ᠭᠤᠤᠯ ᠰᠡᠳᠦᠪ᠄ ᠬᠦᠰᠡᠯᠡᠩ ᠢᠶᠠᠨ ᠪᠠᠲᠤᠳᠬᠠᠵᠤ ᠤᠭ ᠰᠠᠨᠠᠭ᠎ᠠ ᠪᠠᠨ ᠰᠠᠬᠢᠵᠤ᠂ ᠵᠣᠷᠢᠯᠲᠠ ᠪᠠᠨ ᠪᠠᠲᠤ | ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ | ᠴᠠᠭ᠄ 2020 ᠣᠨ ᠤ 01 ᠰᠠᠷ᠎ᠠ ᠶᠢᠨ 15 ᠤ ᠡᠳᠦᠷ | ᠡᠷᠬᠢᠮ ᠵᠣᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠬᠤᠷᠢᠶᠠᠨ ᠤ ᠬᠤᠰᠢᠭᠤᠨ ᠳᠠᠷᠤᠭ᠎ᠠ ᠭᠤᠤ ᠶᠦᠩ ᠪᠢᠨ | ᠲᠣᠪᠴᠢᠯᠠᠯ᠄ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠣᠯ ᠨᠠᠮ ᠤᠨ ᠠᠷᠪᠠ | ᠶᠢᠰᠣᠳᠣᠭᠡᠷ ᠶᠡᠭᠡ ᠬᠤᠷᠠᠯ ᠤᠨ ᠢᠯᠡᠳᠬᠡᠯ ᠤᠨ ᠢᠯᠡ ᠲᠣᠳᠣ ᠭᠤᠣᠯ ᠰᠡᠳᠦᠪ ᠪᠣᠯᠤᠨ᠎ᠠ᠃ ᠢᠯᠡᠳᠬᠡᠯ ᠳᠤ᠂ ᠳᠤᠮᠳᠠᠳᠤ | ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠲᠣᠮᠳᠠᠳᠣ ᠤᠯᠤᠰ ᠤᠨ | ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨᠤ ᠰᠡᠷᠭᠦᠨ ᠮᠠᠨᠳᠣᠯᠳᠠ ᠶᠢ ᠪᠡᠶᠡᠯᠡᠭᠦᠯᠬᠦ | ᠶᠠᠪᠤᠳᠠᠯ ᠪᠣᠯᠤᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠭᠤᠤ ᠶᠦᠩ ᠪᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ | ᠬᠦᠯᠢᠶᠡᠬᠦ ᠳᠡᠭᠡᠨ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠳᠥᠷᠪᠡᠨ | ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠣᠯᠭᠡᠵᠢᠭᠦᠯᠵᠦ᠂ ᠡᠪ | ᠬᠠᠮᠲᠤ ᠨᠠᠮ ᠤᠨ ᠭᠡᠰᠢᠭᠦᠨ ᠤ ᠤᠯᠤᠰ ᠲᠥᠷᠥ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠶ ᠭᠡᠵᠦ | ᠢᠯᠡᠳᠬᠡᠪᠡ᠃ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ | ᠨᠢᠭᠡ᠂ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠳᠤ ᠡᠷᠬᠡᠪᠰᠢ ᠬᠦᠰᠡᠯᠡᠩ ᠢᠲᠡᠭᠡᠯ | ᠪᠢᠰᠢᠷᠡᠯ ᠭᠡᠬᠦ ᠡᠨᠡ ᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ | ᠶᠡᠷᠦᠩᠬᠡᠶ ᠱᠦᠵᠢ᠄ ︽ᠬᠦᠰᠡᠯᠡᠩ ᠪᠠ ᠢᠲᠡᠭᠡᠯ ᠵᠣᠷᠢᠭ ᠪᠣᠯ ᠡᠪ ᠬᠠᠮᠲᠤᠴᠤᠳ ᠤᠨ ᠣᠶᠤᠨ ᠰᠠᠨᠠᠭᠠᠨ ᠤ | ᠲᠠᠯ᠎ᠠ ᠪᠠᠷ ᠬᠢ ︿ᠺᠠᠯᠼ﹀ ᠮᠥᠨ᠂ ᠬᠦᠰᠡᠯᠡᠩ ᠪᠠ ᠢᠲᠡᠭᠡᠯ ᠵᠣᠷᠢᠭ ᠪᠠᠶᠢᠬᠤ ᠥᠬᠡᠶ᠂ ᠬᠦᠰᠡᠯᠡᠩ ᠪᠠ ᠢᠲᠡᠭᠡᠯ | ᠵᠣᠷᠢᠭ ᠨᠢ ᠡᠷᠡᠰ ᠪᠠᠲᠤ ᠪᠢᠰᠢ ᠪᠣᠯ ᠣᠶᠤᠨ ᠰᠠᠨᠠᠭᠠᠨ ᠤ ᠲᠠᠯ᠎ᠠ ᠪᠠᠷ ︿ᠺᠠᠯᠼ ᠳᠤᠲᠠᠭᠳᠠᠬᠤ﹀ ᠪᠠᠶᠢᠵᠤ᠂ ︿ᠶᠠᠰᠤ | ᠵᠥᠭᠡᠯᠡᠷᠡᠬᠦ ᠡᠪᠡᠳᠴᠢᠨ﹀ ᠤᠯᠬᠤ ᠪᠣᠯᠤᠨ᠎ᠠ︾ ᠭᠡᠵᠦ ᠴᠢᠬᠤᠯᠠᠴᠢᠯᠠᠪᠠ᠃ ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠣᠯ ᠳᠠᠷᠤᠢ ︽ᠬᠤᠪᠢᠰᠬᠠᠯ ᠤᠨ ᠬᠦᠰᠡᠯᠡᠩ ᠶᠠᠭᠤᠨ ᠠᠴᠠ ᠴᠤ | ᠡᠷᠬᠢᠮ ᠪᠠᠶᠢᠬᠤ︾ ᠵᠣᠷᠢᠭ ᠰᠠᠨᠠᠭᠠᠨ ᠤ ᠵᠢᠭᠰᠠᠭᠠᠯ ᠤᠨ ᠭᠠᠵᠠᠷ ᠢ ᠢᠮᠠᠭᠲᠠ ᠪᠠᠲᠤ ᠰᠠᠬᠢᠵᠤ᠂ ᠨᠠᠮ ᠳᠠᠭᠠᠨ ᠨᠠᠮ ᠢᠶᠠᠨ | ᠬᠡᠯᠡᠬᠦ᠂ ᠨᠠᠮ ᠳᠠᠭᠠᠨ ᠨᠠᠮ ᠤᠨ ᠲᠥᠯᠥᠭᠡ ᠰᠠᠨᠠᠭᠠᠰᠢᠷᠠᠬᠤ᠂ ᠨᠠᠮ ᠳᠠᠭᠠᠨ ᠨᠠᠮ ᠤᠨ ᠲᠥᠯᠥᠭᠡ ᠵᠢᠳᠬᠦᠬᠦ᠂ ᠦᠨᠡᠨᠴᠢ | ᠰᠢᠳᠤᠷᠭᠤ ᠪᠥᠭᠡᠳ ᠪᠠᠲᠤ ᠢᠲᠡᠭᠡᠯᠲᠡᠢ ᠪᠥᠭᠡᠳ ᠭᠦᠨ ᠵᠤᠵᠠᠭᠠᠨ ᠪᠠᠶᠢᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ | ᠨᠢᠭᠡ ᠳᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠭᠤᠣᠯᠯᠠᠭᠴᠢ ᠶᠢ ᠡᠷᠡᠰ ᠬᠠᠮᠠᠭᠠᠯᠠᠬᠤ | ᠬᠡᠷᠡᠭᠲᠡᠢ᠃ ᠡᠷᠡᠰ ᠪᠠᠲᠤ ᠤᠯᠤᠰ ᠲᠥᠷᠥ ᠶᠢᠨ ᠵᠣᠭᠰᠣᠯᠲᠠ ᠪᠣᠯ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠦᠢᠯᠡᠳᠣᠯᠭᠡᠵᠢᠭᠦᠯᠭᠦ ᠶᠢᠨ ᠦᠨᠳᠦᠰᠦᠨ ᠪᠠᠲᠤᠯᠠᠭ᠎ᠠ ᠮᠥᠨ᠃ ᠨᠠᠮ ᠳᠤ | ᠤᠯᠠᠨ ᠵᠢᠯ ᠬᠥᠮᠦᠵᠢᠭᠦᠯᠦᠭᠳᠡᠭᠰᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠳᠦᠷᠪᠡᠨ ᠢᠳᠡᠭᠡᠯ︾ | ᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ | ᠬᠡᠮᠵᠢᠶ᠎ᠡ ᠪᠠᠷ ᠮᠡᠳᠡᠷᠡᠬᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠴᠢᠩ ᠰᠡᠳᠬᠢᠯ ᠠᠴᠠ ᠪᠠᠨ ᠬᠠᠶᠢᠷᠠᠯᠠᠬᠤ᠂ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ ᠡᠷᠡᠰ ᠬᠠᠮᠠᠭᠠᠯᠠᠬᠤ᠂ ᠤᠯᠤᠰ ᠲᠦᠷᠦ ᠶᠢᠨ ᠲᠠᠯ᠎ᠠ ᠪᠠᠷ ᠡᠷᠡᠰ ᠬᠠᠮᠠᠭᠠᠯᠠᠬᠤ᠂ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠴᠢᠩᠭ᠎ᠠ ᠳᠠᠭᠠᠬᠤ ᠶᠢ ᠪᠡᠶᠡᠯᠡᠭᠦᠯᠪᠡᠯ ᠵᠣᠬᠢᠨ᠎ᠠ᠃ | ᠬᠤᠶᠠᠷ ᠲᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠤᠶᠤᠨ ᠰᠠᠨᠠᠭᠠᠨ ᠤ ᠬᠦᠴᠦᠨ ᠢ ᠰᠢᠩᠭᠡᠭᠡᠨ | ᠠᠪᠬᠤ ᠬᠡᠷᠡᠭ ᠲᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠮᠠᠨ ᠤ ᠨᠠᠮ ᠤᠨ ᠦᠵᠡᠯ ᠰᠠᠨᠠᠭᠠᠨ ᠤ ᠲᠤᠭ ᠲᠡᠮᠳᠡᠭ᠂ | ᠤᠯᠤᠰ ᠤᠨ ᠤᠯᠤᠰ ᠲᠦᠷᠦ ᠶᠢᠨ ᠠᠮᠢᠳᠤᠷᠠᠯ ᠪᠣᠯᠤᠨ ᠨᠡᠶᠢᠭᠡᠮ ᠤᠨ ᠠᠮᠢᠳᠤᠷᠠᠯ ᠤᠨ ᠦᠨᠳᠦᠰᠦᠨ ᠵᠦᠭᠯᠡᠭᠦᠷ | ᠪᠣᠯᠤᠭᠰᠠᠨ ᠤ ᠬᠤᠪᠢ ᠳᠤ᠂ ᠰᠣᠷᠣᠯᠴᠠᠬᠤ ᠶᠠᠪᠤᠴᠠ ᠳᠠᠭᠠᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠪᠠᠷ | ᠵᠠᠷᠴᠢᠮ ᠪᠣᠯᠭᠠᠵᠤ᠂ ᠣᠭ ᠵᠣᠬᠢᠶᠠᠯ ᠢ ᠨᠢ ᠤᠩᠰᠢᠵᠤ᠂ ᠣᠭ ᠵᠣᠬᠢᠶᠠᠯ ᠢ ᠨᠢ ᠰᠤᠷᠴᠤ᠂ ᠣᠭ ᠶᠣᠰᠣ ᠶᠢ ᠨᠢ | ᠣᠶᠢᠯᠠᠭᠠᠬᠤ ᠬᠡᠷᠡᠭᠲᠡᠶ᠃ ᠡᠨᠡ ᠬᠦ ᠦᠵᠡᠯ ᠰᠠᠨᠠᠭᠠᠨ ᠤ ᠴᠠᠭ ᠦᠶ᠎ᠡ ᠶᠢᠨ ᠠᠴᠢ ᠬᠤᠯᠪᠣᠭᠳᠠᠯ᠂ ᠣᠨᠣᠯ ᠤᠨ ᠠᠴᠢ | ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠳᠡᠯᠡᠬᠡᠢ ᠶᠢᠨ ᠠᠴᠢ ᠬᠤᠯᠪᠣᠭᠳᠠᠯ ᠢ ᠭᠦᠨᠵᠡᠭᠡᠢ | ᠰᠤᠷᠤᠯᠴᠠᠨ ᠣᠶᠢᠯᠠᠭᠠᠵᠤ᠂ ᠲᠡᠭᠦᠨ ᠤ ᠭᠤᠣᠯ ᠠᠭᠤᠯᠭ᠎ᠠ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ | ᠡᠯᠪᠡᠭ ᠪᠠᠶᠠᠯᠢᠭ ᠠᠭᠤᠯᠤᠭᠳᠠᠬᠤᠨ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠲᠡᠭᠦᠨ ᠤ | ᠲᠤᠭᠤᠰᠢᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠡᠵᠡᠮᠰᠢᠵᠦ᠂ | ᠨᠡᠩ ᠤᠬᠠᠮᠰᠠᠷ ᠠᠴᠠ ᠪᠠᠨ ᠡᠨᠡ ᠬᠦ ᠦᠵᠡᠯ ᠰᠠᠨᠠᠭ᠎ᠠ ᠪᠠᠷ ᠪᠣᠳᠠᠲᠠᠢ ᠠᠰᠠᠭᠤᠳᠠᠯ ᠢ ᠵᠢᠯᠣᠭᠤᠳᠤᠨ ᠰᠢᠢᠳᠪᠦᠷᠢᠯᠡᠵᠦ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠪᠦᠬᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ | ᠬᠡᠷᠡᠭᠲᠡᠢ᠃ | ᠭᠤᠷᠪᠠ ᠳᠤ᠂ ᠮᠡᠳᠡᠬᠦᠢ ᠬᠢᠬᠦᠢ ᠪᠠᠨ ᠨᠢᠭᠡᠳᠬᠡᠵᠦ᠂ ᠰᠢᠯᠢᠳᠡᠭ ᠰᠤᠷᠲᠠᠯ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠬᠦᠰᠡᠯᠡᠩ ᠢᠲᠡᠭᠡᠯ ᠪᠢᠰᠢᠷᠡᠯ ᠭᠡᠬᠦ ᠡᠨᠡ ᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠤ ᠲᠠᠷᠢᠬᠢ | ᠲᠣᠯᠣᠭᠠᠢ ᠳᠠᠭᠠᠨ ᠦᠨᠳᠦᠰᠦ ᠬᠠᠳᠬᠤᠬᠤ ᠪᠠᠷ ᠪᠠᠷᠠᠬᠤ ᠦᠭᠡᠢ ᠪᠠᠰᠠ ᠪᠣᠳᠠᠲᠠᠶ ᠠᠵᠢᠯᠯᠠᠭ᠎ᠠ ᠳᠤᠮᠳᠠ ᠪᠠᠨ | ᠨᠠᠶᠢᠳᠠᠪᠣᠷᠢᠵᠢᠭᠤᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ | ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠮᠡᠳᠡᠬᠦᠶ ᠬᠢᠬᠦᠶ ᠶᠢ ᠨᠢᠭᠡᠳᠬᠡᠬᠦ ᠡᠭᠦᠳᠡᠨ ᠠᠴᠠ ᠥᠪᠡᠷ ᠢ ᠪᠠᠨ ᠬᠢᠨᠠᠨ | ᠦᠵᠡᠵᠦ᠂ ᠥᠪᠡᠷ ᠢ ᠪᠠᠨ ᠱᠠᠭᠠᠷᠳᠠᠵᠤ᠂ ᠥᠪᠡᠷ ᠢ ᠪᠠᠨ ᠪᠠᠶᠢᠴᠠᠭᠠᠵᠤ᠂ ︽ᠬᠤᠶᠠᠷ ᠢ ᠬᠠᠮᠠᠭᠠᠯᠠᠬᠤ︾ ᠶᠢ | ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠠᠭᠤᠰᠬᠠᠬᠤ ᠶᠢ ᠡᠷᠡᠰ ᠪᠡᠶᠡᠯᠡᠭᠦᠯᠵᠦ᠂ ᠨᠠᠮ ᠤᠨ | ᠲᠥᠪ ᠬᠤᠷᠢᠶᠠᠨ ᠤ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ | ᠨᠠᠶᠢᠳᠠᠪᠣᠷᠢᠵᠢᠭᠤᠯᠬᠤ ᠳᠡᠭᠡᠷ᠎ᠡ ᠢᠯᠡᠷᠡᠭᠦᠯᠵᠦ᠂ ᠲᠤᠰᠢᠶᠠᠯ ᠬᠠᠷᠢᠭᠤᠴᠠᠯᠭ᠎ᠠᠪᠠᠨ ᠭᠦᠢᠴᠡᠳᠭᠡᠵᠦ ᠲᠤᠬᠠᠶᠢᠯᠠᠭᠰᠠᠨ | ᠠᠵᠢᠯ ᠢᠶᠠᠨ ᠰᠠᠶᠢᠳᠣᠷ ᠬᠢᠬᠦ ᠳᠡᠭᠡᠷ᠎ᠡ ᠢᠯᠡᠷᠡᠭᠦᠯᠬᠦ ᠬᠡᠷᠡᠭᠲᠡᠶ᠃ ᠴᠢᠬᠤᠯᠠ ᠶᠡᠭᠡ ᠵᠠᠷᠴᠢᠮ ᠤᠨ ᠠᠰᠠᠭᠤᠳᠠᠯ ᠪᠠ ᠶᠡᠭᠡ | ᠵᠥᠪ ᠶᠡᠭᠡ ᠪᠤᠷᠤᠭᠤ ᠶᠢᠨ ᠡᠮᠦᠨ᠎ᠡ ᠲᠠᠷᠢᠬᠢ ᠲᠣᠯᠣᠭᠠᠶ ᠰᠡᠷᠭᠡᠭ᠂ ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠶ | ᠪᠠᠶᠢᠬᠤ ᠳᠡᠭᠡᠷ᠎ᠡ ᠢᠯᠡᠷᠡᠵᠦ᠂ ᠡᠯ᠎ᠡ ᠵᠣᠶᠢᠯ ᠤᠨ ᠵᠠᠷᠴᠢᠮ ᠢ ᠵᠥᠷᠢᠴᠡᠬᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ | ᠵᠥᠷᠢᠴᠡᠬᠦ᠂ ᠨᠠᠮ ᠤᠨ ᠲᠥᠪ ᠬᠤᠷᠢᠶᠠᠨ ᠤ ᠡᠷᠬᠡ ᠰᠦᠷ ᠢ ᠬᠤᠬᠢᠷᠠᠭᠤᠯᠬᠤ ᠦᠵᠡᠭᠳᠡᠯ ᠲᠠᠢ ᠵᠣᠷᠢᠭᠲᠠᠶ ᠪᠠᠷ ᠡᠷᠡᠰ | ᠲᠡᠮᠡᠴᠡᠬᠦ ᠳᠡᠭᠡᠷ᠎ᠡ ᠢᠯᠡᠷᠡᠵᠦ ᠪᠠᠶᠢᠨ᠎ᠠ᠃ | ᠬᠤᠶᠠᠷ᠂ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠳᠤ ᠡᠷᠬᠡᠪᠰᠢ ᠨᠠᠮ ᠤᠨ | ᠵᠣᠷᠢᠯᠳᠠ ᠭᠡᠬᠦ ᠡᠨᠡ ᠬᠦ ᠦᠨᠳᠦᠰᠦᠨ ᠵᠢᠷᠤᠮᠯᠠᠯ ᠢ ᠪᠠᠲᠤ ᠴᠡᠭᠡᠵᠢᠯᠡᠬᠦ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠂ ᠤᠭ ᠰᠠᠨᠠᠭ᠎ᠠ ᠪᠠᠨ ᠰᠠᠬᠢᠬᠤ ᠪᠣᠯ ᠳᠠᠷᠤᠢ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠬᠦ ᠬᠡᠷᠡᠭᠲᠡᠢ᠂ | ᠳᠠᠷᠤᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ | ᠲᠡᠮᠡᠴᠡᠬᠦ ᠬᠠᠷᠠᠯᠳᠠ ᠶᠢ ᠪᠠᠲᠤ ᠴᠡᠭᠡᠵᠢᠯᠡᠬᠦ ᠬᠡᠷᠡᠭᠲᠡᠢ᠂ ᠮᠠᠨ ᠤ ᠨᠠᠮ ᠠᠷᠠᠳ ᠲᠦᠮᠡᠨ ᠠᠴᠠ ᠢᠷᠡᠵᠦ᠂ ᠠᠷᠠᠳ | ᠲᠦᠮᠡᠨ ᠳᠤ ᠦᠨᠳᠦᠰᠦ ᠬᠠᠳᠬᠤᠬᠤ ᠶᠢ ᠴᠠᠭ ᠢᠮᠠᠭᠲᠠ ᠮᠠᠷᠲᠠᠬᠤ ᠦᠭᠡᠢ᠂ ᠥᠨᠢ ᠡᠭᠦᠷᠢᠳᠡ ᠤᠯᠠᠨ ᠲᠦᠮᠡᠨ ᠠᠴᠠ | ᠬᠥᠨᠳᠡᠶᠢᠷᠡᠵᠦ᠂ ᠤᠯᠠᠨ ᠲᠦᠮᠡᠨ ᠢ ᠬᠥᠩᠭᠡᠪᠴᠢᠯᠡᠵᠦ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠶᠢᠬᠤᠷᠬᠤ | ᠦᠭᠡᠢ ᠪᠠᠶᠢᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ | ᠨᠢᠭᠡ ᠳᠤ᠂ ᠨᠠᠮ ᠤᠨ ᠵᠣᠷᠢᠯᠲᠠ ᠶᠢᠨ ᠤᠬᠠᠮᠰᠠᠷ ᠢ ᠴᠢᠩᠭᠠᠳᠬᠠᠨ᠎ᠠ᠃ ᠮᠠᠨ ᠤ ᠨᠠᠮ ᠪᠣᠯ ᠠᠷᠠᠳ ᠲᠦᠮᠡᠨ ᠤ | ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠲᠤ ᠦᠢᠯᠡᠴᠢᠯᠡᠳᠡᠭ᠂ | ᠨᠠᠮ ᠤᠨ ᠦᠨᠳᠦᠰᠦ ᠰᠠᠭᠤᠷᠢ ᠪᠣᠯ ᠠᠷᠠᠳ ᠲᠦᠮᠡᠨ ᠳᠤ ᠪᠤᠢ᠂ ᠴᠢᠰᠤᠨ ᠰᠤᠳᠠᠰᠤ ᠪᠣᠯ ᠠᠷᠠᠳ ᠲᠦᠮᠡᠨ ᠳᠤ ᠪᠤᠢ᠂ | ᠬᠦᠴᠦᠨ ᠴᠢᠳᠠᠯ ᠪᠣᠯ ᠠᠷᠠᠳ ᠲᠦᠮᠡᠨ ᠳᠤ ᠪᠤᠢ᠃ ᠮᠠᠨ ᠤ ᠨᠠᠮ ᠳᠤ ᠠᠵᠢᠯᠴᠢᠨ ᠠᠩᠬᠢ ᠪᠠ ᠬᠠᠮᠤᠭ ᠤᠨ ᠥᠷᠭᠡᠨ | ᠤᠯᠡᠠ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠶ ᠠᠰᠢᠭ ᠲᠤᠰᠠ ᠭᠡᠵᠦ ᠪᠠᠶᠢᠳᠠᠭ | ᠤᠢᠭᠡᠢ᠃ ᠡᠨᠡ ᠨᠢ ᠳᠠᠷᠤᠶ ᠨᠠᠮ ᠤᠨ ᠦᠨᠳᠦᠰᠦᠨ ᠵᠣᠷᠢᠯᠲᠠ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠶᠠᠪᠤᠳᠠᠯ ᠪᠣᠯᠬᠤ ᠶᠢ ᠲᠣᠭᠲᠠᠭᠠᠭᠰᠠᠨ ᠶᠤᠮ᠃ ᠨᠠᠮ ᠤᠨ ᠦᠨᠳᠦᠰᠦᠨ ᠵᠣᠷᠢᠯᠲᠠ ᠶᠢ | ᠪᠠᠷᠢᠮᠲᠠᠯᠠᠵᠤ ᠴᠢᠳᠠᠬᠤ ᠡᠰᠡᠬᠦ ᠨᠢ ᠡᠪ ᠬᠠᠮᠲᠤ ᠨᠠᠮ ᠤᠨ ᠭᠡᠰᠢᠭᠦᠨ ᠢᠯᠠᠩᠭᠤᠶ᠎ᠠ ᠤᠳᠤᠷᠢᠳᠬᠤ ᠺᠠᠳ᠋ᠷᠴᠤᠳ ᠤᠨ | ᠨᠠᠮᠴᠢ ᠴᠢᠨᠠᠷ ᠪᠠᠲᠤ ᠴᠢᠩᠭ᠎ᠠ ᠪᠠᠶᠢᠬᠤ ᠡᠰᠡᠬᠦ᠂ ᠣᠪᠣᠷ ᠰᠤᠷᠲᠠᠯ ᠰᠢᠯᠢᠳᠡᠭ ᠰᠠᠶᠢᠨ ᠪᠠᠶᠢᠬᠤ ᠡᠰᠡᠬᠦ ᠶᠢ ᠰᠢᠯᠭᠠᠬᠤ | ᠲᠡᠷᠢᠭᠦᠨ ᠴᠢᠬᠤᠯᠠ ᠪᠠᠷᠢᠮᠵᠢᠶ᠎ᠠ ᠪᠣᠯᠤᠨ᠎ᠠ᠃ ᠥᠨᠥᠳᠦᠷ᠂ ᠨᠠᠮ ᠤᠨ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠬᠦ | ᠪᠣᠯ ᠳᠠᠷᠤᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠲᠣᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠭᠦ ᠶᠠᠪᠤᠳᠠᠯ ᠪᠣᠯᠤᠨ᠎ᠠ᠃ | ᠬᠤᠶᠠᠷ ᠲᠤ᠂ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ | ᠨᠠᠮ ᠤᠨ ᠵᠣᠷᠢᠯᠲᠠ ᠶᠢ ᠦᠢᠯᠡᠳᠣᠯᠭᠡᠵᠢᠭᠦᠯᠭᠦ ᠳᠤ ᠡᠷᠬᠡᠪᠰᠢ ᠠᠰᠢᠭ ᠲᠤᠰᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠣᠷᠢᠯᠡᠵᠦ᠂ ᠬᠡᠵᠢᠶ᠎ᠡ ᠴᠦ ᠭᠡᠰᠡᠨ ᠴᠥᠮ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ | ᠲᠠᠯᠪᠢᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠪᠢᠳᠡ ᠠᠷᠠᠳ ᠲᠦᠮᠡᠨ ᠤ ᠠᠰᠢᠭ | ᠲᠤᠰᠠ ᠶᠢ ᠠᠯᠢᠪᠠ ᠠᠴᠠ ᠳᠡᠭᠡᠭᠦᠷ ᠪᠠᠶᠢᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠨ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠷᠠᠳ ᠲᠦᠮᠡᠨ ᠢ ᠬᠠᠮᠤᠭ ᠤᠨ ᠦᠷᠭᠡᠨ ᠳᠡᠯᠭᠡᠷᠡᠩᠭᠦᠶ ᠪᠠᠷ | ᠲᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠨᠠᠮ ᠤᠨ ᠤᠳᠤᠷᠢᠳᠤᠭᠰᠠᠨ ᠠᠭᠤᠤ ᠶᠡᠭᠡ ᠦᠢᠯᠡᠰ ᠲᠤ | ᠣᠷᠣᠯᠴᠠᠭᠤᠯᠬᠤ ᠬᠡᠷᠡᠭᠲᠡᠶ᠃ ᠨᠠᠮ ᠤᠨ ᠺᠠᠳ᠋ᠷ ᠡᠷᠬᠡᠪᠰᠢ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ | ᠠᠯᠪᠠᠨ ᠵᠠᠷᠤᠴᠠ ᠪᠤᠯᠵᠤ᠂ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠤ ᠵᠣᠪᠠᠨᠢᠯ | ᠵᠢᠷᠭᠠᠯ ᠢᠶᠠᠷ ᠵᠣᠪᠠᠨᠢᠯ ᠴᠡᠩᠭᠡᠯ ᠢᠶᠠᠨ ᠪᠣᠯᠭᠠᠵᠦ᠂ ᠠᠷᠠᠳ ᠲᠦᠮᠡᠨ ᠤ ᠵᠢᠷᠭᠠᠯ ᠵᠣᠪᠠᠯᠠᠩ ᠢᠶᠠᠷ ᠵᠢᠷᠭᠠᠯ ᠵᠣᠪᠠᠯᠠᠩ ᠢᠶᠠᠨ | ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠶ᠃ | ᠭᠤᠷᠪᠠ ᠳᠤ᠂ ᠨᠠᠮ ᠤᠨ ᠵᠣᠷᠢᠯᠲᠠ ᠶᠢ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠶ᠃ ᠨᠠᠮ ᠤᠨ ᠵᠣᠷᠢᠯᠲᠠ ᠶᠢ | ᠦᠢᠯᠡᠳᠦᠯᠭᠡᠵᠢᠭᠦᠯᠬᠦ ᠳᠤ ᠡᠷᠬᠢᠮ ᠨᠢ ᠬᠡᠷᠡᠭᠵᠢᠭᠦᠯᠬᠦ ᠳᠤ ᠪᠤᠢ᠃ ᠨᠠᠮ ᠤᠨ ᠵᠣᠷᠢᠯᠲᠠ ᠶᠢ ᠦᠨᠡᠨ ᠪᠣᠳᠠᠲᠠᠶ ᠠᠵᠢᠯᠯᠠᠭ᠎ᠠ | ᠪᠣᠯᠭᠠᠨ ᠬᠤᠪᠢᠷᠠᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠦᠨᠡᠨ | ᠪᠣᠳᠠᠲᠠᠶ ᠪᠣᠳᠠᠲᠤ ᠠᠬᠤᠶ ᠪᠣᠯᠭᠠᠨ ᠬᠤᠪᠢᠷᠠᠭᠤᠯᠬᠤ ᠳᠤ᠂ ᠡᠷᠬᠡᠪᠡᠰᠢ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠬᠢᠬᠦ᠂ ᠪᠣᠳᠠᠲᠤ ᠦᠷ᠎ᠡ ᠪᠦᠲᠦᠮᠵᠢ | ᠤᠯᠬᠤ ᠶᠢ ᠶᠡᠭᠡ ᠪᠠᠷ ᠰᠠᠨᠠᠭᠠᠴᠢᠯᠠᠬᠤ ᠬᠡᠷᠡᠭᠲᠡᠶ᠃ ᠦᠷᠭᠦᠯᠵᠢ ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ | ᠥᠷᠨᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠦ᠂ ᠤᠯᠠᠨ ᠲᠦᠮᠡᠨ ᠤ ᠬᠦᠰᠡᠯ ᠰᠠᠨᠠᠭ᠎ᠠ ᠶᠢ | ᠦᠨᠡᠨ ᠮᠥᠨ ᠢᠶᠠᠷ ᠲᠤᠰᠬᠠᠵᠤ᠂ ᠤᠯᠠᠨ ᠲᠦᠮᠡᠨ ᠤ ᠬᠦᠴᠢᠷ ᠵᠣᠪᠡᠯᠡᠩ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ | ᠠᠷᠠᠳ ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠪᠠ ᠬᠦᠴᠢᠷ ᠠᠰᠠᠭᠤᠳᠠᠯ ᠢ ᠬᠦᠴᠦᠯᠡᠨ | ᠰᠢᠢᠳᠪᠣᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ | ᠴᠢᠷᠮᠠᠶᠢᠨ ᠦᠢᠯᠡᠳᠣᠯᠭᠡᠵᠢᠭᠦᠯᠭᠦ ᠬᠡᠷᠡᠭᠲᠡᠶ᠃ | ᠭᠤᠷᠪᠠ᠂ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠳᠤ ᠡᠷᠬᠡᠪᠰᠢ ᠬᠠᠷᠢᠭᠤᠴᠠᠯᠭ᠎ᠠ | ᠡᠭᠦᠷᠭᠡᠯᠡᠬᠦ ᠲᠠᠢ ᠤᠶᠠᠯᠳᠤᠭᠤᠯᠤᠨ ᠡᠨᠡ ᠬᠦ ᠦᠢᠯᠡᠳᠦᠯᠭᠡ ᠶᠢᠨ ᠭᠤᠣᠯ ᠰᠡᠳᠦᠪ ᠪᠣᠯᠭᠠᠬᠤ ᠬᠡᠷᠡᠭᠲᠡᠢ᠃ | ᠶᠡᠷᠦᠩᠬᠡᠢ ᠱᠦᠵᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠶᠠᠭᠠᠬᠢᠭᠰᠠᠨ ᠴᠤ ᠬᠦᠡᠭᠭᠡᠨ ᠬᠠᠭᠤᠮᠠᠭᠠᠢ᠂ ᠬᠡᠩᠭᠡᠷᠭᠡ ᠴᠠᠩ | ᠳᠡᠯᠡᠳᠦᠭᠡᠳ ᠡᠶᠡᠯᠡᠭᠦᠯᠵᠦ ᠳᠡᠶᠢᠯᠬᠦ ᠦᠭᠡᠢ ᠶᠤᠮ ᠭᠡᠵᠦ ᠴᠢᠬᠤᠯᠠᠴᠢᠯᠠᠪᠠ᠃ ᠪᠦᠬᠦ ᠨᠠᠮ ᠢᠶᠠᠷ ᠢᠶᠠᠨ ᠡᠷᠬᠡᠪᠰᠢ ᠨᠡᠩ | ᠪᠡᠷᠬᠡ ᠬᠠᠲᠠᠭᠤᠵᠢᠯᠲᠠᠶ᠂ ᠨᠡᠩ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠶ᠃ ᠪᠢᠳᠡ | ᠡᠭᠦᠷᠢᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠣᠷᠣᠭᠰᠢᠯᠠᠬᠤ | ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠦᠨᠡᠨ ᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠳᠤ | ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ | ᠨᠢᠭᠡ ᠳᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠨᠢᠷᠤᠭᠤ ᠪᠠᠨ ᠡᠷᠭᠦᠬᠦ ᠬᠡᠷᠡᠭᠲᠡᠶ᠃ ᠬᠡᠳᠦᠶ ᠶᠡᠭᠡ | ᠬᠠᠷᠢᠭᠤᠴᠠᠯᠭ᠎ᠠ ᠡᠭᠦᠷᠭᠡᠯᠡᠪᠡᠯ ᠰᠠᠶ᠋ᠢ ᠲᠡᠳᠦᠶ ᠶᠡᠭᠡ ᠦᠢᠯᠡᠰ ᠢ ᠪᠦᠲᠦᠭᠡᠵᠦ ᠴᠢᠳᠠᠨ᠎ᠠ᠃ ᠬᠡᠳᠦᠶ ᠶᠡᠭᠡ ᠬᠠᠷᠢᠭᠤᠴᠠᠯᠭ᠎ᠠ | ᠡᠭᠦᠷᠭᠡᠯᠡᠪᠡᠯ ᠰᠠᠶ᠋ᠢ ᠲᠡᠳᠦᠶ ᠶᠡᠭᠡ ᠠᠮᠵᠢᠯᠲᠠ ᠣᠯᠵᠤ ᠴᠢᠳᠠᠨ᠎ᠠ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ | ᠪᠣᠯ ᠨᠢᠭᠡ ᠵᠦᠢᠯ ᠤᠨ ᠭᠠᠪᠰᠢᠭᠠᠶᠢᠯᠠᠬᠤ ᠵᠣᠷᠢᠭ᠂ ᠨᠢᠭᠡ ᠵᠦᠢᠯ ᠤᠨ ᠬᠦᠴᠦᠯᠡᠨ ᠴᠢᠷᠮᠠᠶᠢᠬᠤ ᠵᠣᠷᠢᠭ᠂ ᠵᠥᠷᠢᠴᠡᠯ ᠤᠨ | ᠡᠮᠦᠨ᠎ᠡ ᠵᠠᠶᠢᠯᠠᠬᠤ ᠦᠭᠡᠢ᠂ ᠥᠷᠢᠰᠥᠯᠳᠦᠭᠡᠨ ᠤ ᠡᠮᠦᠨ᠎ᠡ ᠠᠶᠣᠬᠤ ᠦᠭᠡᠢ᠂ ᠬᠦᠴᠢᠷ ᠪᠡᠷᠬᠡᠰᠢᠶᠡᠯ ᠤᠨ ᠡᠮᠦᠨ᠎ᠡ | ᠤᠬᠤᠷᠢᠬᠤ ᠦᠭᠡᠢ᠂ ᠡᠮᠦᠨ᠎ᠡ ᠹᠷᠣᠨᠲ ᠲᠤ ᠠᠵᠢᠯᠯᠠᠬᠤ᠂ ᠡᠮᠦᠨ᠎ᠡ ᠹᠷᠣᠨᠲ ᠲᠤ ᠲᠣᠬᠢᠷᠠᠭᠤᠯᠬᠤ᠂ ᠡᠮᠦᠨ᠎ᠡ ᠹᠷᠣᠨᠲ ᠲᠤ | ᠵᠣᠬᠢᠴᠠᠭᠤᠯᠬᠤ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ | ᠪᠣᠯᠬᠤ ᠪᠠᠷ ᠳᠠᠮᠵᠢᠨ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ᠂ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ᠂ ᠡᠷᠲᠡᠯᠡᠵᠦ ᠣᠷᠦ᠋ᠢᠯᠠᠨ ᠪᠣᠰᠴᠤ᠂ ᠣᠷᠭᠢᠯᠤᠮ᠎ᠠ | ᠰᠡᠳᠬᠢᠯᠭᠡ ᠲᠠᠢ ᠠᠵᠢᠯᠯᠠᠵᠤ᠂ ᠵᠠᠮ ᠨᠡᠭᠡᠭᠡᠨ ᠤᠷᠤᠭᠰᠢᠯᠠᠨ ᠳᠠᠪᠰᠢᠬᠤ᠂ ᠬᠦᠴᠦᠯᠡᠨ ᠴᠢᠷᠮᠠᠶᠢᠵᠤ ᠵᠢᠳᠬᠦᠯ | ᠴᠢᠷᠮᠠᠶᠢᠯᠭ᠎ᠠ ᠭᠠᠷᠭᠠᠭᠰᠡᠨ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠬᠦ ᠳᠡᠭᠡᠨ ᠴᠢᠳᠠᠮᠠᠭᠠᠶ ᠪᠠᠶᠢᠬᠤ ᠴᠢᠳᠠᠪᠤᠷᠢ ᠪᠠᠨ ᠳᠠᠪᠲᠠᠨ | ᠪᠣᠯᠪᠡᠰᠣᠷᠠᠭᠤᠯᠬᠤ ᠬᠡᠷᠡᠭᠲᠡᠶ᠃ ᠠᠵᠢᠯ ᠳᠤ ᠰᠢᠨ᠎ᠡ ᠪᠠᠶᠢᠳᠠᠯ ᠢ ᠪᠤᠢ ᠪᠣᠯᠭᠠᠵᠤ᠂ ᠰᠢᠨ᠎ᠡ ᠰᠢᠪᠲᠤᠯᠤᠯᠲᠠ ᠶᠢ | ᠪᠡᠶᠡᠯᠡᠭᠦᠯᠬᠦ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠰᠥᠰᠥ ᠵᠣᠷᠢᠭ ᠲᠠᠢ ᠪᠠᠶᠢᠬᠤ ᠪᠠᠷ ᠪᠠᠷᠠᠬᠤ ᠦᠭᠡᠢ | ᠪᠠᠰᠠ ᠰᠠᠶᠢᠨ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠶ᠃ ᠰᠢᠨ᠎ᠡ ᠪᠠᠶᠢᠳᠡᠯ ᠰᠢᠨ᠎ᠡ ᠡᠭᠦᠷᠭᠡ | ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠦᠵᠡᠯ ᠰᠠᠨᠠᠭ᠎ᠠ ᠦᠵᠡᠯᠲᠡ ᠪᠠᠨ ᠤᠯᠠᠮ ᠨᠢᠭᠡ ᠠᠯᠬᠤᠮ ᠰᠢᠨᠡᠳᠬᠡᠵᠦ᠂ | ᠮᠡᠳᠡᠯᠭᠡ ᠶᠢᠨ ᠲᠣᠭᠲᠠᠯᠴᠠᠭ᠎ᠠ ᠶᠢ ᠪᠠᠶᠠᠯᠢᠭᠵᠢᠭᠤᠯᠵᠤ᠂ ᠠᠵᠢᠯ ᠤᠨ ᠵᠢᠮ᠎ᠡ ᠶᠣᠰᠣ ᠶᠢ ᠡᠵᠡᠮᠰᠢᠨ᠂ ᠰᠢᠨ᠎ᠡ ᠪᠠᠶᠢᠳᠡᠯ ᠢ | ᠲᠠᠨᠢᠬᠤ᠂ ᠰᠢᠨ᠎ᠡ ᠵᠥᠷᠢᠴᠡᠯ ᠢ ᠰᠢᠢᠳᠪᠦᠷᠢᠯᠡᠬᠦ᠂ ᠰᠢᠨ᠎ᠡ ᠠᠰᠠᠭᠤᠳᠠᠯ ᠢ ᠰᠢᠢᠳᠪᠣᠷᠢᠯᠡᠬᠦ ᠴᠢᠳᠠᠪᠤᠷᠢ ᠪᠠ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤᠨ ᠤ ᠪᠠᠶᠢᠳᠡᠯ ᠤᠨ ᠪᠣᠳᠠᠲᠤ ᠪᠠᠶᠢᠳᠡᠯ ᠲᠠᠢ | ᠤᠶᠠᠯᠳᠤᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠯᠭᠠᠷᠠᠵᠦ ᠪᠠᠶᠢᠭ᠎ᠠ ᠠᠵᠤ | ᠦᠢᠯᠡᠰ ᠤᠨ ᠬᠥᠭᠵᠢᠯᠲᠡ ᠲᠡᠩᠴᠡᠭᠦᠷᠢ ᠦᠭᠡᠢ᠂ ᠠᠷᠠᠳ ᠤᠨ ᠠᠮᠢᠳᠤᠷᠠᠯ ᠤᠨ ᠪᠠᠳᠣᠯᠭ᠎ᠠ ᠶᠢᠨ ᠳᠠᠷᠤᠯᠲᠠ ᠶᠡᠭᠡ᠂ | ᠰᠠᠭᠤᠷᠢ ᠲᠥᠬᠦᠭᠡᠷᠦᠮᠵᠢ ᠳᠤ ᠲᠣᠳᠠᠭᠳᠠᠯ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠬᠡᠷᠡᠭᠲᠡᠢ᠃ | ᠭᠤᠷᠪᠠ ᠳᠤ ᠦᠨᠡᠨ ᠬᠦ ᠬᠠᠷᠢᠭᠤᠴᠠᠯᠭ᠎ᠠ ᠡᠭᠦᠷᠭᠡᠯᠡᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠬᠤ | ᠶᠢ ᠴᠢᠬᠤᠯᠠᠴᠢᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠡᠯ᠎ᠡ ᠱᠠᠲᠤᠨ ᠤ ᠤᠳᠤᠷᠢᠳᠬᠤ | ᠺᠠᠳ᠋ᠷ ᠤᠨ ᠤᠳᠤᠷᠢᠳᠬᠤ ᠬᠠᠷᠢᠭᠤᠴᠠᠯᠭ᠎ᠠ ᠪᠠ ᠵᠢᠱᠢᠶ᠎ᠡ ᠦᠵᠡᠭᠦᠯᠬᠦ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠭᠦᠷᠭᠡᠯᠡᠬᠦ ᠶᠢ ᠲᠦᠯᠬᠢᠨ ᠠᠬᠢᠭᠤᠯᠵᠤ᠂ ᠥᠪᠡᠷ ᠢ ᠪᠠᠨ ᠣᠷᠣᠭᠤᠯᠵᠤ᠂ ᠦᠵᠡᠯ ᠰᠠᠨᠠᠭ᠎ᠠ ᠪᠠᠨ ᠣᠷᠣᠭᠤᠯᠵᠤ᠂ | ᠠᠵᠢᠯ ᠢᠶᠠᠨ ᠣᠷᠣᠭᠤᠯᠵᠦ᠂ ︽ᠲᠦᠷᠦᠭᠦᠤ ᠭᠠᠯᠠᠭᠤ ᠶᠢᠨ ᠦᠢᠯᠡᠳᠣᠯ︾ ᠢ ᠪᠤᠢ ᠪᠣᠯᠭᠠᠬᠤ ᠬᠡᠷᠡᠭᠲᠡᠶ᠃ ᠬᠥᠮᠦᠨ | ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠰᠠᠶᠢᠨ ᠺᠠᠳ᠋ᠷ ᠤᠨ ᠪᠠᠷᠢᠮᠵᠢᠶ᠎ᠠ ᠶᠣᠰᠣᠭᠠᠷ᠂ ᠡᠯ᠎ᠡ ᠠᠵᠢᠯ ᠲᠦᠷᠦᠯ | ᠡᠯ᠎ᠡ ᠬᠦᠷᠢᠶᠡᠨ ᠤ ᠠᠵᠢᠯ ᠤᠨ ᠨᠢᠭᠡᠳᠦᠭᠡᠷ ᠹᠷᠣᠨᠲ ᠠᠴᠠ ᠰᠢᠯᠢᠳᠡᠭ ᠺᠠᠳ᠋ᠷ ᠢ ᠰᠢᠯᠢᠨ ᠲᠡᠪᠰᠢᠭᠦᠯᠭᠦ ᠡᠷᠴᠢᠮ ᠢᠶᠠᠨ | ᠴᠢᠩᠭᠠᠷᠠᠭᠤᠯᠵᠤ᠂ ᠡᠭᠦᠷᠭᠡᠯᠡᠯ ᠢ ᠴᠢᠬᠤᠯᠠᠴᠢᠯᠠᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠪᠦᠲᠦᠮᠵᠢ ᠶᠢ | ᠴᠢᠬᠤᠯᠠᠴᠢᠯᠠᠬᠤ ᠲᠣᠳᠣᠷᠬᠠᠢ ᠤᠳᠤᠷᠢᠳᠤᠮᠵᠢ ᠶᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠭᠦᠨ | ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠺᠠᠳ᠋ᠷ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠠᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ | ᠪᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠵᠤ᠂ | ᠲᠡᠳᠡᠭᠡᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠯᠠᠪᠳᠠᠭᠤᠨ ᠪᠡᠳᠣᠳᠡᠢ ᠠᠵᠢᠯᠯᠠᠬᠤ᠂ ᠬᠤᠪᠢ ᠶᠢᠨ ᠠᠰᠢᠭ | ᠲᠤᠰᠠ ᠶᠢ ᠬᠥᠭᠡᠭᠡᠴᠡᠯᠳᠦᠬᠦ ᠦᠭᠡᠢ ᠺᠠᠳ᠋ᠷ ᠲᠤ ᠲᠤᠭ ᠲᠡᠮᠳᠡᠭ ᠲᠣᠳᠣᠷᠬᠠᠶ ᠪᠠᠷ ᠲᠦᠰᠢᠭ ᠪᠤᠯᠵᠤ ᠡᠷᠴᠢ | ᠵᠣᠷᠢᠭ ᠢᠶᠠᠨ ᠬᠥᠪᠴᠢᠯᠡᠵᠦ᠂ ᠥᠷᠭᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠬᠤ ᠬᠡᠷᠡᠭᠲᠡᠶ᠃ | ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠢᠮᠠᠭᠲᠠ ᠪᠠᠷᠢᠮᠲᠠᠯᠠᠵᠤ ᠴᠢᠳᠠᠨ᠎ᠠ᠃ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠪᠣᠯ ᠮᠠᠨ ᠤ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠣᠷᠠᠯᠳᠠ ᠦᠭᠡᠢ | ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠭᠠᠭᠴᠠ ᠬᠦ ᠤᠭ ᠰᠠᠨᠠᠭ᠎ᠠ ᠪᠠᠨ ᠪᠠᠲᠤ ᠰᠠᠬᠢᠵᠤ᠂ | ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ | ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠡᠭᠦᠷᠢᠳᠡ ᠲᠠᠮᠠᠴᠠᠬᠦ ᠬᠠᠷᠠᠯᠲᠠ ᠪᠠᠨ ᠪᠣᠯᠭᠠᠪᠠᠯ ᠰᠠᠶ᠋ᠢ ᠥᠨᠢᠳᠡ | ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠠ ᠪᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ | ᠲᠦᠷᠢ ᠪᠠᠶᠢᠳᠠᠯ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠭᠤᠦ | ᠬᠠᠷᠠᠯᠲᠠ ᠲᠡᠶᠢᠰᠢ ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ ᠴᠢᠳᠠᠨ᠎ᠠ᠃ | ᠣᠷᠴᠢᠭᠤᠯᠣᠭᠴᠢ᠄ ᠰᠡᠴᠡᠩᠭᠤᠸ᠎ᠠ |