ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠤᠪᠧᠶ ᠣᠷᠣᠨ ᠤ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠵᠤ ᠳᠠᠩᠰᠠᠯᠠᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2020-02-03
          ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠤᠪᠧᠶ ᠣᠷᠣᠨ ᠤ ᠭᠠᠳᠠᠨ᠎ᠠ ᠠᠴᠠ           ᠢᠷᠡᠭᠰᠡᠨ ᠬᠥᠮᠦᠰ ᠢ  ᠵᠢᠭᠰᠠᠭᠠᠵᠤ ᠳᠠᠩᠰᠠᠯᠠᠬᠤ ᠵᠡᠷᠭᠡ ᠠᠵᠢᠯ ᠢ ᠤᠯᠠᠮ ᠨᠢᠭᠡ           ᠠᠯᠬᠤᠮ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ    ᠣᠳᠣᠬᠠᠨ ᠳᠤ᠂ ᠪᠥᠬᠦ ᠤᠯᠤᠰ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ‌‍ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠬᠦᠨᠳᠦ ᠬᠡᠴᠡᠭᠦᠤ ᠪᠠᠶᠢᠨ᠎ᠠ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦ ᠪᠠᠷ  ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠪᠠ ᠲᠠᠷᠬᠠᠬᠤ ᠶᠢ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠨᠢᠭᠡᠨᠲᠡ ᠡᠬᠢᠯᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ I ᠲᠠᠰ ᠤᠨ ᠴᠤᠤᠷᠢᠶᠠᠲᠤᠨ ᠳᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠯᠪᠣᠭᠳᠠᠯ ᠪᠥᠬᠦᠶ ᠨᠢᠭᠡᠴᠡ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠬᠢᠨᠠᠨ ᠡᠵᠡᠮᠳᠡᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠢ ᠬᠢᠨᠠᠮᠠᠭᠠᠶ ᠥᠷᠨᠢᠭᠦᠯᠬᠦ ᠪᠣᠯᠪᠠᠤ︖    ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠬᠤᠪᠧᠶ ᠣᠷᠣᠨ ᠤ ᠭᠠᠳᠠᠨ᠎ᠠ ᠠᠴᠠ ᠢᠷᠡᠭᠰᠡᠨ ᠬᠦᠮᠤᠰ ᠢ ᠪᠠᠶᠢᠴᠠᠭᠠᠨ ᠵᠢᠭᠰᠠᠭᠠᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ᠃   ᠡᠯ᠎ᠡ ᠵᠢᠵᠢᠭ ᠲᠣᠭᠤᠷᠢᠭ ᠤᠨ ᠳᠡᠩᠰᠡᠯᠡᠯᠲᠡ ᠶᠢᠨ ᠴᠡᠭ ᠨᠢ ᠡᠷᠬᠡᠪᠰᠢ ᠡᠳᠦᠷ ᠪᠦᠷᠢ ᠶᠢᠨ ᠦᠳᠡ ᠶᠢᠨ ᠬᠤᠶᠢᠨᠠᠬᠢ ᠭᠤᠷᠪᠠᠨ ᠴᠠᠭ ᠠᠴᠠ ᠡᠮᠦᠨ᠎ᠡ ᠵᠢᠭᠰᠠᠭᠠᠨ ᠪᠠᠶᠢᠴᠠᠭᠠᠵᠤ ᠳᠡᠩᠰᠡᠯᠡᠭᠰᠡᠨ ᠪᠠᠶᠢᠳᠠᠯ ᠢᠶᠠᠨ ᠳᠡᠭᠡᠭᠰᠢ ᠮᠡᠳᠡᠬᠦᠯᠵᠤ᠂ ᠲᠣᠰ ᠡᠳᠦᠷ‌ᠡᠴᠠ ᠡᠬᠢᠯᠡᠨ ᠮᠡᠳᠡᠭᠡ ᠵᠠᠩᠭᠢ ᠶᠢᠨ ᠡᠳᠦᠷ ᠤᠨ ᠰᠣᠨᠢᠨ ᠤ ᠲᠦᠷᠢᠮ ᠢ ᠪᠠᠶᠢᠭᠤᠯᠵᠤ᠂ ᠲᠣᠰ ᠡᠳᠦᠷ ᠤᠨ ᠬᠥᠳᠡᠯᠦᠩᠭᠦᠶ ᠮᠡᠳᠡᠭᠡ ᠵᠠᠩᠭᠢ ᠶᠢ ᠬᠤᠰᠢᠭᠤᠨ ᠰᠢᠨ᠎ᠡ ᠬᠡᠯᠪᠡᠷᠢ ᠶᠢᠨ ᠲᠢᠲᠢᠮᠲᠦ ᠸᠢᠷᠦ᠋ᠰ ᠤᠨ ᠬᠠᠯᠳᠠᠪᠤᠷᠢᠲᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠵᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠦᠭᠰᠡᠨ ᠥᠬᠡᠶ ᠵᠢᠵᠢᠭ ᠲᠣᠭᠤᠷᠢᠭ ᠢ ᠳᠠᠩ ᠮᠡᠳᠡᠭᠦᠯᠦᠨ ᠬᠦᠷᠬᠡᠬᠦ ᠪᠠᠷ ᠦᠵᠡᠨ᠎ᠡ᠃    ᠬᠤᠶᠠᠷ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ  ᠬᠡᠷᠡᠭᠵᠢᠬᠦᠯᠤᠨ᠎ᠡ᠃    ᠪᠣᠢ ᠪᠦᠬᠦᠢ ᠣᠷᠣᠨ ᠰᠠᠭᠤᠴᠠ ᠶᠢᠨ ᠵᠢᠵᠢᠭ ᠲᠣᠭᠤᠷᠢᠭ ᠢ ᠪᠢᠲᠡᠭᠦᠮᠵᠢᠯᠡᠨ ᠬᠠᠮᠢᠶᠠᠷᠴᠤ᠂ ᠭᠠᠳᠠᠨ᠎ᠠ ᠠᠴᠠ ᠢᠷᠡᠭᠰᠡᠨ ᠬᠥᠮᠦᠰ ᠵᠢᠴᠢ ᠲᠡᠷᠭᠡ ᠬᠥᠰᠬᠡ ᠶᠢᠨ ᠣᠷᠣᠵᠤ ᠭᠠᠷᠬᠤ ᠶᠢ ᠴᠢᠩᠭ᠎ᠠ ᠬᠢᠵᠠᠭᠠᠷᠯᠠᠵᠤ᠂ ᠣᠷᠣᠵᠤ ᠭᠠᠷᠬᠤ ᠬᠥᠮᠦᠰ ᠢ ᠦᠨᠡᠨ ᠬᠦ ᠣᠷᠣᠭᠤᠯᠵᠤ ᠭᠠᠷᠭᠠᠬᠤ ᠳᠠᠩᠰᠠᠯᠠᠯ ᠢ ᠰᠠᠶᠢᠲᠤᠷ ᠬᠢᠬᠦ ᠴᠢᠬᠤᠯᠠᠲᠠᠢ᠂ ᠪᠦᠬᠦ ᠬᠤᠰᠢᠭᠤᠨ ᠤ ᠪᠣᠢ ᠪᠦᠬᠦᠢ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠵᠥᠪᠬᠡᠨ ᠨᠢᠭᠡ ᠯᠡ ᠲᠡᠷᠭᠡ ᠬᠥᠰᠬᠡ᠂ ᠬᠥᠮᠦᠨ ᠣᠷᠣᠵᠤ ᠭᠠᠷᠬᠤ ᠵᠠᠮ ᠦᠯᠡᠳᠡᠬᠡᠵᠤ᠂ ᠪᠤᠰᠤᠳ ᠨᠡᠪᠲᠡᠷᠡᠬᠦ ᠵᠠᠮ ᠢ ᠪᠦᠬᠦᠨ ᠢ ᠬᠠᠭᠠᠵᠤ ᠵᠣᠭᠰᠣᠭᠠᠨ᠎ᠠ᠃ ᠡᠭᠦᠨ ᠤ ᠬᠠᠮᠲᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ‍ ᠴᠢᠭ ᠪᠠᠶᠢᠭᠤᠯᠵᠤ᠂ ᠬᠠᠯᠠᠭᠤᠷᠠᠬᠤ ᠵᠡᠷᠭᠡ ᠬᠢᠵᠢᠭ ᠤᠨ ᠰᠢᠨᠵᠢ ᠲᠡᠮᠳᠡᠭ ᠲᠠᠢ ᠲᠤᠰ ