ᠺᠠᠩ ᠵᠢᠶᠠ ᠲᠣᠰᠬᠤᠨ ᠤ ᠠᠷᠠᠳ ᠢ ᠣᠷᠣᠭᠤᠯᠵᠤ ᠢᠳᠡᠪᠬᠢᠲᠡᠶ ᠪᠠᠷ | ᠡᠳ᠋ ᠪᠣᠳᠡᠰ ᠤᠨ ᠳᠠᠶᠢᠨ ᠤ ᠬᠢᠵᠢᠭ ᠤᠨ ᠪᠠᠶᠢᠳᠠᠯ ᠢ ᠬᠠᠨᠳᠢᠪᠯᠠᠭᠠᠷᠠᠶ | | | ᠭᠡᠨᠡᠳᠲᠡ ᠡᠭᠦᠰᠦᠭᠰᠡᠨ ᠰᠢᠨ᠎ᠡ ᠬᠡᠯᠪᠡᠷᠢ ᠶᠢᠨ ᠲᠢᠲᠢᠮ ᠬᠡᠯᠪᠡᠷᠢᠲᠦ ᠸᠢᠷᠦ᠋ᠰ ᠤᠨ ᠬᠠᠯᠳᠠᠪᠤᠷᠢᠯᠠᠯ ᠤᠨ | ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠨᠢ ᠲᠣᠰᠬᠤᠨ ᠤ ᠠᠷᠠᠳ ᠨᠢᠭᠡᠪᠦᠷᠢ ᠶᠢ ᠨᠥᠯᠥᠭᠡᠯᠡᠵᠦ᠂ ᠺᠠᠩ | ᠵᠢᠶᠠ ᠲᠣᠰᠬᠤᠨ ᠤ ᠨᠠᠮ ᠤᠨ ᠡᠭᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠤᠯᠠᠭᠠᠨᠬᠠᠳᠠ ᠰᠤᠮᠤ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠣᠰᠬᠤᠨᠤ ᠬᠤᠶᠠᠷ ᠵᠥᠪᠯᠡᠯ ᠪᠣᠯᠤᠨ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠬᠠᠮᠲᠤ ᠪᠠᠷ ᠪᠥᠬᠦ ᠲᠣᠰᠬᠤᠨᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠬᠠᠭᠤᠯᠭ᠎ᠠ ᠶᠢᠨ ᠠᠵᠢᠯ ᠢ ᠥᠷᠨᠢᠭᠦᠯᠬᠦ ᠶᠢᠨ ᠬᠠᠮᠲᠤ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠰᠢᠨ᠎ᠡ ᠬᠡᠯᠪᠡᠷᠢ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠨᠠᠮ ᠤᠨ | ᠰᠦᠢᠳᠭᠡᠯ ᠢ ᠰᠠᠶᠢᠨ ᠳᠤᠷ᠎ᠠ ᠠᠴᠠ ᠪᠠᠨ ᠲᠤᠰᠢᠶᠠᠬᠤ ᠲᠤᠬᠠᠶ ᠬᠤᠯᠪᠣᠭᠳᠠᠯ ᠪᠥᠬᠦᠶ ᠰᠠᠨᠠᠭᠤᠯᠭ᠎ᠠ︾ ᠶᠢᠨ ᠵᠣᠷᠢᠭ | ᠰᠠᠨᠠᠭ᠎ᠠ ᠶᠣᠰᠣᠭᠠᠷ ᠪᠥᠬᠦ ᠲᠣᠰᠬᠤᠨ ᠤ ᠨᠠᠮ ᠤᠨ ᠭᠡᠰᠢᠭᠦᠨ ᠳᠤ ᠤᠬᠠᠭᠤᠯᠭ᠎ᠠ ᠬᠢᠵᠦ᠂ ᠨᠠᠮ ᠤᠨ ᠭᠡᠰᠢᠭᠦᠳ ᠲᠡᠷᠡ | ᠳᠠᠷᠤᠶ ᠳᠤᠨᠢ ᠴᠥᠮ ᠨᠠᠮ ᠤᠨ ᠰᠦᠢᠳᠬᠡᠯ ᠲᠤᠰᠢᠶᠠᠭᠰᠠᠨ ᠪᠠᠶᠢᠨ᠎ᠠ᠃ | 2 ᠰᠠᠷ᠎ᠠ ᠶᠢᠨ 5 ᠤ ᠡᠳᠦᠷ᠂ ᠬᠡᠰᠡᠭ ᠲᠣᠰᠬᠤᠨ ᠤ ᠠᠷᠠᠳ ᠴᠢᠮᠡᠭᠡ ᠣᠯᠤᠭᠰᠠᠨ ᠤ ᠲᠠᠷᠠᠭ᠎ᠠ᠂ | ᠰᠠᠨᠠᠭᠠᠴᠢᠯᠠᠭ᠎ᠠ ᠠᠴᠠ ᠪᠠᠨ ᠲᠣᠰᠬᠤᠨ ᠤ ᠨᠠᠮ ᠤᠨ ᠡᠭᠦᠷ ᠢ ᠡᠷᠢᠵᠦ ᠣᠯᠵᠤ᠂ ᠰᠠᠶᠢᠨ ᠳᠤᠷ᠎ᠠ ᠠᠴᠠ ᠪᠠᠨ ᠬᠠᠨᠳᠢᠪᠯᠠᠵᠤ᠂ | ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠶᠢᠨ ᠲᠥᠯᠥᠭᠡ ᠨᠢᠭᠡ ᠬᠤᠪᠢ ᠬᠦᠴᠦᠨ ᠭᠠᠷᠭᠠᠪᠠ᠂ 75 ᠨᠠᠰᠤᠲᠠᠢ | ᠰᠢᠩ ᠮᠧᠢ ᠷᠧᠨ ᠨᠠᠰᠤᠲᠠᠨ᠄ ︽ᠪᠢᠳᠡ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠨᠠᠮ ᠪᠣᠯᠤᠨ ᠵᠠᠰᠠᠭ ᠤᠨ | ᠣᠷᠳᠣᠨ ᠳᠤ ᠲᠠᠯᠠᠷᠬᠠᠵᠤ ᠪᠠᠶᠢᠨ᠎ᠠ᠂ ᠲᠣᠰᠬᠤᠨ ᠳᠤ ᠪᠠᠶᠢᠭ᠎ᠠ ᠺᠠᠳ᠋ᠷᠴᠤᠳ᠂ ᠡᠩ ᠤᠨ ᠭᠡᠰᠢᠭᠦᠨ ᠪᠣᠯᠤᠭᠰᠠᠨ ᠤ | ᠬᠤᠪᠢ ᠳᠤ ᠪᠢ ᠲᠡᠶᠢᠮᠦ ᠶᠡᠭᠡ ᠴᠢᠳᠠᠪᠦᠷᠢ ᠦᠭᠡᠢ᠂ ᠵᠥᠪᠬᠡᠨ ᠨᠢᠭᠡ ᠬᠤᠪᠢ ᠬᠦᠴᠦ ᠪᠠᠨ ᠰᠢᠪᠬᠠᠨ ᠤᠯᠠᠨ ᠲᠠᠢ | ᠬᠠᠮᠲᠤ ᠪᠠᠷ ᠬᠢᠵᠢᠭ ᠤᠨ ᠪᠠᠶᠢᠳᠠᠯ ᠢ ᠡᠰᠡᠷᠭᠦᠴᠡᠶ᠎ᠡ︾ ᠭᠡᠵᠦ ᠬᠡᠯᠡᠪᠡ᠃ ᠶᠠᠳᠠᠭᠤ ᠬᠦᠴᠢᠷᠳᠡᠯᠲᠡᠶ ᠡᠷᠦᠬᠡ ᠵᠠᠩ ᠵᠠᠨᠬᠠᠶ | ᠄ ︽ᠶᠡᠷᠦᠩᠬᠡᠶ ᠱᠦᠵᠢ ᠰᠢ ᠶᠢᠨ ᠫᠢᠩ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ | ᠲᠠᠯᠠᠷᠬᠠᠵᠤ ᠪᠠᠶᠢᠨ᠎ᠠ᠂ ᠪᠢᠳᠡᠨ ᠳᠤ ᠡᠶᠢᠮᠦ ᠰᠠᠶᠢᠨ ᠠᠮᠢᠳᠣᠷᠡᠯ ᠣᠯᠭᠤᠵᠤ ᠪᠠᠶᠢᠨ᠎ᠠ᠂ ᠣᠲᠣ ᠤᠯᠤᠰ ᠣᠷᠣᠨ ᠳᠤ | ᠬᠢᠵᠢᠭ ᠤᠨ ᠪᠠᠶᠢᠳᠠᠯ ᠬᠦᠨᠳᠦ ᠨᠣᠴᠡᠲᠡᠢ ᠣᠷᠣᠰᠢᠵᠤ ᠪᠠᠶᠢᠨ᠎ᠠ᠂ ᠵᠣᠭᠤᠰ ᠠᠷᠪᠢᠨ ᠥᠬᠡᠶ᠂ ᠭᠡᠪᠡᠴᠣ ᠪᠦᠬᠦ ᠬᠦᠴᠤ ᠪᠠᠷ | ᠢᠶᠠᠨ ᠴᠢᠷᠮᠠᠶᠢᠶ᠎ᠠ ᠭᠡᠵᠤ ᠪᠣᠳᠣᠵᠤ ᠪᠠᠶᠢᠬᠤ ᠨᠢ ᠮᠢᠨᠣ ᠨᠢᠭᠡ ᠰᠠᠨᠠᠭ᠎ᠠ︾ ᠭᠡᠵᠡᠶ᠃ | ᠣᠷᠴᠢᠭᠤᠯᠣᠭᠴᠢ᠄ ᠣᠶᠣᠨᠰᠡᠴᠡᠨ | |