ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/12/9
ᠭᠤᠤᠯ ᠰᠡᠳᠦᠪ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠᠴᠠᠭ  2020 ᠣᠨ ᠤ 10 ᠰᠠᠷ᠎ᠠ ᠶᠢᠨ 14 ᠤ ᠡᠳᠦᠷ ᠡᠷᠬᠢᠮ ᠵᠤᠴᠢᠨ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶᠠᠨ ᠤ ᠳᠠᠷᠤᠭ᠎ᠠ ᠭᠤᠤ ᠱᠦ᠋ ᠫᠢᠩᠲᠣᠪᠴᠢᠯᠠᠯ    ᠤᠢᠢᠷ᠎ᠠ ᠶᠢᠨ ᠵᠢᠯ ᠤᠳ ᠲᠤ᠂ ᠠᠵᠤ ᠠᠬᠤᠶ ᠨᠡᠶᠢᠭᠡᠮ ᠤᠨ ᠲᠠᠰᠤᠷᠠᠯᠳᠠ ᠦᠭᠡᠢ ᠬᠥᠭᠵᠢᠬᠦ ᠶᠢ ᠳᠠᠭᠠᠯᠳᠤᠨ᠂ ᠬᠥᠮᠦᠰ ᠤᠨ ᠪᠣᠳᠠᠰ ᠤᠨ ᠠᠮᠢᠳᠤᠷᠠᠯ ᠤᠨ ᠬᠢᠷᠢ ᠬᠡᠮᠵᠢᠶ᠎ᠡ ᠡᠳᠦᠷ ᠢᠷᠡᠬᠦᠶ᠎ᠡ ᠳᠡᠭᠡᠭᠰᠢᠯᠡᠵᠦ᠂ ᠠᠮᠢ ᠠᠬᠤᠶ ᠶᠢᠨ ᠣᠷᠴᠢᠨ ᠨᠦᠬᠦᠴᠡᠯ ᠳᠤ ᠲᠠᠯᠪᠢᠬᠤ ᠱᠠᠭᠠᠷᠳᠠᠯᠭ᠎ᠠ ᠴᠤ ᠨᠡᠩ ᠴᠢᠩᠭ᠎ᠠ ᠪᠣᠯᠵᠠᠶ᠃ ᠥᠨᠥᠳᠦᠷ᠂ ᠪᠢᠳᠡ ᠤᠯᠠᠭᠠᠨᠴᠠᠪ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠬᠤᠪᠢᠶᠠᠷᠢ ᠲᠣᠪᠴᠢᠶᠠᠨ ᠤ ᠳᠠᠷᠤᠭ᠎ᠠ ᠭᠤᠤ ᠱᠦ᠋ ᠫᠢᠩ ᠨᠥᠬᠦᠷ ᠢ ᠤᠷᠢᠨ ᠲᠣᠭᠯᠠᠯᠲᠠ ᠭᠠᠷᠭᠠᠬᠤ ᠲᠠᠰᠤᠭ ᠲᠤ ᠤᠷᠢᠵᠤ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ 2019 ᠣᠨ ᠤ ᠠᠵᠢᠯ ᠢ ᠪᠡᠶᠡᠯᠡᠬᠦᠯᠦᠭᠰᠡᠨ ᠪᠠᠶᠢᠳᠠᠯ ᠵᠢᠴᠢ 2020 ᠣᠨ ᠤ ᠲᠥᠯᠥᠪᠯᠡᠭᠡ ᠶᠢᠨ ᠲᠠᠯ᠎ᠠ ᠪᠠᠷ ᠥᠷᠭᠡᠨ ᠣᠯᠠᠨ ᠰᠣᠨᠣᠰᠤᠭᠴᠢᠳ ᠪᠣᠯᠤᠨ ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠣᠯᠢᠯᠴᠠᠪᠠ᠃
   ᠬᠥᠲᠥᠯᠥᠭᠴᠢ᠄ 2019 ᠣᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠤᠱᠯᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠷᠴᠢᠨ ᠲᠣᠭᠤᠷᠢᠨ ᠤ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠬᠦᠴᠦᠯᠡᠴᠡ ᠪᠠᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠥᠨᠥᠳᠦᠷ ᠪᠢᠳᠡ ᠤᠯᠠᠭᠠᠨᠴᠠᠪ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶᠠᠨ ᠤ ᠳᠠᠷᠤᠭ᠎ᠠ ᠭᠤᠤ ᠱᠦ᠋ ᠫᠢᠩ ᠨᠥᠬᠦᠷ ᠢ ᠤᠷᠢᠵᠤ ᠠᠪᠴᠢᠷᠠᠪᠠ᠃ ᠪᠢᠳᠡ ᠭᠤᠤ ᠲᠣᠪᠴᠢᠶᠠᠨ ᠳᠠᠷᠤᠭ᠎ᠠ ᠪᠢᠳᠡᠨ ᠳᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠶᠢᠨ 2019 ᠣᠨ ᠤ ᠠᠵᠢᠯ ᠤᠨ ᠭᠢᠯᠠᠰ ᠴᠡᠭ ᠪᠠ 2020 ᠣᠨ ᠤ ᠠᠵᠢᠯ ᠤᠨ ᠲᠥᠯᠥᠪᠯᠡᠭᠡ ᠶᠢ ᠲᠠᠨᠢᠯᠴᠠᠭᠤᠯᠬᠤ ᠶᠢ ᠬᠦᠰᠡᠵᠦ ᠪᠠᠶᠢᠨ ᠎ᠠ᠃    ᠭᠤᠤ ᠱᠣ᠋ ᠫᠢᠩ᠄ ᠰᠦᠯᠵᠢᠶᠡᠨ ᠠᠨᠳᠠ ᠨᠠᠷ ᠠ᠂ ᠬᠥᠲᠥᠯᠥᠭᠴᠢ ᠡ᠂ ᠰᠠᠶᠢᠨ ᠪᠠᠶᠢᠵᠠᠭᠠᠨ᠎ᠠ ᠤᠤ︖ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠵᠠᠰᠠᠭ ᠤᠨ ᠣᠷᠳᠣᠨ ᠤ ᠰᠦᠯᠵᠢᠶ᠎ᠡ ᠪᠢᠳᠡᠨ ᠳᠤ ᠣᠯᠳᠠᠬᠤᠶ᠎ᠠ ᠪᠡᠷᠬᠡ ᠰᠣᠯᠢᠯᠴᠠᠭᠠᠨ ᠤ ᠲᠠᠪᠴᠠᠩ ᠬᠠᠩᠭᠠᠭᠰᠠᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠮᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯ ᠤᠨ ᠬᠠᠷᠢᠴᠠᠭ᠎ᠠ ᠪᠠ ᠳᠡᠮᠵᠢᠯᠭᠡ ᠳᠤ ᠴᠦ ᠮᠠᠰᠢ ᠲᠠᠯᠠᠷᠬᠠᠵᠤ ᠪᠠᠶᠢᠨ᠎ᠠ︕ ᠪᠢ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ 2019 ᠣᠨ‌‍ᠤ ᠠᠵᠢᠯ ᠵᠢᠴᠢ 2020 ᠣᠨ ᠤ ᠠᠵᠢᠯ ᠤᠨ ᠭᠤᠣᠯᠳᠠᠯᠭ᠎ᠠ ᠶᠢᠨ ᠲᠤᠬᠠᠢ ᠳᠣᠣᠷᠠᠬᠢ ᠮᠡᠲᠦ ᠲᠠᠨᠢᠯᠴᠠᠭᠤᠯᠤᠶ᠎ᠠ᠄    ᠨᠢᠭᠡ᠂ ᠭᠤᠤᠯ ᠠᠵᠢᠯ ᠢ ᠪᠡᠶᠡᠯᠡᠭᠦᠯᠦᠭᠰᠡᠨ ᠪᠠᠶᠢᠳᠠᠯ    1᠂ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠢ ᠪᠦᠬᠦ ᠲᠠᠯ᠎ᠠ ᠪᠠᠷ ᠶᠠᠪᠤᠭᠳᠠᠭᠤᠯᠤᠨ᠎ᠠ    2019 ᠣᠨ ᠤ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢᠨ ᠬᠢᠨᠠᠨ ᠬᠡᠮᠵᠢᠬᠦ ᠠᠭᠠᠷ ᠤᠨ ᠰᠠᠶᠢᠨ ᠰᠠᠶᠢᠬᠠᠨ ᠡᠳᠦᠷ  ᠤᠨ ᠲᠤᠭ᠎ᠠ ᠨᠢ 335 ᠡᠳᠦᠷ ᠪᠠᠶᠢᠵᠤ᠂ 25 ᠡᠳᠦᠷ᠂ 2 ᠡᠳᠦᠷ᠂ 3 ᠡᠳᠦᠷ ᠬᠦᠨᠳᠦ ᠨᠣᠴᠢᠲᠠᠶ ᠪᠣᠬᠢᠷᠲᠤᠭᠤᠯᠤᠨ᠎ᠠ᠃ ᠬᠢᠨᠠᠨ ᠬᠡᠮᠵᠢᠭᠰᠡᠨ ᠰᠢᠯᠢᠳᠡᠭ ᠡᠳᠦᠷ ᠤᠨ ᠲᠤᠭ᠎ᠠ 92% ᠢ ᠳᠠᠪᠠᠪᠠ᠃    ᠨᠢᠭᠡ ᠳᠤ᠂ ᠠᠵᠤ ᠤᠶᠢᠯᠡᠰ ᠤᠨ ᠪᠠᠶᠢᠭᠤᠯᠤᠮᠵᠢ ᠶᠢ ᠲᠣᠬᠢᠷᠠᠭᠤᠯᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠬᠥᠭᠵᠢᠭᠦᠯᠦᠨ᠎ᠡ᠃ ᠲᠥᠷᠥᠯ ᠵᠤᠶᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠣᠶᠢᠯ ᠳᠤ ᠴᠠᠬᠢᠯᠭᠠᠨ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠴᠡᠪᠡᠷ ᠡᠨᠧᠷᠭᠢ ᠬᠡᠷᠡᠭᠯᠡᠬᠦ ᠶᠢ ᠵᠣᠷᠢᠭᠵᠢᠭᠤᠯᠤᠨ᠎ᠠ᠃ 4 ᠡᠨᠧᠷᠭᠢ ᠶᠢᠨ ᠬᠤᠷᠣᠭᠳᠠᠯ ᠶᠡᠬᠡᠲᠡᠶ ᠠᠵᠤ ᠠᠬᠤᠶᠢᠯᠠᠯ ᠲᠣᠭᠤᠰᠣ ᠠᠷᠢᠯᠭᠠᠬᠤ ᠥᠭᠡᠷᠡᠴᠢᠯᠡᠯᠲᠡ ᠶᠢᠨ ᠲᠥᠷᠥᠯ ᠵᠣᠶᠢᠯ ᠢ ᠪᠡᠶᠡᠯᠡᠭᠦᠯᠵᠦ᠂ 6 ᠢᠯᠴᠢ ᠬᠠᠩᠭᠠᠬᠤ ᠺᠣᠮᠫᠠᠨᠢ ᠬᠦᠬᠦᠷ ᠦᠬᠡᠶᠢᠳᠡᠬᠦᠯᠬᠦ ᠥᠭᠡᠷᠡᠴᠢᠯᠡᠯᠲᠡ ᠶᠢ ᠪᠡᠶᠡᠯᠡᠭᠦᠯᠪᠡ᠃    ᠬᠤᠶᠠᠷ ᠲᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠢ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠳᠤᠷ ᠠᠳᠬᠤᠵᠤ᠂ ᠡᠨᠡ ᠵᠢᠯ ᠨᠡᠶᠢᠲᠡ 12 ᠵᠢᠵᠢᠭ ᠤᠶᠢᠯᠡᠳᠬᠡᠯ ᠤᠨ ᠭᠠᠵᠠᠷ ᠢ ᠬᠠᠭᠠᠵᠤ ᠵᠣᠭᠰᠣᠭᠠᠨ᠎ᠠ᠃    ᠭᠤᠷᠪᠠ ᠳᠤ᠂ ᠬᠤᠲᠠ ᠶᠢᠨ ᠲᠣᠭᠤᠷᠢᠭ ᠤᠨ ᠭᠦᠸᠧᠯᠦ ᠶᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠨᠡᠭᠦᠷᠡᠰᠦ ᠰᠢᠲᠠᠭᠠᠬᠤ ᠭᠦᠸᠧᠯᠦ ᠶᠢ ᠪᠦᠬᠦ ᠲᠠᠯ᠎ᠠ ᠪᠠᠷ ᠰᠢᠭᠰᠢᠭᠳᠡᠭᠦᠯᠵᠦ᠂ ᠨᠡᠭᠦᠷᠡᠰᠦ ᠰᠢᠲᠠᠭᠠᠬᠤ ᠵᠢᠵᠢᠭ ᠬᠡᠯᠪᠡᠷᠢ ᠶᠢᠨ ᠪᠡᠯᠡᠳᠬᠡᠮᠵᠢ ᠶᠢ ᠴᠡᠭᠴᠡᠯᠡᠨ ᠵᠠᠰᠠᠬᠤ ᠬᠡᠷᠡᠭᠲᠡᠶ᠃ ᠲᠥᠪᠯᠡᠷᠡᠭᠦᠯᠦᠨ ᠢᠯᠴᠢ ᠬᠠᠩᠭᠠᠬᠤ᠂ ︽ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠠ ᠴᠡᠪᠡᠷ ᠡᠨᠧᠷᠭᠢ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠣᠷᠣᠯᠠᠭᠤᠯᠬᠤ ᠪᠠᠷ ᠳᠠᠮᠵᠢᠭᠤᠯᠤᠨ᠂ ᠨᠡᠭᠦᠷᠡᠰᠦ ᠰᠢᠲᠠᠭᠠᠬᠤ ᠭᠦᠸᠧᠯᠦ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠪᠦᠬᠦ ᠬᠤᠰᠢᠭᠤᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠪᠠᠷ ᠳᠠᠮᠵᠢᠨ᠂ ᠮᠠᠨ ᠤ ᠲᠣᠪᠴᠢᠶ᠎ᠠ ᠢᠯᠴᠢ ᠬᠠᠩᠭᠠᠬᠤ ᠠᠴᠠ ᠭᠠᠳᠠᠨᠠᠬᠢ 10 ᠠᠭᠤᠷ ᠤᠨ ᠲᠣᠨ ᠤ ᠵᠢᠵᠢᠭ ᠭᠦᠸᠧᠯᠦ ᠶᠢ ᠰᠢᠭᠰᠢᠭᠳᠡᠭᠦᠯᠬᠦ ᠠᠵᠢᠯ ᠢ ᠬᠠᠷᠢᠭᠤᠴᠠᠵᠤ᠂ ᠣᠳᠣᠬᠠᠨ ᠳᠤ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃    2᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠶ᠎ᠠ    ᠨᠢᠭᠡ ᠳᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ 2019 ᠣᠨ ᠳᠤ ᠮᠠᠨ ᠤ ᠲᠣᠪᠴᠢᠶ᠎ᠠ ᠪᠥᠬᠦ ᠬᠤᠰᠢᠭᠤᠨ ᠤ 1 ᠬᠤᠲᠠ ᠪᠠᠯᠭᠠᠰᠤᠨ ᠤ ᠤᠰᠤᠨ ᠰᠤᠷᠪᠤᠯᠵᠢ ᠶᠢᠨ ᠭᠠᠵᠠᠷ᠂ 3 ᠰᠢᠶᠠᠩ ᠪᠠᠯᠭᠠᠰᠤᠨ ᠤ ᠤᠰᠤᠨ ᠰᠤᠷᠪᠤᠯᠵᠢ ᠶᠢᠨ ᠭᠠᠵᠠᠷ᠂ 2 ᠵᠠᠰᠠᠭ ᠵᠠᠬᠢᠷᠭᠠᠨ ᠤ ᠲᠣᠰᠬᠤᠨ ᠤ ᠤᠰᠤᠨ ᠰᠤᠷᠪᠤᠯᠵᠢ ᠶᠢᠨ ᠭᠠᠵᠠᠷ ᠲᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ 12 ᠲᠡᠷᠭᠡ ᠬᠥᠳᠡᠯᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ 48 ᠬᠥᠮᠦᠨ ᠤᠳᠠᠭ᠎ᠠ ᠬᠥᠳᠡᠯᠭᠡᠵᠦ᠂ ᠪᠦᠬᠦ ᠬᠤᠰᠢᠭᠤᠨ ᠤ ᠵᠠᠭᠠᠭᠯᠠᠨ ᠲᠣᠭᠲᠠᠭᠠᠭᠰᠠᠨ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠤᠰᠤ ᠶᠢᠨ ᠠᠮᠤᠷ ᠲᠦᠪᠰᠢᠨ ᠢ ᠨᠥᠯᠥᠭᠡᠯᠡᠬᠦ ᠪᠣᠬᠢᠷᠲᠤᠯ ᠭᠠᠳᠠᠭᠰᠢᠯᠠᠭᠤᠯᠬᠤ ᠠᠮᠠᠰᠠᠷ ᠪᠠᠶᠢᠬᠤ ᠦᠭᠡᠢ᠂ ᠮᠠᠯ ᠵᠢᠬᠦᠷᠳᠡᠨ ᠲᠠᠯᠪᠢᠬᠤ ᠵᠡᠷᠭᠡ ᠪᠣᠬᠢᠷᠲᠤᠭᠰᠠᠨ ᠤᠰᠤᠨ ᠤ ᠰᠤᠷᠪᠤᠯᠵᠢ ᠶᠢᠨ ᠭᠠᠵᠠᠷ ᠪᠠᠶᠢᠬᠤ ᠦᠭᠡᠢ ᠪᠠᠶᠢᠳᠠᠯ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠨᠢ ᠴᠥᠮ ︽ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ︾ ᠶᠢᠨ Ⅲ ᠲᠥᠷᠥᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃     ᠬᠤᠶᠠᠷ ᠲᠤ᠂ ᠲᠣᠰᠣ ᠨᠡᠮᠡᠬᠦ ᠥᠷᠲᠡᠭᠡ ᠶᠢᠨ ᠲᠣᠰᠣᠨ ᠰᠠᠪᠠ ᠶᠢ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠤᠨ᠎ᠠ᠃ ︽ᠤᠯᠠᠭᠠᠨᠴᠠᠪ ᠬᠤᠲᠠ ᠶᠢᠨ ᠲᠣᠰᠣ ᠨᠡᠮᠡᠬᠦ ᠥᠷᠲᠡᠭᠡ ᠶᠢᠨ ᠭᠠᠵᠠᠷ ᠳᠣᠤᠷᠠᠬᠢ ᠲᠣᠰᠣᠨ ᠰᠠᠪᠠ ᠶᠢ ᠥᠭᠡᠷᠡᠴᠢᠯᠡᠬᠦ ᠠᠵᠢᠯ ᠤᠨ ᠲᠥᠯᠥᠪᠯᠡᠭᠡ ᠶᠢᠨ ᠬᠦᠰᠦᠨᠦᠭᠲᠦ︾ ᠶᠣᠰᠣᠭᠠᠷ 2019 ᠣᠨ ᠳᠤ ᠮᠠᠨ ᠤ ᠬᠤᠰᠢᠭᠤᠨ ᠤ ᠲᠣᠰᠣ ᠨᠡᠮᠡᠬᠦ ᠥᠷᠲᠡᠭᠡ ᠶᠢᠨ ᠭᠠᠵᠠᠷ ᠳᠣᠤᠷᠠᠬᠢ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠡᠭᠦᠷᠭᠡ ᠳᠤ ᠬᠤᠯᠪᠣᠭᠳᠠᠭᠰᠠᠨ ᠨᠡᠶᠢᠲᠡ 6 ᠲᠣᠰᠣ ᠨᠡᠮᠡᠬᠦ ᠥᠷᠲᠡᠭᠡ ᠪᠣᠶ᠃ ᠣᠳᠣᠬᠠᠨ ᠪᠣᠯᠲᠠᠯ᠎ᠠ᠂ ᠨᠢᠭᠡᠨᠲᠡ 5 ᠰᠠᠭᠤᠷᠢ ᠬᠤᠶᠠᠷ ᠳᠠᠪᠬᠤᠷ ᠪᠣᠷᠲᠣᠭᠤ ᠶᠢ ᠥᠭᠡᠷᠡᠴᠢᠯᠡᠨ ᠵᠠᠰᠠᠵᠤ ᠳᠠᠭᠤᠰᠬᠠᠵᠠᠢ᠃ 1 ᠰᠠᠭᠤᠷᠢ ᠥᠭᠡᠷᠡᠴᠢᠯᠡᠯᠲᠡ ᠶᠢ ᠪᠡᠶᠡᠯᠡᠭᠦᠯᠦᠭᠰᠡᠨ ᠥᠬᠡᠶ᠂ ᠵᠢᠱᠢᠯᠲᠡ ᠪᠠᠷ 2020 ᠣᠨ ᠤ ᠳᠤᠮᠳᠠᠴᠢ ᠪᠠᠷ ᠦᠬᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠥᠭᠡᠷᠡᠴᠢᠯᠡᠨ ᠰᠠᠶᠢᠵᠢᠷᠠᠭᠤᠯᠤᠭᠰᠠᠨ ᠨᠣᠷᠮ᠎ᠠ 83% ᠳᠤ ᠬᠦᠷᠪᠡ᠃    ᠭᠤᠷᠪᠠ ᠳᠤ᠂ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ︽ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠬᠢᠵᠠᠭᠠᠷᠯᠠᠬᠤ ᠵᠦᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠲᠥᠰᠦᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠬᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠬᠢᠵᠠᠭᠠᠷᠯᠠᠬᠤ ᠵᠥᠪᠰᠢᠶᠡᠷᠡᠯ ᠤᠨ ᠦᠨᠡᠮᠯᠡᠯ ᠤᠨ ᠬᠡᠷᠡᠭᠵᠢᠭᠦᠯᠬᠦ ᠲᠥᠰᠦᠯ︾ ᠵᠡᠷᠭᠡ ᠲᠣᠭᠲᠠᠭᠠᠯ ᠶᠣᠰᠣᠭᠠᠷ᠂ 2019 ᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠪᠠ ᠬᠢᠨᠠᠨ  ᠤᠯᠭᠤᠬᠤ ᠪᠠ ᠦᠨᠡᠮᠯᠡᠯ ᠣᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠢᠯᠴᠢ ᠬᠠᠩᠭᠠᠬᠤ 6 ᠺᠣᠮᠫᠠᠨᠢ ᠶᠢᠨ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠨᠢᠭᠡᠨᠲᠡ ᠭᠤᠶᠤᠴᠢᠯᠠᠨ ᠬᠢᠨᠠᠨ ᠣᠯᠭᠤᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠺᠣᠮᠫᠠᠨᠢ᠂ ᠥᠪᠥᠷ ᠮᠣᠩᠭᠤᠯ ᠤᠨ ᠰᠢ ᠲᠠᠢ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠥᠪᠥᠷ ᠮᠤᠩᠭᠤᠯ ᠤᠨ ᠺᠠᠶ ᠸᠤᠨ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠾᠦᠢ ᠺᠠᠯᠢ ᠪᠣᠷᠳᠣᠭᠤᠷ ᠤᠨ ᠬᠢᠵᠠᠭᠠᠷᠲᠤ ᠺᠣᠮᠫᠠᠨᠢ ᠶᠢᠨ ᠦᠨᠡᠮᠯᠡᠯ ᠢ ᠶᠠᠭ ᠬᠦᠢᠴᠡᠳᠭᠡᠵᠤ ᠪᠠᠶᠢᠨ᠎ᠠ᠃    3᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠨ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃    ᠨᠢᠭᠡ ᠳᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠴᠢᠩᠭᠠᠳᠬᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠭᠤᠤᠯᠳᠠᠯᠭ᠎ᠠ ᠲᠠᠢ ᠪᠣᠬᠢᠷᠲᠤᠯ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠡᠶ᠃ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠳᠤ ᠳᠠᠶᠢᠴᠢᠯᠠᠯᠳᠠ ᠪᠠᠶᠢᠷᠢᠯᠠᠭᠤᠯᠤᠯᠲᠠ ᠬᠢᠵᠦ᠂ ᠲᠠᠷᠢᠶᠠᠯᠠᠩ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠡᠶ᠃ ᠬᠠᠮᠢᠶ᠎ᠠ ᠪᠦᠬᠦᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠳᠡᠬᠦᠯᠳᠡᠷᠵᠢᠬᠦᠯᠦᠨ᠎ᠡ᠃    ᠬᠤᠶᠠᠷ ᠲᠤ᠂ ᠶᠡᠭᠡ ᠵᠢᠷᠭᠤᠳᠤᠭᠠᠷ ᠨᠣᠮᠧᠷᠲᠤ ᠴᠢᠯᠠᠭᠤᠨ ᠮᠠᠲ᠋ᠧᠷᠢᠶᠠᠯ ᠡᠳ᠋ᠰᠢᠭᠦᠯᠬᠦ ᠬᠦᠷᠢᠶᠡᠯᠡᠩ ᠲᠣᠭᠤᠷᠢᠭ ᠢ ᠨᠤᠷᠠᠭᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠣᠳᠣᠬᠠᠨ ᠪᠣᠯᠲᠠᠯ᠎ᠠ᠂ ᠨᠤᠷᠠᠭᠠᠭᠠᠳᠤᠶ 7 ᠪᠣᠯᠪᠠᠰᠤᠷᠠᠭᠤᠯᠬᠤ ᠠᠵᠤ ᠠᠬᠤᠶᠢᠯᠠᠯ ᠨᠢᠭᠡᠨᠲᠡ 6 ᠶᠢ ᠨᠤᠷᠠᠭᠠᠵᠤ᠂ ᠪᠠᠰᠠ ᠨᠢᠭᠡ ᠶᠢ ᠨᠤᠷᠠᠭᠠᠭᠠᠳᠤᠶ ︵ᠺᠣᠷᠢᠶᠠ ᠶᠢᠨ ᠦᠢᠯᠡᠳᠪᠦᠷᠢ︶ ᠪᠠᠶᠢᠨ᠎ᠠ᠃ ᠲᠣᠰ ᠠᠵᠤ ᠠᠬᠤᠶᠢᠯᠠᠯ ᠲᠦᠷ ᠨᠤᠷᠠᠭᠠᠬᠤ ᠶᠢ ᠵᠥᠪᠰᠢᠶᠡᠷᠡᠭᠰᠡᠨ ᠦᠭᠡᠢ᠂ ᠵᠠᠰᠠᠭ ᠤᠨ ᠣᠷᠳᠣᠨ ᠲᠠᠢ ᠵᠥᠪᠳᠡᠯᠴᠡᠭᠰᠡᠨ ᠤ ᠳᠠᠷᠠᠭ᠎ᠠ ᠨᠤᠷᠠᠭᠠᠨ᠎ᠠ᠃ ᠡᠭᠦᠨ ᠤ ᠬᠠᠮᠲᠤ᠂ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠡᠷᠡᠭᠵᠢᠭᠦᠯᠵᠦ᠂ ᠬᠠᠶᠠᠭᠳᠠᠮᠠᠯ ᠨᠦᠬᠡ ᠮᠠᠯᠳᠠᠬᠤ ᠶᠢ ᠰᠡᠷᠭᠦᠭᠡᠨ ᠵᠠᠰᠠᠬᠤ ᠶᠢ ᠬᠡᠷᠡᠭᠵᠢᠭᠦᠯᠪᠡ᠃    4. ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃    ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠣᠷᠴᠢᠨ ᠲᠣᠭᠤᠷᠢᠨ ᠤ ᠬᠠᠮᠠᠭᠠᠯᠠᠯᠲᠠ‌‍ᠶᠢ ᠬᠢᠨᠠᠨ ᠵᠦᠪᠰᠢᠶᠡᠷᠡᠬᠦ ᠪᠣᠭᠤᠮᠲᠠ ᠶᠢ ᠬᠢᠨᠠᠮᠠᠭᠠᠶ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠰᠢᠨ᠎ᠡ ᠪᠣᠬᠢᠷᠲᠤᠯ ᠪᠣᠯᠤᠨ ᠠᠮᠢ ᠠᠬᠤᠢ ᠶᠢᠨ ᠡᠪᠳᠡᠭᠳᠡᠯ ᠢ ᠡᠬᠢ ᠡᠭᠦᠰᠦᠯ ᠠᠴᠠ ᠨᠢ ᠬᠢᠵᠠᠭᠠᠷᠯᠠᠬᠤ ᠬᠡᠷᠡᠭᠲᠡᠶ᠃ ᠡᠨᠡ ᠵᠢᠯ ᠠᠴᠠ ᠨᠠᠰᠢ ᠰᠢᠨ᠎ᠡ ᠪᠠᠷ ᠪᠠᠶᠢᠭᠤᠯᠬᠤ ᠲᠥᠷᠥᠯ ᠵᠣᠶᠢᠯ ᠤᠨ ᠣᠷᠴᠢᠨ ᠲᠣᠭᠤᠷᠢᠨ ᠳᠤ ᠦᠵᠡᠭᠦᠯᠬᠦ ᠨᠦᠯᠦᠬᠡ ᠶᠢᠨ ᠬᠦᠰᠦᠨᠦᠭᠲᠦ 15 ᠶᠢ ᠪᠡᠶᠡᠯᠡᠭᠦᠯᠵᠡᠶ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠳᠠᠩᠰᠠᠯᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠳᠠᠩᠰᠠᠯᠠᠯ ᠤᠨ ᠬᠦᠰᠦᠨᠦᠭᠲᠦ 21 ᠶᠢ ᠬᠡᠷᠡᠭᠵᠢᠬᠦᠯᠵᠤ᠂ ᠬᠢᠨᠠᠨ ᠵᠥᠪᠰᠢᠶᠡᠷᠡᠬᠦ ᠶᠢ ᠪᠡᠶᠡᠯᠡᠭᠦᠯᠦᠭᠰᠡᠨ ᠨᠣᠷᠮ᠎ᠠ ᠨᠢ 100% ᠪᠣᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠪᠠᠯᠠ ᠮᠥᠩᠭᠦ ᠭᠤᠶᠤᠴᠢᠯᠠᠬᠤ ᠲᠥᠷᠥᠯ ᠵᠣᠶᠢᠯ ᠨᠡᠶᠢᠲᠡ 5 ᠪᠣᠶ ︵ᠠᠭᠠᠷ ᠮᠠᠨᠳᠠᠯ 3᠂ ᠤᠰᠤ᠂ ᠬᠥᠷᠥᠰᠥ ᠰᠢᠷᠣᠶ ᠲᠣᠰ ᠪᠦᠷᠢ 1 ᠪᠣᠶ︶᠂ ᠠᠷᠢᠭᠤᠨ ᠴᠡᠪᠡᠷ ᠡᠨᠧᠷᠭᠢ ᠶᠢᠨ ᠰᠠᠭᠤᠷᠢ ᠮᠥᠩᠭᠦ ᠶᠢᠨ ᠵᠢᠭᠡᠯᠡᠯᠭᠡ ᠨᠢ ᠨᠡᠶᠢᠲᠡ 2 ᠲᠥᠷᠥᠯ ᠵᠦᠢᠯ ᠪᠣᠯᠤᠨ᠎ᠠ᠃    ᠬᠤᠶᠠᠷ ᠲᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠵᠤ᠂ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ 2019 ᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ︾ ︵ᠠᠷᠤ ᠣᠷᠴᠢᠨ ᠲᠠᠷᠬᠠᠭᠠᠭᠰᠠᠨ ︹ 2019 ︺ 4 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠲᠣᠪᠴᠢᠶ᠎ᠠ ᠣᠷᠴᠢᠨ ᠠᠬᠤᠶ ᠶᠢᠨ ᠬᠠᠮᠠᠭᠠᠯᠠᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠮᠠᠨ ᠤ ᠬᠤᠰᠢᠭᠤᠨ ᠤ ᠬᠠᠷᠢᠶ᠎ᠠ ᠣᠷᠣᠨ ᠤ 27 ᠠᠵᠤ ᠠᠬᠤᠶᠢᠯᠠᠯ ᠢ ᠪᠦᠬᠦ ᠲᠠᠯ᠎ᠠ ᠪᠠᠷ ᠪᠠᠶᠢᠴᠠᠭᠠᠵᠤ᠂ 45 ᠬᠥᠮᠦᠨ ᠤᠳᠠᠭ᠎ᠠ ᠬᠥᠳᠡᠯᠭᠡᠨ᠂ ᠴᠡᠭᠴᠡᠯᠡᠨ ᠥᠭᠡᠷᠡᠴᠢᠯᠡᠬᠦ ᠰᠠᠨᠠᠯ ᠪᠤᠶᠤ 50 ᠭᠠᠷᠤᠶ ᠠᠷᠭ᠎ᠠ ᠬᠡᠮᠵᠢᠶ᠎ᠡ ᠳᠤᠷᠠᠳᠴᠤ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠨᠢ ᠣᠷᠴᠢᠨ ᠲᠣᠭᠤᠷᠢᠨ ᠤ ᠠᠰᠠᠭᠤᠳᠠᠯ ᠢᠶᠠᠨ ᠢᠳᠡᠪᠬᠢᠲᠡᠢ ᠴᠡᠭᠴᠡᠯᠡᠨ ᠰᠠᠶᠢᠵᠢᠷᠠᠭᠤᠯᠵᠤ᠂ ᠣᠳᠣᠬᠠᠨ ᠳᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠵᠤ ᠪᠠᠶᠢᠭ᠎ᠠ ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠳᠠᠭᠤᠰᠬᠠᠪᠠ᠃    2019 ᠤᠨ᠂ ᠬᠢᠨᠠᠨ ᠪᠠᠶᠢᠴᠠᠭᠠᠬᠤ ᠠᠵᠢᠯᠲᠠᠨ ︽ᠳᠥᠷᠪᠡᠨ ᠢᠵᠢ ᠪᠦᠷᠢᠳᠦᠭᠦᠯᠬᠦ︾ ᠠᠷᠭ᠎ᠠ ᠵᠢᠴᠢ ᠵᠠᠰᠠᠭ ᠵᠠᠬᠢᠷᠭᠠᠨ ᠤ ᠰᠢᠢᠳᠭᠡᠯ ᠤᠨ ᠬᠡᠷᠡᠭ ᠢ ᠰᠢᠢᠳᠪᠤᠷᠢᠯᠡᠬᠦ ᠳᠡᠰ ᠳᠠᠷᠠᠭᠠᠯᠠᠯ ᠶᠣᠰᠣᠭᠠᠷ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠢᠳᠬᠡᠯ18 ᠤᠳᠠᠭ᠎ᠠ ᠡᠭᠦᠰᠴᠦ᠂ ᠡᠭᠦᠨ ᠤ ᠳᠣᠲᠣᠷ᠎ᠠ ᠲᠦᠷ ᠬᠤᠷᠢᠬᠤ ᠪᠠᠷ ᠰᠢᠯᠵᠢᠭᠦᠯᠦᠨ ᠬᠦᠷᠬᠡᠵᠤ᠂ ᠨᠡᠶᠢᠲᠡ 145.8 ᠲᠦᠮᠡᠨ ᠵᠣᠭᠤᠰ ᠢᠶᠠᠷ ᠲᠣᠷᠭᠠᠵᠠᠶ᠃ 12369 ᠢᠯᠡᠴᠢᠯᠡᠨ ᠮᠡᠳᠡᠭᠦᠯᠬᠦ ᠤᠲᠠᠰᠤ᠂ ᠰᠤᠷᠪᠤᠯᠵᠢᠯᠠᠬᠤ ᠪᠠᠷ ᠢᠷᠡᠭᠰᠡᠳ᠂ ᠵᠠᠬᠢᠳᠠᠯ ᠢᠷᠡᠭᠦᠯᠦᠭᠰᠡᠨ᠂ ᠳᠡᠭᠡᠳᠦ ᠱᠠᠳᠤᠨ ᠤ ᠰᠢᠪᠠᠳᠠᠨ  ᠰᠢᠢᠳᠪᠤᠷᠢᠯᠡᠭᠰᠡᠨ ᠬᠡᠷᠡᠭ ᠨᠡᠶᠢᠲᠡ 26 ᠪᠠᠶᠢᠵᠤ᠂ ᠡᠭᠦᠨ ᠳᠤ 22 ᠨᠢ ᠠᠭᠠᠷ ᠮᠠᠨᠳᠠᠯ ᠤᠨ ᠪᠣᠬᠢᠷᠲᠤᠯ᠂ 4 ᠨᠢ ᠤᠰᠤᠨ ᠤ ᠪᠣᠬᠢᠷᠲᠤᠯ᠂ ᠮᠠᠨ ᠤ ᠲᠣᠪᠴᠢᠶ᠎ᠠ ᠪᠣᠬᠢᠷᠲᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠠᠭ ᠲᠤᠬᠠᠶ ᠳᠤᠨᠢ ᠲᠣᠬᠢᠲᠠᠶ ᠰᠢᠢᠳᠪᠤᠷᠢᠯᠡᠬᠡᠳ᠂ ᠪᠡᠶᠡᠯᠡᠭᠦᠯᠦᠭᠰᠡᠨ ᠨᠣᠷᠮ᠎ᠠ ᠨᠢ 100% ᠳᠤ ᠬᠦᠷᠴᠡᠶ᠃    ᠭᠤᠷᠪᠠ ᠳᠤ᠂ ᠬᠠᠤᠯᠢ ᠬᠡᠷᠡᠭᠵᠢᠭᠦᠯᠵᠦ ᠴᠡᠷᠢᠭ ᠪᠣᠯᠪᠠᠰᠤᠷᠠᠭᠤᠯᠬᠤ ᠠᠵᠢᠯ ᠢ ᠴᠢᠩᠭᠠᠳᠬᠠᠵᠤ᠂ ᠴᠠᠭᠠᠷᠠᠭᠰᠠᠨ ᠡᠩᠨᠡᠬᠦ ᠶᠢ ᠪᠠᠶᠢᠭᠤᠯᠤᠨ᠎ᠠ᠃    ᠡᠨᠡ ᠵᠢᠯ ᠠᠴᠠ ᠨᠠᠰᠢ ᠮᠠᠨ ᠤ ᠲᠣᠪᠴᠢᠶ᠎ᠠ 810 ᠬᠥᠮᠦᠨ ᠤᠳᠠᠭ᠎ᠠ ᠬᠢᠨᠠᠨ ᠪᠠᠶᠢᠴᠠᠭᠠᠬᠤ ᠠᠵᠢᠯᠲᠠᠨ ᠢ ᠬᠥᠳᠡᠯᠭᠡᠨ᠂ 320 ᠲᠡᠷᠭᠡ ᠶᠢ ᠬᠥᠳᠡᠯᠭᠡᠨ ᠬᠡᠷᠡᠭᠯᠡᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠪᠣᠯᠤᠨ ᠪᠣᠬᠢᠷᠲᠤᠯ ᠤᠨ ᠰᠤᠷᠪᠤᠯᠵᠢ ᠶᠢᠨ ᠲᠤᠬᠠᠶ ᠶᠢᠨ ᠲᠠᠯᠠᠪᠠᠶ ᠳᠤ ᠬᠢᠨᠠᠯᠲᠠ ᠲᠠᠯᠪᠢᠵᠤ ᠪᠠᠶᠢᠴᠠᠭᠠᠪᠠ᠃ ᠡᠳᠦᠷ ᠲᠤᠲᠤᠮ ᠤᠨ ᠮᠥᠷᠳᠡᠨ ᠪᠠᠶᠢᠴᠠᠭᠠᠬᠤ ᠲᠣᠭᠤᠷᠢᠨ ᠪᠠᠶᠢᠴᠠᠭᠠᠬᠤ ᠦᠶ᠎ᠡ ᠳᠤ ᠰᠤᠭᠤᠴᠢᠨ ᠪᠠᠶᠢᠴᠠᠭᠠᠭᠳᠠᠭᠰᠠᠨ ᠨᠢᠭᠡᠴᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶᠢᠳᠠᠯ ᠵᠢᠴᠢ ᠣᠷᠴᠢᠨ ᠲᠣᠭᠤᠷᠢᠨ ᠤ ᠦᠨᠡᠯᠡᠯᠲᠡ᠂ ︽ᠭᠤᠷᠪᠠ ᠶᠢ ᠵᠡᠷᠭᠡ ᠳᠤᠨᠢ ᠬᠢᠬᠦ︾᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠵᠡᠷᠭᠡ ᠣᠷᠴᠢᠨ ᠲᠤᠭᠤᠷᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠶ᠃ ᠣᠷᠴᠢᠨ ᠲᠣᠭᠤᠷᠢᠨ ᠤ ᠳᠠᠯᠳᠠ ᠭᠡᠮ ᠣᠷᠣᠰᠢᠵᠤ ᠪᠠᠶᠢᠭ᠎ᠠ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ᠲᠡᠮᠳᠡᠭᠯᠡᠯ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠵᠡᠷᠭᠡ ᠪᠢᠴᠢᠭ ᠬᠠᠷ᠎ᠠ ᠶᠢ ᠲᠤᠬᠠᠶ ᠶᠢᠨ ᠭᠠᠵᠠᠷ ᠲᠤᠨᠢ ᠪᠠᠭᠤᠯᠭᠠᠵᠤ᠂ ᠬᠢᠨᠠᠨ ᠪᠠᠶᠢᠴᠠᠭᠠᠭᠰᠠᠨ ᠲᠡᠮᠳᠡᠭᠯᠡᠯ ᠨᠢ ᠪᠣᠳᠠᠲᠠᠶ᠂ ᠲᠣᠳᠣᠷᠬᠠᠶ᠂ ᠦᠨᠡᠨ ᠪᠣᠳᠠᠲᠠᠶ ᠮᠥᠷ ᠲᠠᠢ ᠬᠠᠤᠯᠢ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃    ᠮᠠᠨ ᠤ ᠲᠣᠪᠴᠢᠶ᠎ᠠ ᠰᠢᠯᠵᠢᠮᠡᠯ ᠬᠠᠤᠯᠢ ᠬᠡᠷᠡᠭᠵᠢᠭᠦᠯᠬᠦ ᠰᠢᠰᠲ᠋ᠧᠮ ᠳᠤ ᠲᠦᠰᠢᠭᠯᠡᠨ ᠪᠣᠬᠢᠷᠲᠤᠯ ᠤᠨ ᠡᠬᠢ ᠰᠤᠷᠪᠤᠯᠵᠢ ︽ᠨᠢᠭᠡ ᠠᠵᠤ ᠠᠬᠤᠶᠢᠯᠠᠯ ᠨᠢᠭᠡ ᠳᠠᠩᠰᠠ ᠡᠪᠬᠡᠮᠡᠯ︾ ᠢ ᠬᠢᠨᠠᠨ ᠬᠠᠮᠢᠶᠠᠷᠬᠤ ᠳᠠᠩᠰᠠ ᠡᠪᠬᠡᠮᠡᠯ ᠪᠠᠶᠢᠭᠤᠯᠵᠤ᠂ ᠣᠷᠴᠢᠨ ᠲᠣᠭᠤᠷᠢᠨ ᠤ ᠠᠰᠠᠭᠤᠳᠠᠯ ᠤᠨ ᠡᠬᠡ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠳᠡᠬᠦᠯᠳᠡᠷᠵᠢᠬᠦᠯᠵᠤ᠂ ᠡᠨᠡ ᠵᠢᠯ ᠠᠴᠠ ᠨᠠᠰᠢ ︽ᠬᠤᠶᠠᠷ ᠢ ᠲᠠᠰᠢᠷᠠᠮ ᠢᠶᠠᠷ ᠪᠠᠶᠢᠴᠠᠭᠠᠬᠤ︾ ᠠᠵᠢᠯ ᠨᠡᠶᠢᠲᠡ 20 ᠠᠵᠤ ᠠᠬᠤᠶᠢᠯᠠᠯ ᠢ ᠪᠠᠶᠢᠴᠠᠭᠠᠵᠤ᠂ ︽ᠰᠢᠯᠵᠢᠮᠡᠯ ᠬᠠᠤᠯᠢ ᠬᠡᠷᠡᠭᠵᠢᠭᠦᠯᠬᠦ︾ ᠶᠢ ᠨᠡᠶᠢᠲᠡ 48 ᠤᠳᠠᠭ᠎ᠠ ᠪᠡᠶᠡᠯᠡᠭᠦᠯᠪᠡ᠃    5᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯᠯᠠᠭ᠎ᠠ ᠶᠢ ᠥᠷᠨᠢᠭᠦᠯᠦᠨ᠎ᠡ᠃    ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠮᠡᠳᠡᠭᠳᠡᠯ ᠢ ᠣᠯᠤᠭᠰᠠᠨ ᠤ ᠳᠠᠷᠠᠭ᠎ᠠ᠂ ᠮᠠᠨ ᠤ ᠲᠣᠪᠴᠢᠶ᠎ᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠳᠦᠰᠦᠯ ᠵᠢᠴᠢ ᠳᠦᠷᠢᠮ ᠢ ᠲᠣᠭᠲᠠᠭᠠᠵᠠᠶ᠃ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠨᠢᠭᠡᠴᠡ ᠶᠢᠨ ᠪᠥᠬᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠥᠷᠨᠢᠭᠦᠯᠬᠦ ᠲᠤᠬᠠᠶ ᠮᠡᠳᠡᠭᠳᠡᠯ︾᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠮᠡᠳᠡᠪᠡᠯ ᠵᠣᠬᠢᠬᠤ ᠮᠡᠳᠡᠯᠭᠡ ᠵᠡᠷᠭᠡ ᠪᠢᠴᠢᠭ ᠮᠠᠲ᠋ᠧᠷᠢᠶᠠᠯ ᠢ ᠰᠤᠷᠤᠯᠴᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠮᠡᠳᠡᠯᠭᠡ ᠶᠢᠨ ᠰᠢᠯᠭᠠᠯᠲᠠ ᠶᠢ ᠦᠷᠨᠢᠬᠦᠯᠪᠠ᠃ ᠪᠠᠶᠢᠭᠤᠯᠭ᠎ᠠ ᠨᠢᠭᠡᠴᠡ ᠶᠢᠨ ᠢᠯᠡ ᠪᠠᠶᠢᠷᠢᠨ ᠳᠤ ᠢᠯᠡ ᠨᠡᠶᠢᠲᠡᠯᠡᠬᠦ᠂ ᠤᠬᠠᠭᠤᠯᠬᠤ ᠬᠠᠭᠤᠳᠠᠰᠤ ᠵᠢᠴᠢ ᠢᠯᠡᠴᠢᠯᠡᠨ ᠮᠡᠳᠡᠭᠦᠯᠬᠦ ᠬᠠᠶᠢᠷᠴᠠᠭ ᠨᠠᠭᠠᠵᠤ᠂ ᠡᠭᠦᠨ ᠤ ᠬᠠᠮᠲᠤ ︽6.5︾ ᠤ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠲᠠᠢ ᠤᠶᠠᠯᠳᠤᠭᠤᠯᠤᠨ ᠤᠬᠠᠭᠤᠯᠵᠠᠶ᠃ 1000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠠᠵᠤ ᠠᠬᠤᠶᠢᠯᠠᠯ ᠢ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠬᠢᠬᠦ ᠬᠡᠷᠡᠭᠲᠡᠶ ᠭᠡᠵᠦ ᠱᠠᠭᠠᠷᠳᠠᠪᠠ᠂ ᠤᠶᠢᠯᠡᠳᠪᠤᠷᠢ ᠶᠢᠨ ᠲᠣᠭᠤᠷᠢᠭ ᠤᠨ ᠳᠣᠲᠣᠨ᠎ᠠ ᠭᠠᠳᠠᠨ᠎ᠠ ᠤᠷᠢᠶ᠎ᠠ ᠡᠯᠭᠦᠬᠦ᠃    6᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ    2018 ᠣᠨ ᠤ 8 ᠰᠠᠷ᠎ᠠ ᠶᠢᠨ 29 ᠤ ᠡᠳᠦᠷ ᠠᠴᠠ 11 ᠰᠠᠷ᠎ᠠ ᠶᠢᠨ 5 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠴᠠᠭᠳᠠᠨ ᠪᠠᠶᠢᠴᠠᠭᠠᠯᠲᠠ ᠬᠢᠪᠠ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠠᠰᠠᠭᠤᠳᠠᠯ ᠢ ᠨᠠᠷᠢᠨ ᠬᠢᠨᠠᠮᠠᠭᠠᠶ ᠡᠷᠢᠵᠦ᠂ ︽ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭ ᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠲᠣᠭᠲᠠᠭᠠᠵᠤ᠂ ᠡᠬᠡ ᠳᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠶᠠᠭ ᠦᠷᠭᠦᠯᠵᠢᠯᠡᠨ ᠠᠬᠢᠭᠤᠯᠵᠤ ᠪᠠᠶᠢᠨ᠎ᠠ᠃    7. ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠶᠠᠳᠤᠭᠠᠷ ᠤᠳᠠᠭᠠᠨ ᠤ ᠪᠦᠬᠦ ᠤᠯᠤᠰ ᠠᠴᠠ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ 2019 ᠤᠨ 10 ᠰᠠᠷ᠎ᠠ ᠶᠢᠨ 16 ᠤ ᠡᠳᠦᠷ᠂ ᠡᠯ᠎ᠡ ᠲᠥᠷᠥᠯ ᠤᠨ ᠪᠣᠬᠢᠷᠲᠤᠯ ᠤᠨ ᠡᠬᠢ ᠰᠤᠷᠪᠤᠯᠵᠢ ᠨᠢ ᠲᠣᠰ ᠲᠣᠰ 99 ᠠᠵᠤ ᠣᠶᠢᠯᠡᠳᠪᠤᠷᠢ ᠶᠢᠨ ᠡᠬᠢ ᠰᠤᠷᠪᠤᠯᠵᠢ᠂ 24 ᠲᠠᠷᠢᠶᠠᠯᠠᠩ ᠤᠨ ᠡᠬᠢ ᠰᠤᠷᠪᠤᠯᠵᠢ᠂ ᠠᠮᠢᠳᠤᠷᠠᠯ ᠤᠨ ᠢᠷᠡᠯᠲᠡ ᠶᠢᠨ ᠭᠦᠸᠧᠯᠦ 12 13 ᠰᠠᠭᠤᠷᠢ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ 1᠂ ᠲᠥᠪᠯᠡᠷᠡᠩᠭᠦᠶ ᠮᠠᠶ᠋ᠢᠭ ᠤᠨ ᠪᠣᠬᠢᠷᠲᠤᠯ ᠢ ᠵᠠᠰᠠᠬᠤ ᠨᠡᠶᠢᠳᠡᠮ ᠪᠠᠶᠢᠴᠠᠭᠠᠯᠲᠠ ᠶᠢᠨ ᠡᠲᠡᠭᠡᠳ 2 ᠪᠠᠶᠢᠨ᠎ᠠ᠃    ᠣᠳᠣ ᠪᠣᠯᠲᠠᠯ᠎ᠠ᠂ ᠮᠠᠨ ᠤ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠨᠢᠭᠡᠨᠲᠡ ᠤᠯᠤᠰ ᠠᠴᠠ ᠪᠠᠭᠤᠯᠭᠠᠭᠰᠠᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠳᠠᠬᠢ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ᠂ ᠡᠷᠦᠬᠡ ᠳᠤ ᠬᠦᠷᠴᠦ ᠪᠠᠶᠢᠴᠠᠭᠠᠯᠳᠠ ᠬᠢᠬᠦ᠂ ᠨᠡᠶᠢᠳᠡᠮ ᠪᠠᠶᠢᠴᠠᠭᠠᠯᠲᠠ ᠶᠢᠨ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠢᠨᠲ᠋ᠧᠷ ᠰᠦᠯᠵᠢᠶ᠎ᠡ ᠶᠢ ᠲᠠᠭᠯᠠᠨ ᠮᠡᠳᠡᠭᠦᠯᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠲᠣᠭᠠᠴᠠᠭ᠎ᠠ ᠬᠢᠬᠦ᠂ ᠪᠣᠬᠢᠷᠲᠤᠯ ᠤᠨ ᠡᠬᠢ ᠰᠤᠷᠪᠤᠯᠵᠢ ᠶᠢᠨ ᠦᠨᠳᠦᠰᠦᠨ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠬᠠᠷᠢᠴᠠᠭᠤᠯᠤᠨ ᠬᠠᠷᠭᠤᠭᠤᠯᠬᠤ᠂ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ᠂ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠵᠡᠷᠭᠡ ᠡᠯ᠎ᠡ ᠵᠣᠶᠢᠯ ᠤᠨ ᠠᠵᠢᠯ ᠤᠨ ᠡᠭᠦᠷᠭᠡ ᠶᠢ ᠪᠡᠶᠡᠯᠡᠭᠦᠯᠵᠦ᠂ ᠬᠤᠶᠠᠳᠤᠭᠠᠷ ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠰᠠᠭᠤᠷᠢ ᠳ᠋ᠠᠶᠢᠲ᠋ᠠ ᠬᠥᠮᠥᠷᠭᠡ ᠶᠢ ᠨᠠᠷᠢᠨ ᠨᠢᠮᠪᠠᠶ ᠪᠠᠶᠢᠭᠤᠯᠪᠠ᠃    8᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠳᠠᠭᠤᠨ ᠤ ᠴᠢᠳᠠᠮᠵᠢ ᠶᠢᠨ ᠣᠷᠣᠨ ᠬᠤᠪᠢᠶᠠᠬᠤ ᠠᠵᠢᠯ    ︽2019 ᠣᠨ ᠤ ᠪᠥᠬᠦ ᠣᠷᠣᠨ ᠤ ᠬᠤᠰᠢᠭᠤ ᠰᠢᠶᠠᠨ ᠤ ᠬᠤᠲᠠ ᠬᠥᠳᠡᠭᠡ ᠶᠢᠨ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ ᠣᠷᠴᠢᠨ ᠠᠯᠪᠠᠨ ︹ 2018 ︺ 22 ᠳ᠋ᠤᠭᠠᠷ ᠲᠤᠭ ᠠᠲᠤ︶᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ︿2019 ᠤᠨ ᠪᠥᠬᠦ ᠣᠷᠣᠨ ᠤ ᠬᠤᠰᠢᠭᠤ ᠰᠢᠶᠠᠨ ᠤ ᠬᠤᠲᠠ ᠬᠥᠳᠡᠭᠡ ᠶᠢᠨ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠶᠠᠪᠤᠭᠤᠯᠬᠤ ᠮᠡᠳᠡᠭᠳᠡᠯ︾ ︵ᠤᠯᠠᠭᠠᠨᠴᠠᠪ ᠬᠤᠲᠠ ᠲᠠᠷᠬᠠᠭᠠᠭᠰᠠᠨ ︹ 2018 ︺ 366 ᠳ᠋ᠤᠭᠠᠷ ᠲᠣᠭᠠᠲᠤ︶ ᠢ ᠦᠨᠳᠦᠰᠦᠯᠡᠪᠡᠯ᠃2019 ᠣᠨ ᠳᠤ ᠮᠠᠨ ᠤ ᠲᠣᠪᠴᠢᠶ᠎ᠠ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠳᠡᠭᠡᠳᠤ ᠬᠡᠮᠵᠢᠶ᠎ᠡ ᠪᠠᠷ  ᠴᠢᠬᠤᠯᠠᠴᠢᠯᠡᠵᠤ᠂ ᠮᠠᠨ ᠤ ᠲᠣᠪᠴᠢᠶ᠎ᠠ ᠲᠦᠷᠦᠭᠦᠯᠡᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠳᠠ ᠬᠢᠵᠦ᠂ ᠵᠠᠮ ᠬᠠᠷᠢᠯᠴᠠᠭ᠎ᠠ᠂ ᠠᠷᠠᠳ ᠤᠨ ᠶᠠᠪᠤᠳᠠᠯ᠂ ᠣᠷᠣᠯᠴᠠᠭᠰᠠᠨ ᠬᠠᠮᠵᠢᠯᠴᠠᠭ᠎ᠠ ᠶᠢᠨ ᠲᠣᠭᠲᠠᠴᠠ ᠳᠤ ᠰᠠᠯᠠᠭ᠎ᠠ ᠮᠦᠴᠢᠷ  ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯᠲᠠᠨ ᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠢᠯ ᠤᠨ ᠲᠥᠰᠦᠪ ᠵᠢᠴᠢ ᠮᠡᠳᠡᠭᠦᠯᠬᠦ ᠠᠵᠢᠯ ᠢ ᠪᠡᠶᠡᠯᠡᠭᠦᠯᠵᠦ᠂ ᠵᠠᠷᠤᠳᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠭᠤᠷᠪᠠᠳᠠᠬᠢ ᠡᠲᠡᠭᠡᠳ ᠤᠨ ᠺᠣᠮᠫᠠᠨᠢ ᠶᠢ ᠵᠣᠬᠢᠶᠠᠨ ᠪᠠᠶᠢᠭᠤᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠤ ᠬᠤᠪᠢᠶᠠᠷᠢᠯᠠᠯ ᠤᠨ ᠲᠥᠷᠥᠯ ᠵᠦᠢᠯ ᠤᠨ ᠵᠢᠷᠤᠭᠲᠤ ᠳᠡᠪᠲᠡᠷ ᠵᠡᠷᠬᠡ ᠮᠠᠲ᠋ᠧᠷᠢᠶᠠᠯ ᠢ ᠴᠤᠭᠯᠠᠭᠤᠯᠬᠤ᠂ ᠪᠣᠳᠠᠲᠠᠢ ᠭᠠᠵᠠᠷ ᠲᠤᠨᠢ ᠬᠠᠶᠢᠨ ᠰᠢᠨᠵᠢᠯᠡᠬᠦ ᠶᠢᠨ ᠬᠠᠮᠲᠤ ᠮᠠᠨ ᠤ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠰᠠᠨᠠᠯ ᠢ ᠬᠤᠷᠢᠶᠠᠵᠤ᠂ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠤ ᠬᠤᠪᠢᠶᠠᠷᠢᠯᠠᠯ ᠤᠨ ᠮᠡᠷᠭᠡᠵᠢᠯ ᠤᠨ ᠮᠡᠳᠡᠭᠦᠯᠦᠯᠲᠡ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠪᠡ᠃ ᠣᠳᠣᠬᠠᠨ ᠳᠤ ᠲᠥᠷᠥᠯ ᠵᠦᠢᠯ ᠨᠢ ᠬᠤᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠦᠰ ᠲᠠᠢ ᠬᠠᠮᠵᠢᠯᠴᠠᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠦᠭᠰᠡᠨ ᠪᠥᠭᠡᠳ ᠲᠥᠷᠥᠯ ᠵᠦᠢᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ᠂ ᠮᠠᠨ ᠤ ᠬᠤᠰᠢᠭᠤᠨ ᠤ ᠳᠠᠭᠤᠨ ᠣᠷᠴᠢᠨ ᠲᠣᠭᠤᠷᠢᠨ ᠤ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    9. ᠭᠤᠷᠪᠠᠨ ᠶᠡᠭᠡ ᠬᠠᠤᠯᠢ ᠬᠡᠷᠡᠭᠵᠢᠭᠦᠯᠬᠦ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ    2019 ᠣᠨ ᠤ 9 ᠰᠠᠷ᠎ᠠ ᠶᠢᠨ 9 ᠤ ᠡᠳᠦᠷ ᠠᠴᠠ 10 ᠰᠠᠷ᠎ᠠ ᠶᠢᠨ 11 ᠤ ᠡᠳᠦᠷ ᠪᠣᠯᠲᠠᠯ᠎ᠠ ᠤᠯᠠᠭᠠᠨᠴᠠᠪ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯ ᠤᠨ ᠭᠤᠷᠪᠠᠨ ᠳᠤᠭᠤᠶᠢᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠴᠢᠨ ᠲᠣᠭᠤᠷᠢᠨ ᠤ ᠠᠰᠠᠭᠤᠳᠠᠯ ᠢ ᠬᠢᠨᠠᠨ ᠵᠢᠯᠣᠭᠤᠳᠴᠤ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠯᠡᠯᠲᠡ ᠵᠢᠴᠢ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠪᠠᠷᠢᠯᠭ᠎ᠠ ᠳᠠᠭᠤᠰᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠠᠪᠬᠤ ᠭᠠᠷ ᠬᠦᠢᠴᠡᠳᠬᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠳᠦᠷᠢᠮ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ ᠤᠶᠢᠯᠡᠳᠪᠤᠷᠢ ᠶᠢᠨ ᠪᠣᠬᠢᠷ ᠤᠰᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠭᠰᠡᠨ ᠪᠠᠶᠢᠳᠠᠯ᠂ ᠡᠩ ᠤᠨ ᠪᠠᠶᠢᠳᠠᠯ ᠳᠤ ᠬᠠᠲᠠᠭᠤ ᠪᠡᠶᠡᠲᠦ᠂ ᠠᠶᠤᠯᠲᠠᠶ ᠬᠠᠶᠠᠭᠳᠠᠮᠠᠯ ᠪᠣᠳᠠᠰ᠂ ᠤᠶᠢᠯᠡᠳᠪᠤᠷᠢ ᠶᠢᠨ ᠳᠦᠷᠢ ᠲᠥᠷᠬᠦ ᠵᠡᠷᠭᠡ 10 ᠭᠠᠷᠤᠶ ᠠᠰᠠᠭᠤᠳᠠᠯ ᠳᠤ ᠳᠤᠭᠤᠶᠢᠯᠠᠩ ᠬᠤᠪᠢᠶᠠᠨ ᠪᠠᠶᠢᠴᠠᠭᠠᠯᠲᠠ ᠬᠢᠵᠤ᠂ ᠪᠠᠶᠢᠴᠠᠭᠠᠭᠰᠠᠨ 59 ᠠᠵᠤ ᠠᠬᠤᠶᠢᠯᠠᠯ ᠳᠤ 930 ᠠᠰᠠᠭᠤᠳᠠᠯ ᠢ ᠢᠯᠡᠷᠡᠭᠦᠯᠵᠡᠶ᠃ ᠤᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠬᠢᠯᠡᠭᠦᠯᠪᠡ᠂ ᠣᠳᠣᠬᠠᠨ ᠳᠤ 710 ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 76% ᠶᠢᠨ ᠬᠠᠷᠢᠴᠠᠯ ᠢ ᠪᠡᠶᠡᠯᠡᠭᠦᠯᠪᠡ᠃    10. 10 ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠠᠬᠢᠭᠤᠯᠵᠤ᠂ ᠤᠬᠠᠭᠤᠯᠭ᠎ᠠ ᠶᠢ ᠴᠢᠩᠭᠠᠳᠬᠠᠵᠤ᠂ ᠪᠦᠬᠦ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠷᠮᠠᠶᠢᠨ ᠳᠡᠭᠡᠭᠰᠢᠯᠡᠭᠦᠯᠦᠨ᠎ᠡ    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠳᠡᠭᠡᠷ᠎ᠡ ᠱᠠᠲᠤᠨ ᠤ ᠤᠷᠢᠶᠠᠯᠠᠭᠰᠠᠨ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠳᠠᠭᠠᠵᠤ᠂ ᠬᠠᠪᠰᠤᠷᠤᠨ ᠲᠡᠳᠬᠦᠭᠰᠡᠨ ᠬᠤᠸᠠᠩ ᠶᠠᠩ ᠴᠧᠩ ᠭᠠᠴᠠᠭᠠᠨ ᠤ ᠠᠷᠠᠳ ᠤᠨ ᠵᠥᠪᠯᠡᠯ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠲᠣᠰᠬᠤᠨ ᠳᠤ ᠰᠠᠭᠤᠵᠤ ᠶᠠᠳᠠᠭᠤ ᠶᠢ ᠲᠡᠳᠬᠦᠬᠦ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠪᠡ᠃    