ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠣᠰᠬᠤᠨ ᠤ ᠲᠠᠰ ᠤᠨ ᠬᠡᠷᠡᠯ | ᠴᠡᠨᠡᠭ ᠢᠶᠠᠷ ᠶᠠᠳᠠᠭᠤ ᠶᠢ ᠳᠡᠳᠬᠦᠬᠦ ᠴᠠᠬᠢᠯᠭᠠᠨ ᠥᠷᠲᠡᠭᠡ 2536 ᠲᠦᠮᠡᠨ ᠭᠷᠠᠳᠦ᠋ᠰ ᠤᠨ | ᠴᠠᠬᠢᠯᠭᠠᠨ ᠭᠠᠷᠭᠠᠬᠤ ᠶᠢ ᠪᠡᠶᠡᠯᠡᠭᠦᠯᠪᠡ | | ᠭᠡᠷᠡᠯ ᠢᠶᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ ᠨᠢ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠢᠨᠵᠧᠨᠧᠷᠢᠩ ᠳᠠᠬᠢ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠴᠢᠬᠤᠯᠠ ᠠᠷᠭ᠎ᠠ | ᠬᠡᠮᠵᠢᠶ᠎ᠡ ᠶᠢᠨ ᠨᠢᠬᠡ ᠪᠣᠯᠤᠭᠰᠠᠨ ᠤ ᠬᠤᠪᠢ ᠳᠤ᠂ ᠭᠡᠷᠡᠯ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠦᠵᠡᠭᠦᠯᠬᠦ ᠦᠢᠯᠡᠳᠦᠯ ᠢ ᠪᠦᠲᠦᠮᠵᠢᠲᠡᠢ | ᠬᠡᠷᠡᠭᠵᠢᠬᠦᠯᠵᠤ᠂ ︽ᠴᠢᠰᠤ ᠶᠡᠭᠦᠯᠡᠬᠦ ᠮᠠᠶᠢᠭ ᠢᠶᠠᠷ ᠶᠠᠳᠠᠭᠤ ᠶᠢ ᠲᠡᠳᠬᠦᠬᠦ︾ ᠶᠢ ︽ᠴᠢᠰᠤ ᠪᠦᠲᠦᠭᠡᠬᠦ ᠮᠠᠶ᠋ᠢᠭ ᠢᠶᠠᠷ | ᠶᠠᠳᠠᠭᠤ ᠶᠢ ᠲᠡᠳᠬᠦᠬᠦ︾ ᠪᠣᠯᠭᠠᠨ ᠬᠤᠪᠢᠷᠠᠭᠤᠯᠬᠤ ᠶᠢ ᠲᠦᠢᠯᠪᠤᠷᠢᠲᠠᠢ ᠪᠡᠶᠡᠯᠡᠭᠦᠯᠬᠦ ᠶᠢᠨ ᠲᠥᠯᠥᠭᠡ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠨᠢ 2018 ᠣᠨ ᠤ 10 ᠰᠠᠷ᠎ᠠ ᠳᠤ ᠲᠣᠰᠬᠤᠨ ᠤ ᠲᠠᠰ ᠤᠨ ᠬᠡᠷᠡᠯ | ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠲᠥᠷᠥᠯ ᠵᠣᠶᠢᠯ ᠢ ᠡᠬᠢᠯᠡᠨ ᠪᠠᠶᠢᠭᠤᠯᠵᠤ᠂ 29.039 | ᠰᠠᠶ᠎ᠠ ᠸᠠᠲ ᠪᠠᠶᠢᠭᠤᠯᠵᠤ᠂ ᠪᠥᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢᠨ 65 ᠭᠠᠴᠠᠭ᠎ᠠ ᠲᠣᠰᠬᠤᠨ ᠲᠠᠢ | ᠬᠠᠷᠢᠯᠴᠠᠨ ᠬᠠᠷᠠᠭᠠᠯᠵᠠᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 7058 ᠡᠷᠦᠬᠡ ᠶᠢ ᠬᠠᠮᠤᠷᠴᠤ᠂ | ᠴᠠᠬᠢᠯᠭᠠᠨ ᠥᠷᠲᠡᠭᠡ ᠶᠢ ᠨᠡᠶᠢᠯᠡᠭᠦᠯᠦᠭᠰᠡᠨ ᠤ ᠳᠠᠷᠠᠭᠠᠬᠢ ᠴᠠᠬᠢᠯᠭᠠᠨ ᠭᠠᠷᠭᠠᠭᠰᠠᠨ ᠠᠰᠢᠭ ᠣᠷᠣᠯᠭ᠎ᠠ ᠶᠢ ᠪᠦᠬᠦᠨ ᠢ | ᠲᠣᠰᠬᠤᠨ ᠤ ᠬᠠᠮᠲᠤ ᠶᠢᠨ ᠠᠵᠤ ᠠᠬᠤᠶ ᠳᠤ ᠥᠮᠴᠢᠯᠡᠭᠦᠯᠦᠨ᠎ᠡ᠃ ᠲᠣᠰ ᠲᠥᠷᠥᠯ ᠵᠣᠶᠢᠯ ᠨᠢ 2019 ᠣᠨ ᠤ 6 | ᠳ᠋ᠤᠭᠠᠷ ᠰᠠᠷ᠎ᠠ ᠶᠢᠨ ᠰᠡᠭᠦᠯᠴᠢ ᠪᠠᠷ ᠪᠥᠬᠦ ᠪᠠᠭᠲᠠᠭᠠᠮᠵᠢ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ | ᠪᠡᠶᠡᠯᠡᠭᠦᠯᠪᠡ᠃ 2019 ᠣᠨ ᠤ ᠡᠴᠦᠰ ᠪᠣᠯᠲᠠᠯ᠎ᠠ᠂ ᠴᠠᠬᠢᠯᠭᠠᠨ ᠥᠷᠲᠡᠭᠡ ᠨᠡᠶᠢᠲᠡ 2536 ᠲᠦᠮᠡᠨ ᠭᠷᠠᠳᠦ᠋ᠰ | ᠴᠠᠬᠢᠯᠭᠠᠨ ᠭᠠᠷᠭᠠᠵᠤ᠂ 560 ᠲᠦᠮᠡᠨ ᠲᠥᠭᠦᠷᠢᠭ ᠤᠨ ᠠᠰᠢᠭ ᠣᠷᠣᠯᠭ᠎ᠠ ᠶᠢ ᠪᠡᠶᠡᠯᠡᠭᠦᠯᠪᠡ᠃ | ᠵᠣᠬᠢᠶᠠᠭᠴᠢ᠄ ᠪᠠᠢ ᠲᠣᠣ | ᠣᠷᠴᠢᠭᠤᠯᠣᠭᠴᠢ᠄ ᠡᠷᠳᠡᠨᠢᠴᠢᠮᠡᠭ |