ᠡ᠃ ᠤᠢ ᠰᠢᠭᠤᠢ ᠶᠢᠨ ᠠᠵᠤ ᠦᠢᠯᠡᠰ ᠤᠨ | ᠬᠥᠭᠵᠢᠯᠲᠡ ᠶᠢ ᠭᠦᠢᠴᠡᠳ ᠠᠰᠢᠭᠯᠠᠵᠤ᠂ ᠪᠦᠬᠦ ᠬᠤᠰᠢᠭᠤᠨ ᠤ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃ | 9. ᠤᠢ ᠰᠢᠭᠤᠶ ᠶᠢᠨ ᠶᠠᠪᠤᠳᠠᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ ᠣᠢ | ᠰᠢᠭᠤᠶ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ | ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠬᠡᠷᠡᠭ ᠲᠤ | ᠴᠣᠬᠢᠯᠲᠠ ᠥᠭᠭᠦᠨ᠎ᠡ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ︾ ᠲᠠᠢ | ᠤᠶᠠᠯᠳᠤᠭᠤᠯᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯᠯᠠᠭ᠎ᠠ ᠨᠢ ᠷᠠᠳᠢᠣ᠋ ᠨᠡᠪᠲᠡᠷᠡᠭᠦᠯᠭᠡ᠂ | ᠲᠧᠯᠸᠢᠰ᠂ ᠰᠣᠨᠢᠨ᠂ ᠸᠢᠴᠠᠲ ᠰᠦᠯᠵᠡᠶᠡᠨ ᠤ ᠲᠠᠪᠴᠠᠩ ᠢ ᠠᠰᠢᠭᠯᠠᠨ ᠣᠶ ᠰᠢᠭᠤᠶ ᠨᠤᠲᠤᠭ ᠪᠡᠯᠴᠢᠭᠡᠷ ᠤᠨ ᠬᠠᠤᠯᠢ | ᠴᠠᠭᠠᠵᠠ ᠬᠠᠤᠯᠢ ᠲᠣᠭᠲᠠᠭᠠᠯ ᠤᠨ ᠣᠬᠠᠭᠤᠯᠭ᠎ᠠ ᠶᠢ ᠴᠢᠩᠬᠠᠳᠬᠠᠵᠠᠶ᠃ ᠤᠬᠠᠭᠤᠯᠭ᠎ᠠ ᠬᠢᠬᠦ ᠪᠠᠷ ᠳᠠᠮᠵᠢᠭᠤᠯᠤᠨ᠂ ᠪᠦᠬᠦ | ᠠᠷᠠᠳ ᠤᠨ ᠤᠢ ᠰᠢᠭᠤᠶ ᠨᠤᠲᠤᠭ ᠪᠡᠯᠴᠢᠭᠡᠷ ᠤᠨ ᠲᠤᠬᠠᠶ ᠬᠠᠤᠯᠢ ᠲᠦᠷᠢᠮ ᠤᠨ ᠦᠵᠡᠯᠲᠡ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠣᠢ ᠰᠢᠭᠤᠶ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠣᠢ ᠰᠢᠭᠤᠶ | ᠡᠪᠡᠰᠦ ᠶᠢ ᠡᠪᠳᠡᠨ ᠬᠠᠭᠠᠯᠪᠣᠷᠢᠯᠠᠬᠤ᠂ ᠣᠢ ᠰᠢᠭᠤᠶ ᠡᠪᠡᠰᠦᠲᠦ ᠭᠠᠵᠠᠷ ᠲᠤ ᠬᠠᠤᠯᠢ ᠪᠤᠰᠤ ᠪᠠᠷ ᠴᠢᠯᠠᠭᠤ ᠮᠠᠯᠲᠠᠵᠤ | ᠡᠯᠡᠰᠦ ᠮᠠᠯᠲᠠᠬᠤ ᠵᠡᠷᠭᠡ ᠣᠢ ᠰᠢᠭᠤᠶ ᠡᠪᠡᠰᠦᠲᠦ ᠭᠠᠵᠠᠷ ᠤᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠣᠬᠢᠯᠲᠠ ᠥᠭᠬᠦ ᠦᠢᠯᠡ ᠠᠵᠢᠯᠯᠠᠭ᠎ᠠ ᠶᠢ | ᠥᠷᠨᠢᠭᠦᠯᠬᠦ ᠬᠡᠷᠡᠭᠲᠡᠶ᠃ ᠬᠤᠶᠠᠷ ᠲᠤ ᠣᠢ ᠰᠢᠭᠤᠶ ᠨᠤᠲᠤᠭ ᠪᠡᠯᠴᠢᠭᠡᠷ ᠤᠨ ᠵᠠᠬᠢᠳᠠᠯ ᠰᠤᠷᠪᠤᠯᠵᠢᠯᠠᠭ᠎ᠠ ᠪᠠᠷ | ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠣᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠶᠢ ᠭᠦᠢᠴᠡᠳᠬᠡᠬᠦ ᠳᠡᠭᠡᠨ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ | ᠭᠤᠣᠯᠴᠢ ᠪᠠᠷ ᠬᠡᠷᠡᠭ ᠡᠷᠬᠢᠯᠡᠨ᠂ ᠪᠣᠳᠠᠲᠤ ᠬᠡᠷᠡᠭ ᠢ ᠪᠠᠶᠢᠴᠠᠭᠠᠨ ᠲᠣᠳᠣᠯᠠᠵᠤ᠂ ᠬᠠᠷᠢᠭᠤᠴᠠᠯᠭ᠎ᠠ ᠶᠢ ᠲᠣᠳᠣᠷᠬᠠᠢ | ᠢᠯᠭᠠᠨ᠂ ᠵᠥᠪ ᠢᠶᠠᠷ ᠬᠥᠲᠥᠯᠥᠨ ᠵᠢᠯᠣᠭᠤᠳᠴᠤ᠂ ᠴᠠᠭ ᠲᠤᠬᠠᠶ ᠳᠤᠨᠢ᠂ ᠲᠣᠬᠢᠷᠠᠮᠵᠢᠲᠠᠶ᠂ ᠵᠥᠪ ᠰᠢᠢᠳᠪᠣᠷᠢᠯᠡᠬᠦ | ᠬᠡᠷᠡᠭᠲᠡᠶ᠃ ᠭᠤᠷᠪᠠ ᠳᠤ 2020 ᠣᠨ ᠤ ᠤᠢ ᠰᠢᠭᠤᠶ ᠶᠢ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠪᠡ᠃ | ᠲᠡᠭᠡᠳᠦ ᠱᠠᠲᠤᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠮᠠᠨ ᠤ | ᠬᠤᠰᠢᠭᠤᠨ ᠳᠤ ᠪᠠᠭᠤᠯᠭᠠᠭᠰᠠᠨ 2020 ᠣᠨ ᠤ ᠣᠢ ᠰᠢᠭᠤᠢ ᠶᠢᠨ ᠬᠢᠨᠠᠨ ᠪᠡᠶᠢᠴᠠᠭᠠᠵᠦ ᠬᠢᠨᠠᠨ ᠪᠠᠶᠢᠴᠠᠭᠠᠬᠤ | ᠡᠭᠦᠷᠭᠡ ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠠᠵᠢᠯ ᠤᠨ ᠠᠬᠢᠴᠠ ᠪᠠ ᠭᠠᠳᠠᠨᠠᠬᠢ ᠠᠵᠢᠯ ᠤᠨ ᠪᠠᠶᠢᠴᠠᠭᠠᠯᠲᠠ ᠶᠢᠨ | ᠬᠤᠷᠢᠶᠠᠩᠭᠤᠶᠢᠯᠠᠯ ᠵᠢᠴᠢ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ | ᠬᠡᠷᠡᠭᠲᠡᠢ᠃ ᠲᠦᠷᠪᠡ ᠳᠤ 2020 ᠣᠨ ᠤ ᠣᠶᠢᠲᠤ ᠭᠠᠵᠠᠷᠢ ᠬᠤᠪᠢᠷᠠᠭᠤᠯᠬᠤ᠂ ᠤᠢ ᠰᠢᠭᠤᠶ ᠶᠢᠨ ᠡᠬᠢ ᠪᠠᠶᠠᠯᠢᠭ ᠢ | ᠰᠢᠨᠡᠳᠬᠡᠬᠦ ᠠᠵᠢᠯ ᠢ ᠰᠠᠶᠢᠲᠤᠷ ᠬᠢᠨ᠎ᠠ᠃ ᠮᠠᠨ ᠤ ᠬᠤᠰᠢᠭᠤᠨ ᠤ 2019ᠣᠨ ᠤ ᠣᠶᠢᠲᠤ ᠭᠠᠵᠠᠷ ᠢ ᠬᠤᠪᠢᠷᠠᠭᠤᠯᠬᠤ | ᠵᠢᠴᠢ ᠣᠢ ᠰᠢᠭᠤᠢ ᠶᠢᠨ ᠡᠬᠢ ᠪᠠᠶᠠᠯᠢᠭ ᠢ ᠰᠢᠨᠡᠳᠭᠡᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠡᠷᠭᠡᠵᠢᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠡᠭᠦᠷᠭᠡ ᠪᠠᠨ | ᠴᠢᠨᠠᠷ ᠢ ᠪᠠᠲᠤᠯᠠᠨ ᠪᠡᠶᠡᠯᠡᠭᠦᠯᠵᠦ᠂ ᠠᠵᠢᠯ ᠤᠨ ᠦᠷ᠎ᠡ ᠪᠦᠲᠦᠭᠡᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠲᠠᠪᠤ ᠳᠤ ᠣᠢ ᠰᠢᠭᠤᠶ ᠶᠢ ᠣᠭᠲᠣᠯᠬᠤ ᠵᠢᠴᠢ ᠰᠢᠨᠡᠳᠬᠡᠬᠦ ᠠᠵᠢᠯ ᠢ ᠰᠠᠶᠢᠲᠤᠷ ᠬᠢᠨ᠎ᠡ᠃ ᠮᠠᠨ ᠤ ᠬᠤᠰᠢᠭᠤᠨ ᠤ | ᠮᠣᠳᠣᠨ ᠤ ᠣᠯᠠᠩᠬᠢ ᠨᠢ ᠪᠤᠶᠢᠵᠢᠭᠰᠠᠨ ᠣᠢ ᠪᠣᠯᠵᠤ᠂ ᠬᠦᠨᠳᠦ ᠨᠣᠴᠢᠲᠠᠶ ᠬᠠᠳᠠᠵᠤ ᠦᠬᠦᠭᠰᠡᠨ ᠣᠭᠲᠣᠯᠤᠨ | ᠰᠢᠨᠡᠳᠬᠡᠬᠦ ᠴᠢᠬᠤᠯᠠᠲᠠᠶ᠂ ᠮᠠᠨ ᠤ ᠰᠠᠯᠠᠭ᠎ᠠ ᠮᠥᠴᠢᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠣᠶ | ᠰᠢᠭᠤᠶ ᠶᠢᠨ ᠬᠠᠤᠯᠢ︾᠂ ︽ᠣᠶ ᠰᠢᠭᠤᠶ ᠶᠢ ᠣᠭᠲᠣᠯᠤᠨ ᠰᠢᠨᠡᠳᠬᠡᠬᠦ ᠬᠠᠮᠢᠶᠠᠷᠤᠯᠲᠠ ᠶᠢᠨ ᠠᠷᠭ᠎ᠠ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠣᠭᠲᠣᠯᠬᠤ ᠦᠨᠡᠮᠯᠡᠯ ᠢ ᠣᠯᠭᠤᠨ᠎ᠠ᠃ ᠠᠵᠢᠯ ᠤᠨ | ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠲᠡᠭᠦᠨ ᠤ ᠰᠢᠨᠡᠳᠬᠡᠵᠦ ᠣᠶᠢᠵᠢᠭᠤᠯᠬᠤ ᠶᠢ ᠬᠡᠷᠡᠭᠵᠢᠭᠦᠯᠵᠦ᠂ ᠪᠦᠬᠦ | ᠶᠠᠪᠤᠴᠠ ᠳᠤ ᠮᠥᠷᠳᠡᠨ ᠣᠭᠲᠣᠯᠤᠨ᠎ᠠ᠃ ᠬᠡᠲᠦᠷᠡᠲᠡᠯ᠎ᠡ ᠮᠠᠯᠲᠠᠬᠤ ᠦᠭᠡᠢ ᠳᠤᠷ᠎ᠠ ᠪᠠᠷ ᠢᠶᠠᠨ ᠮᠠᠯᠲᠠᠬᠤ ᠦᠭᠡᠢ᠂ ᠣᠢ | ᠮᠣᠳᠣᠨ ᠤ ᠭᠠᠵᠠᠷ ᠢ ᠣᠭᠲᠣᠯᠤᠭᠰᠠᠨ ᠠᠴᠠ ᠪᠣᠯᠵᠤ ᠪᠠᠭᠠᠰᠬᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠢᠷᠭᠤᠭ᠎ᠠ ᠳᠤ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ | ᠵᠦᠪᠰᠢᠶᠡᠷᠡᠬᠦ ᠶᠢ ᠴᠢᠩᠳᠠᠯᠠᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠰᠢᠭᠤᠶᠢᠲᠤ ᠭᠠᠵᠠᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠬᠢᠨᠠᠮᠠᠭᠠᠶ ᠰᠠᠶᠢᠲᠤᠷ | ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ | ᠤᠨ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ | ᠭᠠᠷᠳᠠᠮ ᠢ ᠬᠠᠤᠯᠢ ᠶᠣᠰᠣᠭᠠᠷ ᠴᠢᠩᠭ᠎ᠠ ᠭᠦᠢᠴᠡᠳᠭᠡᠬᠦ ᠬᠡᠷᠡᠭᠲᠡᠶ᠃ ᠦᠢᠯᠡᠴᠢᠯᠡᠭᠡᠨ ᠤ ᠠᠵᠢᠯ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠳᠠᠭᠠᠯ ᠳᠤ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠲᠤᠬᠠᠶ ᠲᠣᠭᠲᠠᠭᠠᠯ ᠢ ᠮᠡᠳᠡᠭᠳᠡᠵᠦ᠂ ᠲᠦᠷᠣᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ | ᠵᠢᠯᠣᠭᠤᠳᠤᠨ ᠣᠶᠢᠲᠤ ᠭᠠᠵᠠᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠭᠤᠶᠤᠴᠢᠯᠠᠯ ᠤᠨ ᠮᠠᠲ᠋ᠧᠷᠢᠶᠠᠯ ᠢ ᠵᠢᠷᠤᠮᠵᠢᠭᠤᠯᠤᠨ | ᠨᠠᠶᠢᠷᠠᠭᠤᠯᠤᠨ ᠪᠢᠴᠢᠬᠦ ᠬᠡᠷᠡᠭᠲᠡᠶ᠃ ᠬᠦᠯᠢᠶᠡᠨ ᠠᠪᠴᠤ ᠰᠢᠢᠳᠪᠣᠷᠢᠯᠡᠭᠰᠡᠨ ᠣᠶᠢᠲᠤ ᠭᠠᠵᠠᠷ ᠢ ᠲᠠᠲᠠᠪᠤᠷᠢᠯᠠᠨ ᠡᠵᠡᠯᠡᠬᠦ | ᠭᠤᠶᠤᠴᠢᠯᠠᠯ ᠢ ᠲᠣᠭᠲᠠᠭᠠᠭᠰᠠᠨ ᠴᠠᠭ ᠤᠨ ᠬᠢᠵᠠᠭᠠᠷ ᠤᠨ ᠳᠣᠲᠣᠷ᠎ᠠ ᠪᠣᠳᠠᠲᠠᠶ ᠲᠣᠳᠣᠷᠬᠠᠶ ᠬᠢᠨᠠᠨ ᠪᠠᠶᠢᠴᠠᠭᠠᠭᠰᠠᠨ | ᠰᠠᠨᠠᠯ ᠢᠶᠠᠨ ᠲᠣᠷᠠᠳᠴᠦ᠂ ᠲᠣᠭᠲᠠᠭᠰᠠᠨ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠣᠶᠢᠲᠤ | ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠪᠦᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠵᠦ᠂ ᠭᠠᠵᠠᠷ | ᠬᠡᠷᠡᠭᠯᠡᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠴᠥᠭᠡᠨ ᠪᠦᠯᠦᠭ ᠢᠶᠠᠷ ᠣᠯᠠᠨ ᠢᠶᠠᠷ ᠡᠵᠡᠯᠡᠬᠦ᠂ ᠵᠥᠪᠰᠢᠶᠡᠷᠡᠬᠦ | ᠦᠭᠡᠶ ᠪᠠᠷ ᠪᠠᠰᠠ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠡᠷᠡᠰ ᠵᠣᠭᠰᠣᠭᠠᠬᠤ | ᠬᠡᠷᠡᠭᠲᠡᠶ᠃ ᠳᠣᠯᠤᠭ᠎ᠠ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠢᠴᠢ ᠨᠡᠶᠢᠳᠡᠮ ᠪᠠᠶᠢᠴᠠᠭᠠᠬᠤ ᠠᠵᠢᠯ ᠢ | ᠴᠢᠩᠭᠠᠳᠬᠠᠨ᠎ᠠ᠃ ᠪᠦᠬᠦ ᠨᠡᠶᠢᠭᠡᠮ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ | ᠲᠥᠯᠥᠭᠡ᠂ ᠥᠷᠭᠡᠨ ᠣᠯᠠᠨ ᠠᠷᠠᠳ ᠲᠦᠮᠡᠨ ᠤ ᠵᠡᠷᠯᠢᠭ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠤᠬᠠᠶ | ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠴᠢᠩᠬᠠᠳᠬᠠᠵᠤ᠂ ᠬᠥᠮᠦᠨ ᠪᠣᠯᠤᠨ ᠪᠠᠶᠢᠭᠠᠯᠢ ᠶᠢᠨ | ᠡᠶ᠎ᠡ ᠵᠣᠬᠢᠴᠡᠯ ᠲᠠᠢ ᠬᠠᠮᠲᠤ ᠣᠷᠣᠰᠢᠬᠤ ᠶᠢ ᠠᠬᠢᠭᠤᠯᠵᠠᠶ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠢᠭᠡ ᠳᠤ ᠤᠬᠠᠭᠤᠯᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠰᠦᠯᠵᠢᠶ᠎ᠡ᠂ ᠰᠣᠨᠢᠨ᠂ ᠸᠢᠴᠠᠲ ᠵᠡᠷᠭᠡ ᠲᠠᠪᠴᠠᠩ ᠢ ᠠᠰᠢᠭᠯᠠᠨ | ᠤᠬᠠᠭᠤᠯᠭ᠎ᠠ ᠬᠢᠵᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ᠬᠤᠶᠠᠷ ᠲᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠠᠵᠢᠯ ᠢ ᠴᠠᠭ ᠲᠤᠬᠠᠶ ᠳᠤᠨᠢ | ᠰᠠᠶᠢᠲᠤᠷ ᠬᠢᠨ᠎ᠡ᠃ ᠵᠢᠯ ᠪᠦᠷᠢ ᠴᠠᠭᠠᠨ ᠬᠤᠨ ᠭᠠᠯᠠᠭᠤ ᠵᠡᠷᠭᠡ ᠨᠡᠭᠦᠳᠡᠯ ᠰᠢᠪᠠᠭᠤᠨ ᠨᠡᠭᠦᠳᠡᠯᠯᠡᠬᠦ ᠵᠠᠮ ᠮᠠᠨ ᠤ | ᠬᠤᠰᠢᠭᠤ ᠪᠠᠷ ᠥᠩᠭᠡᠷᠡᠳᠡᠭ᠃ ᠠᠵᠢᠯᠲᠠᠳ ᠢ ᠵᠣᠬᠢᠶᠠᠨ ᠪᠠᠶᠢᠭᠤᠯᠤᠨ ᠨᠡᠭᠦᠬᠦ ᠵᠠᠮ ᠤᠨ ᠣᠷᠣᠰᠢᠨ ᠠᠮᠢᠳᠤᠷᠠᠬᠤ | ᠭᠠᠵᠠᠷ ᠢ ᠬᠠᠮᠠᠭᠠᠯᠠᠨ ᠠᠵᠢᠭᠯᠠᠵᠦ ᠨᠡᠭᠦᠳᠡᠯ ᠰᠢᠪᠠᠭᠤᠨ ᠳᠤ ᠢᠳᠡᠰᠢ ᠢᠳᠡᠭᠦᠯᠦᠨ᠎ᠡ᠃ ᠡᠷᠭᠢᠨ ᠲᠣᠭᠤᠷᠢᠨ ᠤ ᠣᠯᠠᠨ | ᠲᠦᠮᠡᠨ ᠳᠤ ᠮᠡᠳᠡᠯᠭᠡ ᠶᠢ ᠤᠬᠠᠭᠤᠯᠤᠨ ᠬᠠᠮᠠᠭᠠᠯᠠᠵᠤ᠂ ᠣᠯᠠᠨ ᠲᠦᠮᠡᠨ ᠤ ᠬᠠᠩᠭᠠᠭᠰᠠᠨ ᠲᠤᠰᠠᠯᠠᠮᠵᠢ ᠭᠤᠶᠤᠬᠤ | ᠮᠡᠳᠡᠭᠡ ᠶᠢ ᠴᠠᠭ ᠲᠤᠬᠠᠶ ᠳᠤᠨᠢ ᠰᠢᠢᠳᠪᠣᠷᠢᠯᠡᠬᠦ ᠬᠡᠷᠡᠭᠲᠡᠶ᠃ ᠭᠤᠷᠪᠠ ᠳᠤ 2020 ᠣᠨ ᠤ ᠤᠢ ᠰᠢᠭᠤᠶ ᠶᠢᠨ ᠡᠬᠢ | ᠪᠠᠶᠠᠯᠢᠭ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠨ᠎ᠠ᠃ ᠲᠡᠭᠡᠳᠦ ᠱᠠᠲᠤᠨ ᠤ | ᠱᠠᠭᠠᠷᠳᠠᠯᠭ᠎ᠠ ᠶᠣᠰᠣᠭᠠᠷ᠂ ᠣᠢ ᠰᠢᠭᠤᠶ ᠶᠢᠨ ᠡᠬᠢ ᠪᠠᠶᠠᠯᠢᠭ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ | ᠲᠣᠭᠲᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠲᠡᠷᠡᠴᠢᠯᠡᠨ ᠪᠠᠶᠢᠷᠢᠯᠠᠭᠤᠯᠤᠯᠲᠠ ᠶᠣᠰᠣᠭᠠᠷ ᠬᠢᠨᠠᠨ ᠰᠢᠯᠭᠠᠵᠤ | ᠠᠳᠠᠯᠢᠳᠬᠠᠨ ᠰᠢᠯᠭᠠᠷᠠᠭᠤᠯᠵᠤ᠂ ᠨᠠᠷᠢᠨ ᠨᠢᠭᠲᠠ ᠬᠢᠨᠠᠨ ᠰᠢᠯᠭᠠᠬᠤ ᠠᠷᠭ᠎ᠠ ᠲᠣᠭᠲᠠᠭᠠᠵᠤ᠂ ᠮᠠᠨ ᠤ ᠬᠤᠰᠢᠭᠤᠨ ᠤ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠬᠠᠮᠠᠭᠠᠯᠠᠬᠤ ᠬᠡᠷᠡᠭᠲᠡᠶ᠃ | 10. ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ ᠨᠤᠲᠤᠭ | ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠵᠦ᠂ ᠲᠡᠭᠡᠳᠦ ᠱᠠᠲᠤᠨ ᠤ ᠪᠠᠭᠤᠯᠭᠠᠭᠰᠠᠨ ᠠᠯᠢ ᠣᠯᠠᠨ ᠬᠡᠷᠡᠭᠵᠢᠭᠦᠯᠬᠦ ᠲᠥᠰᠦᠯ ᠪᠣᠯᠤᠨ ᠠᠷᠭ᠎ᠠ ᠬᠡᠮᠵᠢᠶ᠎ᠡ | ᠶᠣᠰᠣᠭᠠᠷ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ | 11. ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠳᠤᠷᠢᠳᠬᠤ ᠳᠤᠭᠤᠶᠢᠯᠠᠩ ᠤᠨ | ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠡᠯ᠎ᠡ | ᠵᠦᠢᠯ ᠤᠨ ᠠᠵᠢᠯ ᠢ ᠰᠠᠶᠢᠲᠤᠷ ᠠᠳᠬᠤᠵᠤ᠂ ᠠᠰᠠᠭᠤᠳᠡᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠮᠢᠶ᠎ᠠ ᠪᠦᠬᠦᠢ | ᠰᠠᠯᠠᠭ᠎ᠠ ᠮᠥᠴᠢᠷ ᠵᠢᠴᠢ ᠲᠡᠭᠡᠳᠦ ᠱᠠᠲᠤᠨ ᠳᠤ ᠮᠡᠳᠡᠭᠦᠯᠬᠦ ᠪᠠ ᠰᠢᠯᠵᠢᠭᠦᠯᠦᠨ ᠲᠤᠰᠢᠶᠠᠵᠤ᠂ ︽ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ︾ ᠠᠵᠢᠯ ᠢ ᠦᠨᠡᠨ ᠬᠦ ᠪᠣᠳᠠᠲᠠᠶᠢᠵᠢᠭᠤᠯᠤᠨ᠎ᠠ᠃ | 12. ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠬᠠᠮᠲᠤ ᠨᠠᠮ ᠤᠨ ᠪᠠᠶᠢᠭᠤᠯᠤᠯᠲᠠ ᠶᠢᠨ ︽ᠠᠷᠪᠠᠨ ᠨᠢᠭᠡᠳᠦᠭᠡᠷ ᠲᠥᠷᠥᠯ︾ ᠤᠨ ᠲᠠᠩᠰᠠ ᠡᠪᠬᠡᠮᠡᠯ ᠤᠨ | ᠪᠠᠶᠢᠭᠤᠯᠤᠯᠲᠠ ᠶᠢ ᠰᠠᠶᠢᠲᠤᠷ ᠬᠢᠨ᠎ᠠ᠃ | 13. ᠲᠠᠷᠢᠶᠠᠯᠠᠩ ᠤᠨ ᠰᠤᠯᠠ ᠰᠡᠯᠡᠭᠦᠦ ᠴᠠᠭ ᠢ ᠠᠰᠢᠭᠯᠠ᠂ ᠣᠢ ᠰᠢᠭᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠣᠯᠪᠠᠰᠣᠷᠠᠭᠤᠯᠣᠯ ᠢ ᠰᠠᠶᠢᠲᠤᠷ ᠬᠢᠵᠦ᠂ ᠢᠯᠠᠩᠭᠤᠶ᠎ᠠ ᠨᠡᠶᠢᠲᠡ ᠶᠢᠨ ᠠᠰᠠᠷᠠᠮᠵᠢ ᠶᠢᠨ ᠣᠢ ᠰᠢᠭᠤᠶ | ᠬᠠᠮᠠᠭᠠᠯᠠᠭᠴᠢ ᠪᠣᠯᠤᠨ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠣᠢ ᠰᠢᠭᠤᠶ ᠬᠠᠮᠠᠭᠠᠯᠠᠭᠴᠢ ᠶᠢᠨ | ᠪᠣᠯᠪᠠᠰᠤᠷᠠᠭᠤᠯᠤᠯ᠂ ︽ᠣᠢ ᠰᠢᠭᠤᠶ ᠶᠢᠨ ᠬᠠᠤᠯᠢ︾ ᠪᠣᠯᠤᠨ ᠬᠠᠣᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ | ᠪᠣᠳᠣᠯᠭ᠎ᠠ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠣᠬᠠᠭᠤᠯᠭ᠎ᠠ ᠪᠣᠯᠤᠨ ᠪᠣᠯᠪᠠᠰᠤᠷᠠᠭᠤᠯᠤᠯ ᠤᠨ ᠠᠵᠢᠯ | ᠪᠣᠯᠤᠨ᠎ᠠ᠃ | 14. ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠲᠡᠭᠡᠳᠦ | ᠱᠠᠲᠤᠨ ᠤ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠵᠡᠷᠭᠡ ᠮᠡᠳᠡᠯᠭᠡ ᠶᠢ ᠠᠰᠢᠭᠯᠡᠨ | ᠤᠬᠠᠭᠤᠯᠭ᠎ᠠ ᠬᠢᠬᠦ ᠶᠢ ᠪᠠᠷᠢᠮᠲᠠᠯᠠᠵᠤ᠂ ᠤᠷᠭᠤᠮᠠᠯ ᠬᠤᠴᠢᠯᠭ᠎ᠠ ᠪᠣᠯᠤᠨ ᠠᠮᠢ ᠠᠬᠤᠶ ᠶᠢ ᠡᠪᠳᠡᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠬ᠎ᠠ ᠴᠣᠬᠢᠯᠲᠠ ᠥᠭᠴᠦ᠂ ᠪᠦᠬᠦ ᠠᠷᠠᠳ ᠤᠨ ᠨᠤᠲᠤᠭ ᠪᠡᠯᠴᠢᠭᠡᠷ ᠤᠨ | ᠡᠬᠢ ᠪᠠᠶᠠᠯᠢᠭ ᠢ ᠬᠠᠮᠠᠭᠠᠯᠠᠬᠤ ᠬᠠᠤᠯᠢ ᠴᠠᠭᠠᠵᠠ ᠶᠢᠨ ᠲᠠᠨᠢᠯᠲᠠ ᠶᠢ ᠴᠢᠩᠬᠠᠳᠬᠠᠵᠠᠶ᠃ ᠡᠭᠦᠨ ᠤ ᠬᠠᠮᠲᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠡᠷᠴᠢᠮ ᠢᠶᠠᠨ ᠴᠢᠩᠭᠠᠷᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠢᠮᠠᠬᠤ ᠶᠢᠨ ᠨᠤᠲᠤᠭ ᠪᠡᠯᠴᠢᠭᠡᠷ ᠢ ᠦᠨᠡᠨ ᠬᠦ ᠰᠠᠶᠢᠲᠤᠷ ᠬᠠᠮᠠᠭᠠᠯᠠᠨ᠎ᠠ᠃ | 15. ᠥᠪᠥᠷ ᠮᠣᠩᠭᠤᠯ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠭᠠᠵᠠᠷ | ᠰᠢᠨᠵᠢᠯᠡᠭᠡᠨ ᠤ ᠴᠡᠴᠡᠷᠯᠢᠭ ᠲᠤ ᠨᠥᠬᠦᠪᠥᠷᠢ ᠥᠭᠬᠦ ᠲᠥᠷᠥᠯ ᠵᠦᠢᠯ ᠢ ᠰᠠᠶᠢᠲᠤᠷ ᠬᠢᠨ᠎ᠡ᠃ | 16. ᠲᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠰᠠᠶᠢᠲᠤᠷ ᠬᠢᠬᠦ ᠬᠡᠷᠡᠭᠲᠡᠶ᠃ | ᠬᠥᠲᠥᠯᠥᠭᠴᠢ᠄ ᠴᠠᠭ ᠦᠶ᠎ᠡ ᠶᠢᠨ ᠰᠢᠨ᠎ᠡ ᠬᠠᠷᠠᠯᠲᠠ ᠶᠢ ᠲᠣᠳᠣᠷᠬᠠᠶᠢᠯᠠᠵᠤ᠂ ᠨᠣᠭᠤᠭᠠᠷᠠᠭᠤᠯᠤᠯᠲᠠ ᠶᠢᠨ ᠰᠢᠨ᠎ᠡ | ᠬᠠᠭᠤᠳᠡᠰᠦ ᠶᠢ ᠪᠢᠴᠢᠭᠯᠡᠨ᠎ᠡ᠃ ᠯᠢᠶᠠᠩ ᠸᠠᠨ ᠮᠢᠩ ᠲᠣᠪᠴᠢᠶᠠᠨ ᠳᠠᠷᠤᠭ᠎ᠠ ᠮᠠᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠵᠦ ᠠᠪᠣᠭᠰᠡᠨ ᠳᠤ ᠲᠠᠯᠠᠷᠬᠠᠵᠤ ᠪᠠᠶᠢᠨ᠎ᠠ᠂ ᠪᠢᠳᠡ ᠣᠷᠴᠢᠨ ᠲᠣᠭᠤᠷᠢᠨ ᠨᠡᠩ ᠭᠤᠶᠤ | ᠰᠠᠶᠢᠬᠠᠨ᠂ ᠠᠮᠢ ᠠᠬᠤᠶ ᠨᠡᠩ ᠭᠤᠶᠢᠳᠠ ᠰᠠᠶᠢᠬᠠᠨ᠂ ᠠᠮᠢᠳᠤᠷᠠᠯ ᠨᠡᠩ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠬᠠᠮᠲᠤᠪᠠᠷ ᠬᠦᠰᠡᠨ ᠬᠦᠯᠢᠶᠡᠵᠦ ᠪᠠᠶᠢᠨ᠎ᠠ᠃ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠣᠪᠴᠢᠶᠠᠨ ᠳᠠᠷᠤᠭ᠎ᠠ ᠳᠤ ᠳᠠᠬᠢᠨᠲᠠ ᠲᠡᠯᠠᠷᠬᠠᠯᠡ | ︕ | ᠯᠢᠶᠠᠩ ᠸᠠᠨ ᠮᠢᠩ᠄ ᠬᠥᠲᠥᠯᠥᠭᠴᠢ ᠶᠢᠨ ᠬᠠᠯᠠᠭᠤᠨ ᠰᠤᠷᠪᠤᠯᠵᠢᠯᠠᠭ᠎ᠠ ᠳᠤ ᠲᠠᠯᠠᠷᠬᠠᠵᠤ ᠪᠠᠶᠢᠨ᠎ᠠ᠃ ᠮᠠᠨ ᠤ | ᠲᠣᠪᠴᠢᠶ᠎ᠠ ᠯᠠᠪᠲᠠᠶ ᠲᠣᠭᠲᠠᠭᠰᠠᠨ ᠬᠠᠷᠠᠯᠲᠠ ᠶᠣᠰᠣᠭᠠᠷ ᠠᠵᠢᠯ ᠢᠶᠠᠨ ᠴᠢᠷᠮᠠᠶᠢᠨ ᠥᠷᠨᠢᠭᠦᠯᠵᠦ᠂ ᠦᠩᠭᠡᠷᠡᠭᠰᠡᠨ ᠤ | ᠬᠦᠷᠦᠯᠴᠡᠬᠦ ᠥᠬᠡᠶ ᠲᠠᠯ᠎ᠠ ᠪᠠᠨ ᠬᠠᠯᠠᠨ ᠰᠠᠶᠢᠵᠢᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠲᠠᠢ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠲᠡᠮᠡᠴᠡᠬᠦ ᠪᠣᠯᠤᠨ᠎ᠠ᠃ | ᠦᠵᠡᠭᠴᠢᠳ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ︕ ᠪᠠᠶᠠᠷᠲᠠᠶ︕ | ᠣᠷᠴᠢᠭᠤᠯᠣᠭᠴᠢ᠄ ᠰᠡᠴᠡᠩᠭᠤᠸ᠎ᠠ |