ᠪᠦᠬᠦ ᠬᠤᠲᠠ ᠶᠢᠨ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠤᠨ ᠠᠭᠤᠰᠬᠢᠨ | ᠦᠷᠪᠢᠰᠦᠯ ᠤᠨ ᠰᠦᠯᠵᠢᠶᠡᠨ ᠳᠡᠭᠡᠷ᠎ᠡ ᠬᠠᠯᠠᠭᠤᠷᠠᠬᠤ ᠡᠭᠦᠳᠡᠨ ᠡᠮᠨᠡᠯᠬᠡ ᠶᠢᠨ | ᠠᠰᠠᠭᠤᠨ ᠯᠠᠪᠯᠠᠬᠤ ᠤᠶᠢᠯᠡᠴᠢᠯᠡᠭᠡ ᠶᠢ ᠡᠬᠢᠯᠡᠭᠦᠯᠬᠦ ᠲᠤᠬᠠᠶ ᠠᠯᠪᠠᠨ ᠵᠠᠷ | | ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠲᠠᠨ᠎ᠠ᠄ | ᠪᠥᠬᠦ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠥᠮᠦᠰ ᠬᠤᠷᠠᠵᠤ ᠴᠤᠭᠯᠠᠷᠠᠬᠤ ᠪᠠ | ᠡᠮᠨᠡᠯᠭᠡᠶᠢᠨ ᠬᠤᠷᠢᠶᠠᠨ ᠳᠤ ᠰᠣᠯᠪᠢᠴᠠᠨ ᠬᠠᠯᠳᠠᠪᠤᠷᠢᠯᠠᠬᠤ ᠲᠣᠬᠢᠶᠠᠯ ᠢ ᠪᠠᠭᠠᠰᠬᠠᠬᠤ ᠶᠢᠨ ᠲᠤᠰᠠᠳᠠ᠂ ᠦᠪᠡᠷᠲᠡᠬᠡᠨ | ᠵᠠᠰᠠᠬᠤ ᠣᠷᠣᠨ᠂ ᠬᠤᠲᠠ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠮᠡᠳᠡᠭᠡ ᠵᠠᠩᠭᠢᠵᠢᠯᠲᠠ ᠪᠠᠷ ᠣᠨᠣᠰᠢᠯᠠᠨ ᠡᠮᠨᠡᠬᠦ ᠵᠠᠭᠪᠤᠷ ᠢ | ᠬᠦᠢᠴᠡᠳ ᠬᠡᠷᠡᠭᠯᠡᠨ᠂ ᠰᠠᠭᠤᠭᠠᠯᠢ ᠠᠷᠠᠳ ᠲᠤ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ | ᠤᠶᠢᠯᠡᠴᠢᠯᠡᠭᠡ ᠬᠠᠩᠭᠠᠨ᠎ᠠ᠃ ᠪᠥᠬᠦ ᠬᠤᠲᠠ ᠶᠢᠨ 15 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠲᠣᠰ | ᠡᠳᠦᠷ ᠠᠴᠠ ᠡᠬᠢᠯᠡᠨ ᠰᠦᠯᠵᠢᠶᠡᠨ ᠳᠡᠭᠡᠷᠡᠬᠢ ︽ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠤᠨ ᠠᠭᠤᠰᠬᠢᠨ | ᠦᠷᠪᠢᠰᠦᠯ︾ ᠤᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠰᠠᠭᠤᠨ ᠯᠠᠪᠯᠠᠯᠲᠠ ᠶᠢ ᠵᠢᠩᠬᠢᠨᠢ ᠪᠠᠷ ᠡᠬᠢᠯᠡᠨ | ᠬᠡᠷᠡᠭᠯᠡᠵᠦ᠂ ᠰᠠᠭᠤᠭᠠᠯᠢ ᠠᠷᠠᠳ ᠲᠤ ᠰᠤᠶᠢᠳᠬᠡᠯ ᠬᠤᠷᠢᠶᠠᠬᠤ ᠥᠬᠡᠶ ᠡᠮᠴᠢ ᠶᠢᠨ ᠰᠦᠯᠵᠢᠶᠡᠨ ᠳᠡᠭᠡᠷᠡᠬᠢ ︽ | ᠬᠠᠯᠠᠭᠤᠷᠠᠯ ᠤᠨ ᠡᠭᠦᠳᠡᠨ ᠡᠮᠨᠡᠯᠭᠡ︾ ᠶᠢᠨ ᠠᠰᠠᠭᠤᠨ ᠯᠠᠪᠯᠠᠬᠤ ᠤᠶᠢᠯᠡᠴᠢᠯᠡᠭᠡ ᠬᠠᠩᠭᠠᠪᠠ᠃ ᠪᠣᠳᠠᠲᠠᠶ ᠨᠡᠶᠢᠲᠡᠯᠡᠬᠦ | ᠠᠷᠭ᠎ᠠ ᠮᠠᠶ᠋ᠢᠭ᠄ | ᠨᠢᠭᠡᠳᠦᠭᠡᠷ ᠵᠣᠶᠢᠯ ᠤᠨ ᠣᠷᠣᠬᠤ ᠠᠷᠭ᠎ᠠ | ︽ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︾ ᠤᠨ ᠨᠡᠶᠢᠲᠡ ᠶᠢᠨ ᠳ᠋ᠤᠭᠠᠷ ᠢ | ᠠᠩᠬᠠᠷᠬᠤ ᠶᠢᠨ ᠬᠠᠮᠲᠤ ᠠᠩᠬᠠᠷᠴᠤ᠂ ︽ᠬᠠᠷᠢᠯᠴᠠᠨ ᠬᠥᠳᠡᠯᠦᠯᠴᠡᠬᠦ︾ ᠶᠢ ︽ᠬᠠᠯᠠᠭᠤᠷᠠᠬᠤ ᠡᠭᠦᠳᠡᠨ ᠡᠮᠨᠡᠯᠭᠡ︾ | ᠶᠢᠨ ᠲᠣᠪᠶᠤᠭ ᠲᠤ ᠳᠠᠷᠤᠵᠤ᠂ ᠠᠰᠠᠭᠤᠨ ᠯᠠᠪᠯᠠᠬᠤ ᠳᠤ ᠣᠷᠣᠭᠤᠯᠤᠨ᠎ᠠ᠃ | ᠬᠤᠶᠠᠳᠤᠭᠠᠷ ᠲᠥᠷᠥᠯ ᠤᠨ ᠣᠷᠣᠬᠤ ᠠᠷᠭ᠎ᠠ | ︽ᠡᠷᠡᠭᠦᠯ ᠡᠩᠬᠡ ᠥᠪᠥᠷ ᠮᠣᠩᠭᠤᠯ︾ APP ᠶᠢ ᠪᠠᠭᠤᠯᠭᠠᠨ ᠠᠪᠴᠤ᠂ ᠬᠡᠷᠡᠭᠯᠡᠭᠴᠢ ᠭᠠᠷ ᠤᠲᠠᠰᠤᠨ ᠤ | ᠨᠣᠮᠧᠷ ᠤᠯᠤᠭᠰᠠᠨ ᠰᠢᠯᠭᠠᠨ ᠪᠠᠲᠤᠯᠠᠬᠤ ᠺᠣᠳ᠋ ᠢᠶᠠᠨ ᠲᠠᠭᠯᠠᠵᠤ᠂ ᠲᠡᠮᠳᠡᠭᠯᠡᠬᠦ ᠲᠦᠷᠭᠡᠨ ᠯᠠᠪᠯᠠᠯᠲᠠ ᠶᠢ ᠪᠡᠶᠡᠯᠡᠭᠦᠯᠵᠦ᠂ | ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠨ᠂ ᠡᠪᠡᠳᠴᠢᠨ ᠤ ᠪᠠᠶᠢᠳᠠᠯ ᠢ ᠳᠦᠷᠰᠦᠯᠡᠭᠰᠡᠨ ᠤ ᠳᠠᠷᠠᠭ᠎ᠠ ︽ᠨᠤᠲᠠᠯᠠᠨ | ᠯᠠᠪᠯᠠᠬᠤ ᠶᠢ ᠲᠣᠪᠴᠢᠳᠠᠨ᠎ᠠ︾᠃ | ᠭᠤᠷᠪᠠᠳᠤᠭᠠᠷ ᠲᠥᠷᠥᠯ ᠤᠨ ᠣᠷᠣᠬᠤ ᠠᠷᠭ᠎ᠠ | ᠰᠢᠭᠤᠳ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠨ ᠠᠩᠬᠠᠷᠪᠠᠯ ᠪᠣᠯᠴᠢᠬᠠᠨ᠎ᠠ᠃ | ᠣᠷᠴᠢᠭᠤᠯᠣᠭᠴᠢ᠄ ᠡᠷᠳᠡᠨᠢᠴᠢᠮᠡᠭ |