ᠠᠵᠢᠯᠯᠠᠭ᠎ᠠ ᠳᠤᠮᠳᠠ ᠮᠠᠨ ᠤ ᠲᠣᠪᠴᠢᠶᠠᠨ ᠤ ᠪᠦᠬᠦ ᠨᠠᠮ ᠤᠨ ᠭᠡᠰᠢᠭᠦᠨ ᠨᠠᠮ ᠤᠨ ᠲᠤᠭ ᠤᠨ ᠳᠣᠣᠷ᠎ᠠ ᠨᠠᠮ‌‍ᠳᠤ ᠤᠷᠤᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ ᠡᠭᠦᠨ ᠤ ᠬᠠᠮᠲᠤ ᠪᠤᠢ ᠪᠦᠬᠦᠢ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ 200 ᠭᠠᠷᠤᠢ ᠵᠠᠬ᠎ᠠ ᠬᠤᠪᠴᠠᠠᠰᠤ ᠬᠠᠨᠳᠢᠪᠯᠠᠨ ᠬᠦᠷᠭᠡᠵᠡᠢ᠃ ᠣᠯᠠᠨ ᠤᠳᠠᠭ᠎ᠠ ᠰᠤᠷᠪᠤᠯᠵᠢᠯᠠᠭᠰᠠᠨ ᠪᠥᠭᠡᠳ ᠬᠠᠪᠰᠤᠷᠤᠨ ᠲᠡᠳᠬᠦᠭᠰᠡᠨ 52 ᠶᠠᠳᠠᠭᠤ ᠬᠦᠴᠢᠷᠳᠡᠯᠲᠡᠶ ᠡᠷᠦᠬᠡ ᠳᠤ ᠳᠡᠭᠡᠳᠤ ᠱᠠᠲᠤᠨ ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠠᠮᠲᠤ ᠪᠠᠷ ᠶᠠᠳᠠᠭᠤ ᠬᠦᠴᠢᠷᠳᠡᠯᠲᠡᠢ ᠡᠷᠦᠬᠡ ᠳᠤ ᠴᠡᠪᠡᠷᠯᠡᠭᠡ ᠬᠢᠵᠦ᠂ ᠺᠠᠳ᠋ᠷ ᠬᠤᠪᠢ ᠬᠥᠮᠦᠨ ᠵᠣᠭᠤᠰ ᠭᠠᠷᠭᠠᠵᠤ ᠶᠠᠳᠠᠭᠤ ᠬᠦᠴᠢᠷᠳᠡᠯᠲᠡᠢ ᠡᠷᠦᠬᠡ ᠳᠤ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠴᠤ ᠥᠭᠪᠡ᠃    ᠮᠠᠨ ᠤ ᠲᠣᠪᠴᠢᠶ᠎ᠠ ᠬᠤᠸᠠᠩ ᠶᠠᠩ ᠬᠤᠲᠠ ᠶᠢᠨ ᠭᠠᠴᠠᠭᠠᠨ ᠤ ᠠᠷᠠᠳ ᠤᠨ ᠵᠥᠪᠯᠡᠯ ᠳᠤ 6 ᠰᠠᠷ᠎ᠠ ᠶᠢᠨ 5 ᠤ ᠡᠳᠦᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠰᠡᠳᠦᠪ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠪᠢ ᠪᠣᠯ ᠠᠵᠢᠯᠯᠠᠭᠴᠢ ᠮᠥᠨ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠣᠯᠤᠨ᠎ᠠ᠃ ᠨᠡᠶᠢᠳᠡ 200 ᠳᠡᠪᠲᠡᠷ ᠤᠬᠠᠭᠤᠯᠭ᠎ᠠ ᠶᠢᠨ ᠵᠢᠷᠤᠭᠲᠤ ᠳᠡᠪᠲᠡᠷ᠂ 300 ᠰᠢᠷᠬᠡᠭ ᠣᠷᠴᠢᠨ ᠲᠣᠭᠤᠷᠢᠨ ᠤ  ᠬᠠᠮᠠᠭᠠᠯᠠᠯᠳᠠ ᠶᠢᠨ ᠤᠬᠠᠭᠤᠯᠭ᠎ᠠ ᠶᠢᠨ ᠡᠯᠭᠦᠮᠡᠯ ᠵᠢᠷᠤᠭ᠂ 200 ᠰᠢᠷᠬᠡᠭ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ᠂ 100 ᠤᠭᠤᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠬᠤᠷᠮᠦ᠋ᠢᠪᠴᠢ᠂ 500 ᠨᠢᠭᠡ ᠯᠡ ᠤᠳᠠᠭᠠᠨ ᠤ ᠴᠢᠨᠠᠷᠲᠠᠢ ᠴᠠᠭᠠᠰᠤᠨ ᠴᠣᠮᠣ᠂ 500 ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠳᠤᠮᠳᠠ ᠵᠡᠷᠭᠡ ᠶᠢᠨ ᠪᠢᠷ᠂ 200 ᠲᠣᠰᠬᠤᠨ ᠳᠤ ᠰᠠᠭᠤᠭ᠎ᠠ ᠮᠠᠨ ᠤ ᠲᠣᠪᠴᠢᠶᠠᠨ ᠤ ᠠᠵᠢᠯᠯᠠᠬᠤ ᠠᠩᠬᠢ ᠠᠴᠠ ᠰᠠᠪᠤᠩ᠂ ᠶᠠᠭᠤᠣ 300 ᠭᠠᠷᠤᠢ ᠬᠡᠰᠡᠭ ᠲᠠᠷᠬᠠᠭᠠᠪᠠ᠃     2019 ᠣᠨ ᠳᠤ ᠬᠤᠸᠠᠩ ᠶᠠᠩ ᠶᠢᠨ ᠬᠤᠲᠠ ᠶᠢᠨ ᠠᠵᠢᠯᠯᠠᠬᠤ ᠠᠩᠭᠢ ᠶᠠᠳᠠᠭᠤ ᠠᠴᠠ ᠠᠩᠭᠢᠵᠢᠷᠠᠭᠰᠠᠨ ᠴᠤ ᠲᠥᠷᠥ ᠶᠢᠨ ᠪᠤᠳᠤᠯᠭ᠎ᠠ ᠠᠴᠠ ᠰᠠᠯᠬᠤ ᠦᠭᠡᠢ ᠪᠠᠶᠢᠬᠤ ᠰᠠᠭᠤᠷᠢᠨ ᠳᠡᠭᠡᠷ᠎ᠡ᠂ ᠡᠳᠦᠷ ᠲᠤᠲᠤᠮ ᠤᠨ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠠᠬᠤᠶ ᠶᠢ ᠬᠢᠨᠠᠨ ᠬᠡᠮᠵᠢᠵᠦ᠂ ᠵᠠᠬ᠎ᠠ ᠬᠥᠪᠡᠭᠡ ᠶᠢᠨ ᠡᠷᠦᠬᠡ ᠶᠢ ᠪᠠᠶᠢᠴᠠᠭᠠᠨ ᠦᠵᠡᠵᠦ᠂ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠤᠶᠢᠯᠡᠰ ᠢ ᠭᠤᠤᠯᠳᠠᠯᠭ᠎ᠠ ᠲᠠᠢ ᠲᠡᠳᠬᠦᠵᠦ᠂ ᠬᠦᠷᠢᠶ᠎ᠡ ᠬᠠᠰᠢᠶᠠᠨ ᠤ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠵᠦ᠂ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠡᠨᠡ ᠵᠢᠯ ᠤᠨ 8 ᠰᠠᠷ᠎ᠠ ᠳᠤ᠂ ᠰᠢᠯᠭᠠᠨ ᠠᠪᠬᠤ ᠳᠤᠭᠤᠶᠢᠯᠠᠩ ᠬᠤᠸᠠᠩ ᠶᠠᠩ ᠬᠤᠲᠠ ᠳᠤ ᠠᠵᠤ ᠦᠢᠯᠡᠰ ᠤᠨ ᠰᠢᠯᠭᠠᠨ ᠠᠪᠬᠤ ᠠᠵᠢᠯ ᠬᠢᠪᠡ᠃    ᠬᠥᠲᠥᠯᠥᠭᠴᠢ᠄ 2019 ᠣᠨ ᠳᠤ ᠰᠢᠪᠲᠤᠷᠭᠠᠨ ᠳᠠᠭᠠᠨ ᠣᠷᠣᠭᠠᠳ ᠪᠠᠶᠢᠨ᠎ᠠ᠂ 2020 ᠣᠨ ᠳᠤ ᠠᠮᠢ ᠠᠬᠤᠶ ᠣᠷᠴᠢᠨ ᠲᠤᠭᠤᠷᠢᠨ ᠤ ᠬᠤᠪᠢᠶᠠᠷᠢ ᠲᠣᠪᠴᠢᠶ᠎ᠠ ᠳᠤ ᠶᠠᠮᠠᠷ ᠶᠠᠮᠠᠷ ᠲᠥᠯᠥᠪᠯᠡᠭᠡ ᠪᠠᠶᠢᠬᠤ ᠪᠣᠶ︖    ᠭᠤᠤ ᠱᠦ᠋ ᠫᠢᠩ ᠲᠣᠪᠴᠢᠶᠠᠨ ᠳᠠᠷᠤᠭ᠎ᠠ᠄ 2019 ᠣᠨ ᠳᠤ ᠤᠳᠠᠯ ᠥᠬᠡᠶ ᠰᠢᠪᠲᠤᠷᠭᠠᠨ ᠳᠠᠭᠠᠨ ᠣᠷᠣᠵᠤ᠂ 2020 ᠣᠨ ᠳᠤ ᠮᠠᠨ ᠤ ᠲᠣᠪᠴᠢᠶ᠎ᠠ ᠳᠣᠤᠷᠠᠬᠢ 15 ᠵᠦᠶ᠋ᠯ ᠤᠨ ᠠᠵᠢᠯ ᠢ ᠰᠠᠶᠢᠲᠤᠷ ᠬᠢᠬᠦ ᠪᠠᠷ ᠲᠥᠯᠥᠪᠯᠡᠵᠦ ᠪᠠᠶᠢᠨ᠎ᠠ᠃    1᠂ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠰᠤᠷᠤᠯᠴᠠᠯᠭ᠎ᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠢ ᠴᠢᠩᠭᠠᠳᠬᠠᠨ᠎ᠠ︔    2᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ @@ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠭᠤᠯᠤᠮᠵᠢ ᠶᠢᠨ ᠥᠭᠡᠷᠡᠴᠢᠯᠡᠯᠲᠡ᠂ ᠡᠳ᠋ ᠤᠨ ᠵᠠᠰᠠᠭ ᠤᠨ ᠲᠥᠰᠦᠪ ᠵᠡᠷᠭᠡ ᠠᠵᠢᠯ ᠢ ᠲᠡᠭᠦᠯᠳᠡᠷᠵᠢᠭᠦᠯᠦᠨ᠎ᠡ︔    3᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠡᠨᠡ ᠵᠢᠯ ᠤᠨ 6 ᠳ᠋ᠤᠭᠠᠷ ᠰᠠᠷ᠎ᠠ ᠳᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ  ᠪᠠᠶᠢᠴᠠᠭᠠᠯᠳᠠ ᠶᠢ ᠪᠦᠬᠦ ᠬᠦᠴᠦᠨ ᠢᠶᠠᠷ ᠢᠶᠠᠨ ᠤᠭᠲᠤᠵᠠᠶ᠃ 3 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠬᠢᠵᠦ᠂ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠠᠵᠢᠯ ᠤᠨ ᠤᠨ ︾ ᠤ ᠵᠠᠯᠭᠠᠮᠵᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠥᠷᠨᠢᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ 2016 ᠣᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠦᠷᠭᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ 2018 ᠣᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠠᠵᠢᠯ ᠤᠨ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠵᠣᠶᠢᠯᠡᠰ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠨ᠎ᠠ︔    4. ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠲᠦᠯᠦᠪᠵᠢᠬᠦᠯᠬᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠵᠢᠴᠢ ᠬᠤᠲᠠ ᠪᠠᠯᠭᠠᠰᠤᠨ ᠤ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠪᠣᠯᠤᠨ ᠲᠦᠮᠡᠳ ᠤᠨ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠲᠤ ᠢᠵᠢ ᠪᠦᠷᠢᠳᠦᠭᠰᠡᠨ ᠤᠰᠤᠨ ᠠᠰᠢᠭᠯᠠᠯᠲᠠ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠢ ᠶᠢ 8 ᠰᠠᠷ᠎ᠠ ᠳᠤ ᠳᠠᠭᠤᠰᠬᠠᠪᠠ︔    5᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠲᠣᠰᠣ ᠨᠡᠮᠡᠬᠦ ᠥᠷᠲᠡᠭᠡ ᠶᠢᠨ ᠲᠣᠰᠣᠨ ᠰᠠᠪᠠ ᠶᠢ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠵᠤ᠂ ᠦᠯᠡᠳᠡᠪᠦᠷᠢ ᠲᠣᠰᠣ ᠨᠡᠮᠡᠬᠦ ᠥᠷᠲᠡᠭᠡ ᠶᠢᠨ ᠥᠭᠡᠷᠡᠴᠢᠯᠡᠬᠦ ᠡᠭᠦᠷᠭᠡ ᠪᠠᠨ ᠪᠡᠶᠡᠯᠡᠭᠦᠯᠬᠦ ᠶᠢ ᠰᠢᠮᠳᠠᠭᠤᠯᠤᠨ᠎ᠠ︔    6᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠲᠦᠮᠡᠯᠲᠡᠢ ᠣᠷᠣᠵᠤ ᠰᠠᠭᠤᠭᠰᠠᠨ 8 ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠠᠵᠤ ᠠᠬᠤᠶᠢᠯᠠᠯ ᠡᠭᠦᠨ ᠤ ᠳᠣᠲᠣᠷᠠᠬᠢ 6 ᠠᠵᠤ ᠠᠬᠤᠶᠢᠯᠠᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠴᠤᠬᠤᠯᠠᠪᠤᠷᠢᠯᠠᠭᠰᠠᠨ ᠥᠬᠡᠶ᠂ ᠳᠡᠭᠡᠳᠦ ᠱᠠᠲᠤᠨ ᠤ ᠬᠢᠨ ᠲᠠᠢ ᠢᠳᠡᠪᠬᠢᠲᠡᠶ ᠵᠣᠬᠢᠴᠠᠭᠤᠯᠵᠤ 2020 ᠣᠨ ᠳᠤ ᠪᠦᠬᠦᠨ ᠢ ᠪᠡᠶᠡᠯᠡᠬᠦᠯᠪᠡ︔    7᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ 2020 ᠣᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠵᠠᠯᠭᠠᠮᠵᠢ ᠬᠢᠨᠠᠨ ᠰᠢᠯᠭᠠᠬᠤ ᠠᠵᠢᠯ ᠢ ᠦᠷᠭᠦᠯᠵᠢᠯᠡᠨ ᠰᠠᠶᠢᠳᠤᠷ ᠬᠢᠬᠦ ᠬᠡᠷᠡᠭᠲᠡᠢ︔    8᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠠᠵᠤ ᠠᠬᠤᠶᠢᠯᠠᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠵᠣᠯᠭᠠᠭᠤᠯᠵᠤ᠂ ᠲᠥᠷᠥᠯ ᠵᠤᠶᠢᠯ ᠤᠨ ᠮᠡᠳᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ︔    9. ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃    10. 10 ᠪᠥᠬᠦ ᠬᠤᠰᠢᠭᠤᠨ ᠤ ᠵᠠᠳᠠᠭᠠᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ︔    11. ᠳᠡᠭᠡᠳᠦ ᠱᠠᠲᠤᠨ ᠠᠴᠠ ᠪᠠᠭᠤᠯᠭᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔    12.ᠲᠦᠷᠪᠡᠨ ᠵᠤᠶᠢᠯ ᠤᠨ ᠭᠤᠤᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠴᠢᠩᠭ᠎ᠠ ᠬᠡᠷᠡᠭᠵᠢᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠣᠶᠢᠯ ᠤᠨ ᠡᠭᠦᠷᠭᠡ ᠶᠢᠨ ᠬᠦᠢᠴᠡᠳᠬᠡᠬᠦ ᠲᠤᠭ᠎ᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔    13.︽ᠬᠤᠶᠠᠷ ᠢ ᠲᠠᠰᠢᠷᠠᠮ ᠳᠠᠭᠠᠤ ᠪᠠᠶᠢᠯᠭᠠᠬᠤ︾ ᠵᠢᠴᠢ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠡᠷᠴᠢᠮ ᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠶ︔    14. ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠳᠡᠬᠦᠯᠳᠡᠷᠵᠢᠬᠦᠯᠬᠦ ᠬᠡᠷᠡᠭᠲᠡᠢ︔    15. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠣᠯᠪᠠᠰᠤᠷᠠᠭᠤᠯᠤᠯ ᠤᠨ ᠳᠤᠬᠠᠶᠢᠯᠠᠭᠰᠠᠨ ᠠᠵᠢᠯ ᠤᠨ ᠮᠡᠳᠡᠯᠭᠡ ᠶᠢ ᠴᠢᠩᠭᠠᠳᠬᠠᠬᠤ ᠬᠡᠷᠡᠭᠲᠡᠶ︔    16. ᠬᠤᠲᠠ ᠶᠢᠨ ᠲᠣᠪᠴᠢᠶᠠᠨ ᠤ ᠪᠠᠭᠤᠯᠭᠠᠭᠰᠠᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠬᠠᠮᠵᠢᠯᠴᠠᠨ ᠬᠠᠮᠢᠶ᠎ᠠ ᠪᠦᠬᠦᠢ ᠠᠵᠢᠯ ᠢ ᠪᠡᠶᠡᠯᠡᠬᠦᠯᠦᠨ᠎ᠡ᠃                                                 ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号