ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠲᠣᠭᠤᠷᠢᠭ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯᠯᠠᠭᠠᠨ ᠤ ᠴᠤᠪᠤᠷᠠᠯ ᠢ ᠵᠢᠷᠤᠮᠵᠢᠭᠤᠯᠬᠤ ᠲᠤᠬᠠᠶ ᠮᠡᠳᠡᠭᠳᠡᠯ | | ᠡᠯ᠎ᠡ ᠠᠶᠢᠮᠠᠭ ᠬᠤᠲᠠ ᠶᠢᠨ ᠰᠢᠨ᠎ᠡ ᠪᠠᠷ ᠲᠢᠲᠢᠮᠯᠡᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠲᠢᠲᠢᠮᠯᠡᠭᠰᠡᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ | ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠡ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠳᠤ᠄ | ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯᠯᠠᠭᠠᠨ ᠤ ᠴᠤᠪᠤᠷᠠᠯ ᠢ ᠵᠢᠷᠤᠮᠵᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠷᠣᠵᠤ ᠭᠠᠷᠬᠤ ᠳᠠᠩᠰᠠᠯᠠᠯ ᠢ ᠵᠢᠷᠤᠮᠵᠢᠭᠤᠯᠬᠤ | ᠬᠡᠷᠡᠭᠲᠡᠶ᠃ ᠣᠷᠣᠵᠤ ᠭᠠᠷᠬᠤ ᠡᠭᠦᠳᠡᠨ ᠳᠤ ᠪᠠᠶᠢᠴᠠᠭᠠᠯᠲᠠ ᠶᠢᠨ ᠴᠡᠭ ᠪᠠᠶᠢᠷᠢᠯᠠᠭᠤᠯᠬᠤ ᠳᠤ᠂ ᠣᠷᠣᠵᠤ ᠭᠠᠷᠬᠤ | ᠬᠥᠮᠦᠰ ᠡᠷᠬᠡᠪᠰᠢ ᠠᠮᠠᠪᠴᠢ ᠵᠡᠭᠦᠬᠦ ᠶᠢᠨ ᠬᠠᠮᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠬᠡᠷᠡᠭᠲᠡᠶ᠃ ︽ | ᠣᠷᠣᠵᠤ ᠭᠠᠷᠬᠤ ᠬᠥᠮᠦᠰ ᠤᠨ ᠥᠪᠡᠷ ᠢᠶᠠᠷ ᠳᠠᠩᠰᠠᠯᠠᠬᠤ ᠰᠢᠰᠲ᠋ᠧᠮ︾ ᠢ ᠨᠢᠭᠡᠨᠲᠡ ᠨᠡᠪᠲᠡᠷᠡᠭᠦᠯᠦᠨ ᠬᠡᠷᠡᠭᠯᠡᠭᠰᠡᠨ | ᠪᠠᠶᠢᠪᠠᠯ᠂ ᠰᠢᠷᠪᠢᠯᠲᠡ ᠶᠢᠨ ᠬᠤᠶᠠᠷ ᠬᠡᠮᠵᠢᠯᠳᠦ ᠲᠡᠮᠳᠡᠭ ᠢᠶᠠᠷ ᠳᠠᠮᠵᠢᠨ ᠣᠷᠣᠵᠤ ᠭᠠᠷᠬᠤ ᠳᠠᠩᠰᠠᠯᠠᠯ ᠢ ᠪᠡᠶᠡᠯᠡᠬᠦᠯᠬᠦ | ᠬᠡᠷᠡᠭᠲᠡᠶ᠃ ᠪᠠᠶᠢᠭᠤᠯᠤᠭᠠᠳᠤᠶ ᠨᠢ ᠳᠠᠷᠦ᠋ᠢᠬᠠᠨ ᠡᠬᠢᠯᠡᠨ ᠬᠡᠷᠡᠭᠯᠡᠵᠦ᠂ ᠰᠢᠯᠵᠢᠯᠲᠡ ᠶᠢᠨ ᠬᠤᠭᠤᠴᠠᠭ᠎ᠠ ᠶᠢ ᠨᠡᠶᠢᠭᠡᠮ | ᠲᠣᠭᠤᠷᠢᠭ ᠠᠴᠠ ᠡᠷᠦᠬᠡ ᠪᠦᠷᠢ ᠳᠤ ᠨᠢᠭᠡ ᠨᠡᠪᠲᠡᠷᠡᠬᠦ ᠦᠨᠡᠮᠯᠡᠯ ᠬᠢᠵᠦ ᠥᠭᠬᠦ ᠬᠡᠷᠡᠭᠲᠡᠶ᠃ ᠠᠳᠠᠯ ᠠᠬᠤᠶ ᠦᠭᠡᠢ᠂ | ᠠᠮᠤᠷ ᠢ ᠬᠠᠮᠠᠭᠠᠯᠠᠬᠤ᠂ ᠨᠡᠭᠡᠭᠡᠯᠲᠡ ᠬᠢᠬᠦ ᠮᠠᠶ᠋ᠢᠭ ᠦᠭᠡᠢ ᠪᠣᠯ ᠬᠠᠷᠢᠶ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ | ᠭᠤᠳᠤᠮᠵᠢ︶ ᠠᠴᠠ ᠪᠢᠲᠡᠭᠦᠮᠵᠢᠯᠡᠨ ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠬᠠᠷᠢᠭᠤᠴᠠᠨ ᠨᠠᠶᠢᠳᠠᠪᠤᠷᠢᠵᠢᠭᠤᠯᠬᠤ | ᠬᠡᠷᠡᠭᠲᠡᠶ᠃ ᠲᠦᠷᠭᠡᠨ ᠬᠦᠷᠭᠡᠬᠦ᠂ ᠭᠠᠳᠠᠭᠰᠢ ᠬᠤᠳᠠᠯᠳᠤᠬᠤ ᠵᠡᠷᠭᠡ ᠬᠥᠮᠦᠰ ᠡᠳ᠋ ᠪᠣᠳᠠᠰ ᠢᠶᠠᠨ ᠣᠷᠣᠨ ᠰᠠᠭᠤᠴᠠ ᠶᠢᠨ | ᠵᠢᠵᠢᠭ ᠲᠤᠭᠤᠷᠢᠭ ᠤᠨ ᠵᠢᠭᠠᠨ ᠲᠣᠭᠲᠠᠭᠠᠭᠰᠠᠨ ᠣᠷᠣᠨ ᠳᠤ ᠬᠦᠷᠭᠡᠵᠦ᠂ ᠰᠠᠭᠤᠭᠠᠯᠢ ᠡᠷᠦᠬᠡ ᠥᠪᠡᠰᠦᠪᠡᠨ ᠠᠪᠴᠤ᠂ | ᠵᠢᠭᠠᠨ ᠲᠤᠭᠲᠠᠭᠠᠭᠰᠠᠨ ᠣᠷᠣᠨ ᠪᠦᠰᠡ ᠶᠢᠨ ᠪᠠᠶᠢᠷᠢᠯᠠᠭᠤᠯᠤᠯᠲᠠ ᠨᠢ ᠬᠥᠮᠦᠰ ᠤᠨ ᠴᠤᠭᠯᠠᠷᠠᠬᠤ ᠠᠴᠠ ᠵᠠᠶᠢᠯᠠᠰᠬᠢᠬᠦ | ᠬᠡᠷᠡᠭᠲᠡᠶ᠃ | ᠬᠤᠶᠠᠷ᠂ ᠭᠠᠳᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠳᠠᠩᠰᠠᠯᠠᠯ ᠢ ᠵᠢᠷᠤᠮᠵᠢᠭᠤᠯᠬᠤ ᠬᠡᠷᠡᠭᠲᠡᠶ᠃ | ᠭᠠᠳᠠᠷ ᠣᠷᠣᠨ ᠤ ᠪᠤᠴᠠᠵᠤ ᠢᠷᠡᠭᠰᠡᠨ ᠬᠥᠮᠦᠰ ᠲᠣᠰ ᠡᠳᠦᠷ ᠲᠤ ᠰᠠᠭᠤᠭ᠎ᠠ ᠭᠠᠵᠠᠷ ᠤᠨ ᠢᠶᠠᠨ ᠨᠡᠶᠢᠭᠡᠮ | ᠲᠣᠭᠤᠷᠢᠭ ᠲᠤ ᠡᠷᠡᠭᠦᠯ ᠮᠡᠨᠳᠦ ᠶᠢᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠬᠤᠪᠢ ᠬᠥᠮᠦᠨ ᠤ ᠮᠡᠳᠡᠭᠡ ᠵᠠᠩᠭᠢ ᠶᠢ | ᠳᠠᠩᠰᠠᠯᠠᠬᠤ ᠠᠵᠢᠯ ᠢ ᠬᠠᠮᠵᠢᠯᠴᠠᠨ ᠪᠡᠶᠡᠯᠡᠭᠦᠯᠬᠦ ᠬᠡᠷᠡᠭᠲᠡᠶ᠃ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠢᠭᠤᠨ | ᠳᠠᠷᠤᠬᠤ᠂ ᠬᠤᠶᠢᠰᠢᠯᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠬᠦᠯᠬᠦ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯᠲᠠᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠲᠣᠭᠲᠠᠭᠠᠯ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠭᠤᠷᠪᠠ᠂ ᠪᠠᠶᠢᠴᠠᠭᠠᠨ ᠬᠡᠮᠵᠢᠬᠦ ᠴᠢᠭ ᠤᠨ ᠠᠷᠢᠭᠤᠳᠬᠠᠬᠤ ᠠᠵᠢᠯ ᠢ ᠵᠢᠷᠤᠮᠵᠢᠭᠤᠯᠬᠤ ᠬᠡᠷᠡᠭᠲᠡᠶ᠃ ᠨᠡᠶᠢᠭᠡᠮ | ᠲᠣᠭᠤᠷᠢᠭ ᠤᠨ ᠪᠡᠶ᠎ᠡ ᠶᠢᠨ ᠳᠤᠯᠠᠭᠠᠨ ᠢ ᠪᠠᠶᠢᠴᠠᠭᠠᠬᠤ ᠴᠢᠭ ᠤᠨ ᠬᠥᠮᠦᠰ ᠤᠨ ᠴᠤᠭᠯᠠᠷᠠᠯ ᠢ ᠪᠠᠭᠠᠰᠬᠠᠨ᠂ ᠪᠡᠶ᠎ᠡ ᠶᠢᠨ | ᠳᠤᠯᠠᠭᠠᠨ ᠢ ᠪᠠᠶᠢᠴᠠᠭᠠᠬᠤ ᠴᠢᠭ ᠤᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠳᠤ ᠭᠤᠤᠯᠳᠠᠭᠤ | ᠪᠠᠶᠢᠴᠠᠭᠠᠨ ᠬᠡᠮᠵᠢᠬᠦ ᠴᠡᠭ ᠤᠨ ᠡᠳ᠋ ᠪᠣᠳᠠᠰ ᠤᠨ ᠭᠠᠳᠠᠷᠭᠤ ᠶᠢ ᠠᠷᠴᠢᠵᠤ ᠠᠷᠢᠭᠤᠳᠬᠠᠬᠤ᠂ ᠭᠠᠵᠠᠷ ᠤᠨ ᠭᠠᠳᠠᠷᠭᠤ ᠶᠢ | ᠠᠷᠢᠭᠤᠳᠬᠠᠬᠤ ᠶᠢ ᠪᠠᠭᠲᠠᠭᠠᠨ᠎ᠠ᠂ ᠪᠣᠳᠠᠲᠠᠶ ᠤᠯᠠᠨ ᠨᠡᠶᠢᠲᠡ ᠶᠢᠨ ᠲᠠᠯᠠᠪᠤᠷ ᠲᠤ ᠠᠷᠢᠭᠤᠭᠬᠠᠬᠤ ᠠᠷᠭ᠎ᠠ ᠪᠠᠷ | ᠶᠠᠪᠤᠭᠤᠯᠤᠨ᠎ᠠ︔ ᠣᠯᠠᠨ ᠬᠥᠮᠦᠨ ᠤ ᠳᠠᠬᠢᠨ ᠳᠠᠪᠲᠠᠨ ᠬᠦᠷᠦᠯᠴᠡᠬᠦ ᠡᠳ᠋ ᠪᠣᠳᠠᠰ ᠢ ᠲᠣᠭᠲᠠᠭᠰᠠᠨ ᠴᠠᠭ ᠲᠤ | ᠠᠷᠢᠭᠤᠳᠬᠠᠬᠤ ᠬᠡᠷᠡᠭᠲᠡᠶ᠃ | ᠳᠦᠷᠪᠡ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠠᠵᠢᠯᠲᠠᠨ ᠤ ᠮᠡᠷᠭᠡᠵᠢᠯ ᠤᠨ ᠪᠣᠯᠪᠠᠰᠤᠷᠠᠭᠤᠯᠤᠯ ᠤᠨ | ᠠᠵᠢᠯ ᠢ ᠵᠢᠷᠤᠮᠵᠢᠭᠤᠯᠬᠤ ᠬᠡᠷᠡᠭᠲᠡᠶ᠃ ᠪᠡᠶ᠎ᠡ ᠶᠢᠨ ᠳᠤᠯᠠᠭᠠᠨ ᠢ ᠰᠢᠯᠭᠠᠨ ᠬᠡᠮᠵᠢᠬᠦ ᠠᠵᠢᠯᠲᠠᠨ ᠳᠤ ᠪᠡᠶ᠎ᠡ ᠶᠢᠨ | ᠳᠤᠯᠠᠭᠠᠨ ᠢ ᠰᠢᠯᠭᠠᠨ ᠪᠠᠶᠢᠴᠠᠭᠠᠬᠤ ᠠᠷᠭ᠎ᠠ ᠶᠢᠨ ᠪᠣᠯᠪᠠᠰᠤᠷᠠᠭᠤᠯᠤᠯ ᠬᠢᠵᠦ᠂ ᠠᠳᠠᠯᠢ ᠪᠤᠰᠤ ᠬᠡᠯᠪᠡᠷᠢ ᠮᠠᠶ᠋ᠢᠭ ᠤᠨ | ᠪᠡᠶ᠎ᠡ ᠶᠢᠨ ᠳᠤᠯᠠᠭᠠᠨ ᠢ ᠰᠢᠯᠭᠠᠬᠤ ᠫᠤᠤ ᠳᠤ ᠴᠢᠭᠯᠡᠭᠦᠯᠦᠨ᠂ ᠲᠣᠳᠣᠷᠬᠠᠶᠢᠯᠠᠯᠲᠠ ᠶᠢᠨ ᠪᠢᠴᠢᠭ ᠢ ᠨᠢ ᠨᠠᠷᠢᠨ | ᠤᠩᠰᠢᠬᠤ ᠶᠢ ᠱᠠᠭᠠᠷᠳᠠᠬᠤ ᠶᠢᠨ ᠬᠠᠮᠲᠤ᠂ ᠭᠡᠷ ᠤᠨ ᠭᠠᠳᠠᠨᠠᠬᠢ ᠪᠡᠶ᠎ᠡ ᠶᠢᠨ ᠳᠤᠯᠠᠭᠠᠨ ᠢ ᠬᠠᠮᠠᠭᠠᠯᠠᠬᠤ ᠠᠵᠢᠯ ᠢ | ᠰᠠᠶᠢᠲᠤᠷ ᠬᠢᠵᠦ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ ᠪᠡᠶ᠎ᠡ ᠶᠢᠨ ᠳᠤᠯᠠᠭᠠᠨ ᠤ ᠪᠦᠷᠢᠳᠬᠡᠯ ᠤᠨ ᠬᠦᠰᠦᠨᠦᠭᠲᠦ ᠶᠢ ᠲᠤᠰᠬᠠᠶ ᠬᠥᠮᠦᠨ ᠲᠠᠭᠯᠠᠬᠤ ᠬᠡᠷᠡᠭᠲᠡᠶ᠂ | ᠰᠠᠭᠤᠭᠠᠯᠢ ᠠᠷᠠᠳ ᠥᠪᠡᠰᠦᠪᠡᠨ ᠲᠠᠭᠯᠠᠵᠤ ᠪᠣᠯᠬᠤ ᠥᠬᠡᠶ᠃ | ᠲᠠᠪᠤ᠂ ᠪᠠᠶᠢᠴᠠᠭᠠᠨ ᠰᠢᠯᠭᠠᠬᠤ ᠠᠵᠢᠯᠲᠠᠨ ᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠶᠢ | ᠵᠢᠷᠤᠮᠵᠢᠭᠤᠯᠬᠤ ᠬᠡᠷᠡᠭᠲᠡᠶ᠃ ᠠᠵᠢᠯᠲᠠᠨ ᠪᠣᠯᠤᠨ ᠰᠢᠯᠭᠠᠨ ᠪᠠᠶᠢᠴᠠᠭᠠᠭᠳᠠᠬᠤ ᠬᠥᠮᠦᠰ ᠤᠨ ᠬᠤᠭᠤᠷᠣᠨᠳᠣᠬᠢ | ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠶᠢᠨ ᠲᠤᠰᠠᠳᠠ᠂ ᠰᠢᠯᠭᠠᠨ ᠪᠠᠶᠢᠴᠠᠭᠠᠬᠤ ᠠᠵᠢᠯᠲᠠᠨ ᠡᠷᠬᠡᠪᠰᠢ | ᠪᠠᠷᠢᠮᠵᠢᠶ᠎ᠠ ᠳᠤ ᠨᠡᠶᠢᠴᠡᠭᠰᠡᠨ ᠠᠮᠠᠪᠴᠢ ᠵᠢᠴᠢ ᠪᠡᠭᠡᠯᠡᠶ ᠵᠡᠭᠦᠬᠦ ᠬᠡᠷᠡᠭᠲᠡᠶ᠂ ᠢᠯᠠᠩᠭᠤᠶ᠎ᠠ ᠠᠵᠢᠯ ᠤᠨ ᠳᠤᠮᠳᠠ ᠪᠠᠨ | ᠬᠥᠮᠦᠨ ᠬᠥᠮᠦᠨ ᠤ ᠬᠤᠭᠤᠷᠤᠨᠳᠤ 1 ᠮᠧᠲᠷ ᠠᠴᠠ ᠳᠡᠭᠡᠭᠰᠢ ᠵᠠᠶ ᠶᠢ ᠢᠮᠠᠭᠲᠠ ᠪᠠᠲᠤᠯᠠᠬᠤ ᠬᠡᠷᠡᠭᠲᠡᠶ᠃ | ᠵᠢᠷᠭᠤᠭ᠎ᠠ᠂ ᠬᠠᠯᠠᠭᠤᠷᠠᠭᠰᠠᠨ ᠬᠥᠮᠦᠰ ᠤᠨ ᠵᠠᠯᠭᠠᠮᠵᠢ ᠰᠢᠢᠳᠪᠤᠷᠢᠯᠡᠯᠳᠡ ᠶᠢ ᠵᠢᠷᠤᠮᠵᠢᠭᠤᠯᠬᠤ ᠬᠡᠷᠡᠭᠲᠡᠶ᠃ | ᠬᠠᠯᠠᠭᠤᠷᠠᠵᠤ ᠪᠠᠶᠢᠭ᠎ᠠ ᠬᠥᠮᠦᠰ ᠢ ᠳᠠᠷᠦ᠋ᠢᠬᠠᠨ ᠬᠥᠲᠥᠯᠥᠨ ᠵᠢᠯᠣᠭᠤᠳᠴᠤ ᠪᠠᠶᠢᠭᠠᠳ ᠬᠤᠭᠤᠰᠣᠨ ᠲᠠᠯᠠᠪᠤᠷ ᠪᠤᠶᠤ | ᠠᠰ ᠲᠤᠨᠢ ᠲᠣᠬᠢᠷᠠᠭᠤᠯᠤᠭᠰᠠᠨ ᠲᠤᠰᠬᠠᠶ ᠭᠡᠷ ᠲᠤ ᠲᠦᠷ ᠦᠯᠡᠳᠡᠭᠡᠨ ᠦᠵᠡᠭᠦᠯᠬᠦ ᠶᠢᠨ ᠬᠠᠮᠲᠤ ᠲᠤᠬᠠᠶ ᠶᠢᠨ | ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠵᠦ᠂ ᠡᠮᠨᠡᠯᠭᠡ ᠶᠢᠨ | ᠠᠵᠢᠯᠲᠠᠳ ᠲᠠᠢ ᠬᠠᠮᠵᠢᠯᠴᠠᠨ ᠬᠠᠯᠠᠭᠤᠷᠠᠵᠤ ᠪᠠᠶᠢᠭ᠎ᠠ ᠬᠥᠮᠦᠰ ᠢ ᠰᠢᠯᠵᠢᠭᠦᠯᠦᠨ ᠵᠠᠯᠭᠠᠬᠤ ᠠᠵᠢᠯ ᠢ ᠰᠠᠶᠢᠲᠤᠷ | ᠬᠢᠬᠦ ᠶᠢᠨ ᠬᠠᠮᠲᠤ ᠦᠯᠡᠳᠡᠭᠡᠨ ᠦᠵᠡᠭᠦᠯᠬᠦ ᠭᠡᠷ ᠪᠠᠶᠢᠰᠢᠩ ᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠤᠭ᠎ᠠ᠂ ᠭᠤᠤᠯᠳᠠᠯᠭ᠎ᠠ ᠲᠠᠢ ᠠᠵᠢᠯᠲᠠᠨ ᠤ ᠬᠠᠮᠢᠶᠠᠷᠤᠯᠲᠠ ᠤᠶᠢᠯᠡᠴᠢᠯᠡᠬᠡᠨ ᠢ ᠵᠢᠷᠤᠮᠵᠢᠭᠤᠯᠬᠤ ᠬᠡᠷᠡᠭᠲᠡᠶ᠃ | ᠨᠡᠶᠢᠭᠡᠮ ᠲᠣᠭᠤᠷᠢᠭ ᠲᠤ ᠭᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠭᠴᠢ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ︽ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠠᠵᠢᠯ ᠢ ᠤᠯᠠᠮ ᠨᠢᠭᠡ ᠠᠯᠬᠤᠮ | ᠰᠠᠶᠢᠳᠤᠷ ᠬᠢᠬᠦ ᠲᠤᠬᠠᠶ ᠪᠠᠴᠢᠮ ᠮᠡᠳᠡᠭᠳᠡᠯ︾ ︵ᠥᠪᠥᠷ ᠰᠡᠷᠭᠡᠶᠢᠯᠡᠯᠲᠡ ᠶᠢᠨ ᠵᠢᠭᠠᠪᠤᠷᠢ ᠴᠠᠬᠢᠯᠭᠠᠨ ︹ 2020 | ︺ 3 ᠳ᠋ᠤᠭᠠᠷ ᠲᠣᠭᠠᠲᠤ︶ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠰᠢᠨ᠎ᠡ ᠲᠢᠲᠢᠮ ᠤᠨ ᠠᠭᠤᠰᠬᠢᠨ | ᠦᠷᠪᠢᠰᠦᠯ ᠤᠨ ᠰᠡᠵᠢᠭ ᠲᠠᠢ ᠬᠥᠮᠦᠰ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠬᠤ ᠬᠡᠷᠡᠭᠲᠡᠶ᠃ ᠭᠡᠷ ᠲᠤ ᠲᠤᠰᠠᠭᠠᠷᠯᠠᠨ ᠠᠵᠢᠭᠯᠠᠭᠴᠢ ᠲᠠᠢ ᠰᠠᠭᠤᠭ᠎ᠠ ᠡᠷᠦᠬᠡ ᠳᠤ ᠭᠡᠷ ᠲᠤ ᠰᠠᠭᠤᠭ᠎ᠠ ᠪᠤᠶ | ᠪᠦᠬᠦᠢ ᠬᠥᠮᠦᠰ ᠭᠡᠷ ᠠᠴᠠ ᠪᠠᠨ ᠭᠠᠷᠴᠤ ᠪᠣᠯᠬᠤ ᠦᠭᠡᠶ᠂ ᠨᠡᠶᠢᠭᠡᠮ ᠲᠣᠭᠤᠷᠢᠭ ᠠᠴᠠ ᠬᠠᠮᠢᠶ᠎ᠠ ᠪᠦᠬᠦᠢ ᠬᠥᠮᠦᠰ ᠲᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠤᠶᠢᠯᠡᠴᠢᠯᠡᠭᠡ ᠬᠠᠩᠭᠠᠬᠤ ᠬᠡᠷᠡᠭᠲᠡᠶ᠃ | ᠨᠠᠢᠮᠠ᠂ ᠲᠦᠷᠢᠶᠡᠰᠦᠯᠡᠬᠦ ᠭᠡᠷ ᠪᠠᠶᠢᠰᠢᠩ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠬᠦᠴᠦᠲᠡᠶ ᠠᠷᠭ᠎ᠠ | ᠬᠡᠮᠵᠢᠶ᠎ᠡ ᠠᠪᠴᠤ᠂ ᠬᠡᠷ ᠪᠠᠶᠢᠰᠢᠩ ᠲᠦᠷᠢᠶᠡᠰᠦᠯᠡᠭᠦᠯᠦᠭᠴᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷ | ᠪᠠᠶᠢᠰᠢᠩ ᠲᠦᠷᠢᠶᠡᠰᠦᠯᠡᠭᠦᠯᠦᠭᠴᠢ ᠠᠴᠠ ᠨᠡᠭᠦᠳᠡᠯ ᠬᠥᠮᠦᠨ ᠠᠮᠠ ᠳᠤ ᠬᠢᠨᠠᠯᠲᠠ ᠲᠠᠯᠪᠢᠵᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠭᠦᠳᠡᠯ ᠬᠥᠮᠦᠨ ᠠᠮᠠ ᠶᠢᠨ ᠥᠪᠡᠰᠦᠪᠡᠨ ᠭᠤᠶᠤᠴᠢᠯᠠᠨ ᠮᠡᠳᠡᠬᠦᠯᠬᠦ ᠳᠠᠩᠰᠠᠯᠠᠯ︾ | ᠤᠨ ᠬᠤᠶᠠᠷ ᠬᠡᠮᠵᠢᠯᠳᠦ ᠲᠡᠮᠳᠡᠭ ᠢ ᠰᠢᠷᠪᠢᠬᠦ ᠪᠠᠷ ᠳᠠᠮᠵᠢᠭᠤᠯᠤᠨ᠂ ᠲᠦᠷ ᠰᠠᠭᠤᠬᠤ ᠳᠠᠩᠰᠠᠯᠠᠯ ᠬᠢᠯᠭᠡᠬᠦ ᠪᠠᠷ | ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠬᠦ ᠬᠡᠷᠡᠭᠲᠡᠶ᠃ ᠭᠡᠷ ᠪᠠᠶᠢᠰᠢᠩ ᠲᠦᠷᠢᠶᠡᠰᠦᠯᠡᠬᠦ ᠵᠠᠭᠤᠴᠢ ᠠᠵᠤ | ᠠᠬᠤᠶᠢᠯᠠᠯ ᠪᠤᠶᠤ ᠠᠵᠢᠯ ᠤᠶᠢᠯᠡᠰ ᠲᠤ ᠭᠤᠤᠯᠳᠠᠭᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠤᠨ | ᠬᠠᠷᠢᠯᠴᠠᠬᠤ ᠬᠥᠮᠦᠨ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠲᠤ ᠭᠡᠷ | ᠪᠠᠶᠢᠰᠢᠩ ᠲᠦᠷᠢᠶᠡᠰᠦᠯᠡᠬᠦ ᠪᠠ ᠲᠦᠷᠢᠶᠡᠰᠦᠯᠡᠭᠴᠢ ᠶᠢᠨ ᠬᠥᠳᠡᠯᠦᠯ ᠪᠠᠶᠢᠳᠠᠯ ᠤᠨ ᠮᠡᠳᠡᠭᠡ ᠵᠠᠩᠭᠢ ᠶᠢ ᠬᠠᠩᠭᠠᠬᠤ | ᠬᠡᠷᠡᠭᠲᠡᠶ᠃ | ᠶᠢᠰᠦ᠂ ᠣᠯᠠᠨ ᠨᠡᠶᠢᠲᠡ ᠶᠢᠨ ᠣᠷᠣᠨ ᠪᠦᠰᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠨᠡᠶᠢᠭᠡᠮ | ᠲᠣᠭᠤᠷᠢᠭ ᠤᠨ ᠠᠮᠢᠳᠤᠷᠠᠯ ᠤᠨ ᠬᠡᠷᠡᠭᠴᠡᠭᠡ ᠦᠭᠡᠶ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠵᠤᠭ᠎ᠠ | ᠴᠡᠩᠭᠡᠯ ᠤᠨ ᠲᠠᠰᠤᠭ᠂ ᠨᠡᠶᠢᠭᠡᠮ ᠲᠣᠭᠤᠷᠢᠭ ᠤᠨ ᠳᠣᠲᠣᠷᠠᠬᠢ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠢ | ᠴᠥᠮ ᠬᠠᠭᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠲᠤ ᠠᠷᠢᠭᠤᠨ ᠴᠡᠪᠡᠷ ᠠᠷᠢᠭᠤᠳᠬᠠᠬᠤ᠂ ᠬᠤᠭ | ᠨᠣᠪᠰᠢ ᠶᠢ ᠲᠥᠷᠥᠯ ᠬᠤᠪᠢᠶᠠᠨ ᠰᠢᠢᠳᠪᠤᠷᠢᠯᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ | ᠰᠠᠶᠢᠲᠤᠷ ᠬᠢᠨ᠎ᠡ᠃ ᠵᠢᠵᠢᠭ ᠣᠷᠣᠨ ᠤ ᠳᠣᠲᠣᠷᠠᠬᠢ ᠠᠮᠢᠳᠤᠷᠠᠯ ᠤᠨ ᠴᠢᠬᠤᠯᠠ ᠬᠡᠷᠡᠭᠴᠡᠭᠡ ᠦᠭᠡᠶ ᠵᠠᠰᠠᠵᠤ ᠴᠢᠮᠡᠭᠯᠡᠬᠦ | ᠵᠡᠷᠭᠡ ᠪᠠᠷᠢᠯᠭ᠎ᠠ ᠶᠢ ᠴᠥᠮ ᠵᠣᠭᠰᠣᠭᠠᠵᠤ᠂ ᠤᠰᠤ ᠴᠠᠬᠢᠯᠭᠠᠨ ᠬᠡᠢ ᠢᠯᠴᠢ ᠵᠡᠷᠭᠡ ᠪᠠᠷᠢᠯᠭ᠎ᠠ ᠶᠢᠨ ᠪᠠᠷᠢᠯᠭ᠎ᠠ ᠶᠢᠨ | ᠨᠢᠭᠡᠴᠡ ᠨᠦᠭᠦᠳ ᠨᠡᠶᠢᠭᠡᠮ ᠲᠣᠭᠤᠷᠢᠭ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠ᠂ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠨᠢ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ᠂ ᠨᠡᠶᠢᠭᠡᠮ | ᠲᠣᠭᠤᠷᠢᠭ ᠤᠨ ᠠᠵᠢᠯᠲᠠᠨ᠂ ᠶᠡᠷᠤᠩᠭᠡᠶᠢᠯᠡᠨ ᠵᠠᠰᠠᠬᠤ ᠰᠦᠯᠵᠢᠶᠡᠴᠢᠨ ᠢᠶᠠᠷ ᠪᠦᠷᠢᠯᠳᠦᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤᠭᠤᠶᠢᠯᠠᠩ ᠨᠢ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ | ᠬᠡᠷᠡᠭᠲᠡᠶ᠃ | ᠪᠣᠳᠠᠲᠠᠶ ᠵᠢᠯᠣᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠵᠤ᠂ ᠰᠡᠷᠭᠡᠶᠢᠯᠡᠨ ᠡᠵᠡᠮᠳᠡᠬᠦ ᠠᠵᠢᠯ ᠢ | ᠨᠠᠶᠢᠳᠠᠪᠤᠷᠢᠵᠢᠭᠤᠯᠤᠭᠰᠠᠨ ᠥᠬᠡᠶ ᠪᠤᠶᠤ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶᠢᠵᠢᠭᠤᠯᠤᠭᠰᠠᠨ ᠥᠬᠡᠶ ᠠᠴᠠ | ᠪᠣᠯᠵᠣ ᠬᠦᠨᠳᠤ ᠨᠣᠴᠢᠲᠠᠶ ᠤᠷᠰᠢᠭ ᠲᠠᠲᠠᠭᠰᠠᠨ ᠨᠡᠶᠢᠭᠡᠮ ᠲᠣᠭᠤᠷᠢᠭ ᠠᠴᠠ ᠬᠠᠮᠢᠶ᠎ᠠ ᠪᠥᠬᠦᠶ ᠬᠥᠮᠦᠰ ᠤᠨ | ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠶ᠃ | 2020 ᠣᠨ ᠤ 2 ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠣᠷᠴᠢᠭᠤᠯᠣᠭᠴᠢ᠄ ᠡᠷᠳᠡᠨᠢᠴᠢᠮᠡᠭ | |