ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ | ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ | ᠲᠥᠯᠥᠪᠯᠡᠭᠡ ᠶᠢ ᠦᠷᠭᠦᠯᠵᠢᠯᠡᠭᠦᠯᠬᠦ ᠪᠠᠷ ᠲᠣᠭᠲᠠᠭᠠᠪᠠ | ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠪᠠ | ︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ ︵ᠵᠠᠰᠠᠪᠤᠷᠢ | ᠣᠷᠣᠭᠤᠯᠤᠭᠰᠠᠨ ᠲᠥᠰᠦᠯ︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 21 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠣᠯᠣᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ | ᠥᠷᠭᠦᠯᠵᠢᠯᠡᠭᠦᠯᠬᠦ ᠪᠠᠷ ᠲᠣᠭᠲᠠᠭᠠᠵᠤ᠂ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ | ᠰᠢᠢᠳᠪᠦᠷᠢᠯᠡᠬᠦ ᠲᠦᠷᠢᠮ ︵ᠲᠥᠰᠦᠯ︶︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ | ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ | ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠬᠦ᠂ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ | ᠬᠦᠴᠢᠷ ᠢ ᠲᠤᠭᠤᠯᠤᠭᠤᠯᠬᠤ ᠶᠢᠨ ᠲᠥᠯᠥᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠭᠤᠰ ᠤᠨ | ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠬᠦ ᠬᠤᠶᠠᠷ ᠠᠷᠭ᠎ᠠ ᠶᠢ ᠨᠡᠶᠢᠲᠡᠯᠡᠪᠡ᠄ ᠲᠣᠬᠠᠶᠢᠯᠠᠪᠠᠯ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ | ᠬᠡᠷᠡᠭᠵᠢᠭᠦᠯᠬᠦ ᠳᠤ ᠵᠣᠬᠢᠬᠤ ᠬᠡᠮᠵᠢᠶᠡᠨ ᠤ ᠤᠷᠮᠠᠰᠢᠭᠤᠯᠤᠯ ᠣᠯᠭᠤᠬᠤ ᠪᠠ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠠᠴᠠ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ | ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠣᠯᠣᠨ᠎ᠠ᠃ ᠡᠨᠡᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ 310 ᠭᠠᠷᠤᠶ ᠲᠦᠮᠡᠨ ᠡᠷᠦᠬᠡ ᠵᠢᠵᠢᠭ | ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ | ᠨᠠᠮᠳᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠰᠠᠭᠤᠭᠠᠯᠢ ᠠᠷᠠᠳ ᠤᠨ ᠠᠵᠢᠯ | ᠣᠯᠭᠤᠯᠲᠠ ᠶᠢ ᠪᠠᠲᠤᠯᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠣᠳᠣᠬᠠᠨ ᠳᠤ ᠠᠵᠤ ᠠᠬᠤᠶ ᠠᠯᠬᠤᠮ | ᠠᠯᠬᠤᠮ ᠢᠶᠠᠷ ᠬᠡᠪ ᠤᠨ ᠪᠠᠶᠢᠳᠠᠯ ᠳᠤ ᠪᠠᠨ ᠣᠷᠣᠵᠤ ᠪᠠᠶᠢᠭ᠎ᠠ ᠪᠣᠯᠪᠠᠴᠤ ᠵᠢᠵᠢᠭ ᠪᠢᠴᠢᠯ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠣᠨᠴᠠᠭᠠᠢ ᠬᠦᠴᠢᠷᠳᠡᠯ ᠢ ᠮᠥᠨ ᠬᠦ ᠬᠠᠪᠰᠤᠷᠤᠨ ᠲᠡᠳᠬᠦᠬᠦ | ᠴᠢᠬᠤᠯᠠᠲᠠᠶ ᠪᠠᠶᠢᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠢ ᠲᠠᠢ | ᠪᠠᠶᠢᠯᠭᠠᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠥᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ | ᠪᠣᠯᠤᠨ ᠥᠷᠭᠦᠯᠵᠢᠯᠡᠭᠦ᠋ᠢᠴᠡ ᠴᠢᠨᠠᠷ ᠢ ᠪᠠᠲᠤᠯᠠᠨ᠂ ᠲᠥᠷᠥ ᠶᠢᠨ ᠪᠣᠳᠣᠯᠭ᠎ᠠ ᠶᠢ ᠥᠷᠭᠦᠯᠵᠢᠯᠡᠭᠦᠯᠬᠦ ᠪᠠ ᠵᠦᠶ | ᠵᠣᠬᠢᠰᠲᠠᠶ ᠲᠣᠬᠢᠷᠠᠭᠤᠯᠬᠤ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ ᠪᠠᠶᠢᠨ᠎ᠠ᠃ | ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠤᠤᠯ ᠤᠨ ᠲᠣᠭᠲᠠᠭᠠᠭᠰᠠᠨ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ | ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ | ᠡᠨᠡᠬᠦ ᠰᠠᠭᠤᠷᠢᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ ᠵᠣᠬᠢᠰᠲᠠᠶ ᠤᠷᠳᠤᠳᠬᠠᠨ᠂ ᠵᠠᠬ᠎ᠠ | ᠳᠡᠯᠭᠡᠭᠦᠷᠴᠢᠯᠡᠬᠦ ᠵᠠᠷᠴᠢᠮ ᠤᠨ ᠶᠣᠰᠣᠭᠠᠷ ᠤᠷᠲᠤᠳᠬᠠᠪᠠᠰᠤ ᠵᠣᠬᠢᠬᠤ ᠪᠦᠬᠦᠨ ᠢ ᠤᠷᠲᠤᠳᠬᠠᠵᠤ᠂ ᠪᠠᠩᠬᠢ ᠪᠣᠯᠤᠨ | ᠠᠵᠤ ᠠᠬᠤᠶᠢᠯᠠᠯ ᠡᠵᠡᠨ ᠮᠡᠳᠡᠨ ᠵᠥᠪᠳᠡᠯᠴᠡᠵᠦ ᠲᠣᠭᠲᠠᠭᠠᠬᠤ ᠬᠡᠷᠡᠭᠲᠡᠶ᠃ ᠵᠢᠭᠡᠯᠡᠯᠭᠡ ᠶᠢᠨ ᠡᠬᠡ ᠬᠦᠦ ᠮᠥᠩᠭᠦ ᠶᠢ | ᠨᠢ ᠪᠤᠴᠠᠭᠠᠬᠤ ᠶᠢ ᠬᠤᠶᠢᠰᠢᠯᠠᠭᠤᠯᠤᠭᠰᠠᠨ ᠮᠥᠷᠲᠡᠭᠡᠨ ᠬᠤᠭᠤᠴᠠᠭ᠎ᠠ ᠨᠢ 6 ᠰᠠᠷ᠎ᠠ ᠠᠴᠠ ᠳᠡᠭᠡᠭᠰᠢ ᠪᠠᠶᠢᠬᠤ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠵᠢᠭᠡᠯᠡᠯᠭᠡ ᠶᠢᠨ ᠡᠬᠡ ᠮᠥᠩᠭᠦ ᠶᠢᠨ 1% ᠪᠠᠷ ᠦᠷᠭᠦᠯᠵᠢᠯᠡᠨ | ᠤᠷᠮᠠᠰᠢᠭᠤᠯᠬᠤ ᠬᠡᠷᠡᠭᠲᠡᠶ᠃ ᠬᠤᠶᠠᠷ ᠲᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠬᠤᠭᠤᠴᠠᠭ᠎ᠠ ᠶᠢᠨ ᠡᠨᠡ ᠵᠢᠯ ᠤᠨ | ᠡᠴᠦᠰ ᠠᠴᠠ ᠵᠣᠬᠢᠰᠲᠠᠶ ᠤᠷᠲᠤᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ | ᠵᠢᠭᠡᠯᠡᠯᠭᠡ ᠲᠠᠯᠪᠢᠪᠠᠯ᠂ ᠵᠢᠭᠡᠯᠡᠯᠭᠡ ᠶᠢᠨ ᠡᠬᠡ ᠮᠥᠩᠭᠦ ᠶᠢᠨ 40% ᠪᠠᠷ ᠦᠷᠭᠦᠯᠵᠢᠯᠡᠨ ᠬᠠᠷᠠᠭᠠᠯᠵᠠᠯᠲᠤ ᠪᠠᠯᠠ | ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠵᠣᠭᠤᠰ ᠤᠨ ᠲᠥᠷᠥ ᠶᠢᠨ ᠪᠣᠳᠣᠯᠭ᠎ᠠ ᠶᠢ | ᠰᠢᠭᠤᠳ ᠬᠦᠷᠲᠡᠬᠦ ᠠᠷᠭ᠎ᠠ ᠶᠢ ᠰᠠᠶᠢᠲᠤᠷ ᠬᠡᠷᠡᠭᠵᠢᠭᠦᠯᠬᠦ ᠪᠠ ᠵᠣᠬᠢᠰᠲᠠᠶ ᠤᠷᠲᠤᠳᠬᠠᠬᠤ ᠶᠠᠪᠤᠳᠠᠯ ᠨᠢ᠂ ᠵᠢᠵᠢᠭ | ᠪᠢᠴᠢᠯ ᠠᠵᠤ ᠠᠬᠤᠶᠢᠯᠠᠯ ᠢ ᠬᠠᠪᠰᠤᠷᠤᠨ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ | ᠬᠤᠪᠢᠷᠠᠯᠲᠠ ᠶᠢ ᠨᠡᠩ ᠰᠠᠶᠢᠲᠤᠷ ᠠᠷᠭᠠᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠰᠡᠷᠭᠦᠯᠲᠡ ᠶᠢ | ᠪᠡᠶᠡᠯᠡᠭᠦᠯᠬᠦ ᠳᠤ ᠠᠰᠢᠭᠲᠠᠶ ᠶᠤᠮ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠣᠯᠢ ᠪᠠᠷ ᠵᠠᠰᠠᠬᠤ ᠠᠷᠭ᠎ᠠ ᠪᠠᠷ ᠴᠢᠬᠤᠯᠠ ᠪᠦᠬᠦᠢ ᠬᠦᠷᠢᠶ᠎ᠡ | ᠴᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠯᠠᠨ | ᠲᠦᠮᠡᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠡᠢ᠃ ᠬᠤᠷᠠᠯ ᠠᠴᠠ ︽ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠢ ᠪᠠᠲᠤᠯᠠᠵᠤ᠂ | ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠠᠤᠯᠢ ᠪᠤᠰᠤ | ᠪᠡᠯᠡ ᠴᠤᠭᠯᠠᠭᠤᠯᠬᠤ ᠠᠵᠢᠯ ᠢ ᠰᠡᠷᠭᠡᠶᠢᠯᠡᠬᠦ ᠪᠠ ᠰᠢᠢᠳᠪᠦᠷᠢᠯᠡᠬᠦ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ | ᠭᠡᠵᠦ ᠲᠣᠭᠲᠠᠭᠠᠭᠰᠠᠨ ᠪᠦᠭᠡᠳ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠬᠤᠪᠢᠶᠠᠷᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯ᠂ ᠢᠨᠲ᠋ᠧᠷ | ᠰᠦᠯᠵᠢᠶᠡᠨ ᠤ ᠬᠠᠮᠢᠶᠠᠷᠤᠯᠲᠠ᠂ ᠵᠠᠷ ᠮᠡᠳᠡᠭᠡ ᠪᠠ ᠪᠡᠯᠡ ᠮᠥᠩᠭᠦ ᠶᠢᠨ ᠬᠢᠨᠠᠨ ᠬᠡᠮᠵᠢᠯᠲᠡ ᠵᠡᠷᠭᠡ ᠲᠠᠯ᠎ᠠ ᠪᠠᠷ | ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠲᠣᠷᠬᠠᠶᠢᠯᠠᠵᠤ᠂ ᠪᠠᠶᠢᠴᠠᠭᠠᠨ ᠰᠢᠢᠳᠪᠦᠷᠢᠯᠡᠬᠦ | ᠶᠠᠪᠤᠴᠠ ᠳᠠᠬᠢ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠨ ᠬᠠᠮᠢᠶᠠᠷᠴᠤ ᠬᠠᠷᠢᠭᠤᠴᠠᠯᠭ᠎ᠠ | ᠲᠤᠯᠭᠠᠬᠤ ᠶᠢ ᠴᠢᠩᠭᠠᠳᠬᠠᠵᠠᠢ᠃ ᠲᠥᠰᠦᠯ ᠳᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠵᠠᠰᠠᠭ ᠵᠠᠬᠢᠷᠭᠠᠨ᠂ | ᠡᠷᠡᠭᠦᠤ ᠶᠢᠨ ᠬᠠᠷᠢᠭᠤᠴᠠᠯᠭ᠎ᠠ ᠪᠠ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠣᠷᠣᠯᠴᠠᠭᠰᠠᠳ ᠤᠨ ᠬᠠᠷᠢᠭᠤᠴᠠᠪᠠᠰᠤ ᠵᠣᠬᠢᠬᠤ ᠦᠷ᠎ᠡ ᠳ᠋ᠦᠩ ᠵᠡᠷᠭᠡ ᠶᠢᠨ ᠲᠠᠯ᠎ᠠ ᠪᠠᠷ ᠴᠢᠩᠭ᠎ᠠ | ᠲᠣᠭᠲᠠᠭᠠᠯ ᠭᠠᠷᠭᠠᠵᠠᠶ᠃ ᠲᠥᠰᠦᠯ ᠳᠤ ᠪᠠᠰᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠢᠨ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ | ᠭᠡᠵᠦ ᠲᠣᠭᠲᠠᠭᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮᠴᠢᠯᠡᠭᠡᠨ ᠤ ᠪᠠᠭᠠᠵᠢ ᠬᠡᠷᠡᠭᠰᠡᠯ ᠨᠢ ᠠᠷᠠᠳ ᠣᠯᠠᠨ ᠤ ᠪᠡᠶ᠎ᠡ | ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠭ᠎ᠠ ᠪᠣᠯᠬᠤᠷ | ᠡᠷᠬᠡᠪᠰᠢ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ | ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ | ᠣᠷᠣᠭᠤᠯᠤᠭᠰᠠᠨ ᠲᠥᠰᠦᠯ︶︾ ᠢ ᠪᠠᠲᠤᠯᠠᠵᠤ᠂ ᠠᠵᠤ ᠠᠬᠤᠶᠢᠯᠠᠯ᠂ ᠰᠤᠳᠤᠯᠤᠨ ᠦᠢᠯᠡᠳᠬᠦ ᠪᠠᠶᠢᠭᠤᠯᠤᠮᠵᠢ ᠶᠢᠨ | ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠥᠪᠰᠢᠨ ᠴᠢᠨᠠᠷ ᠪᠣᠯᠣᠨ ᠦᠷ᠎ᠡ ᠪᠦᠳᠦᠮᠵᠢᠳᠦ ᠴᠢᠨᠠᠷ ᠲᠤ | ᠬᠠᠷᠢᠭᠤᠴᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠯ᠂ ᠳᠠᠩᠰᠠᠯᠠᠭᠤᠯᠬᠤ ᠳᠡᠰ ᠳᠠᠷᠠᠭᠠᠯᠠᠯ ᠢ | ᠲᠤᠲᠤᠷᠬᠠᠶᠢᠯᠠᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠦᠢᠯᠡᠳᠬᠦᠨ ᠤ ᠴᠤᠷ ᠤᠨ | ᠭᠠᠭᠴᠠ ᠢᠯᠭᠠᠬᠤ ᠲᠡᠮᠳᠡᠭ ᠢ ᠮᠥᠷᠳᠡᠨ ᠪᠠᠶᠢᠴᠠᠭᠠᠬᠤ ᠵᠡᠷᠭᠡ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠡᠮᠡᠵᠦ᠂ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠭᠡᠬᠦ ᠡᠷᠴᠢᠮ ᠢ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ | ᠲᠦᠪᠰᠢᠨ ᠳᠤ ᠬᠤᠯᠪᠣᠭᠳᠠᠭᠰᠠᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠬᠤ | ᠵᠣᠭᠤᠰᠣᠨ ᠤ ᠲᠤᠭ᠎ᠠ ᠶᠢ ᠶᠡᠬᠡᠪᠡᠷ ᠨᠡᠮᠡᠭᠳᠡᠭᠦᠯᠦᠨ᠂ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠨᠢᠭᠡᠴᠢ ᠵᠢᠴᠢ | ᠬᠠᠷᠢᠭᠤᠴᠠᠯᠭᠠᠲᠠᠨ ᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠ ᠠᠵᠢᠯ | ᠲᠦᠷᠦᠯ ᠪᠣᠯᠣᠨ ᠵᠠᠬ᠎ᠠ ᠳᠡᠯᠭᠡᠭᠦᠷ ᠲᠤ ᠣᠷᠣᠬᠤ ᠶᠢ ᠨᠢ ᠴᠠᠭᠠᠵᠠᠯᠠᠬᠤ ᠵᠡᠷᠭᠡ ᠴᠢᠩᠭ᠎ᠠ ᠰᠢᠢᠳᠬᠡᠯ ᠥᠭᠴᠦ᠂ ᠶᠠᠯᠠᠲᠤ | ᠠᠵᠢᠯᠯᠠᠭ᠎ᠠ ᠳᠤ ᠬᠤᠯᠪᠣᠭᠳᠠᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠷ ᠪᠣᠯᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ | ᠥᠪᠥᠷ ᠮᠣᠩᠭᠤᠯ ᠤᠨ ᠵᠠᠰᠠᠭ ᠤᠨ ᠣᠷᠳᠣᠨ |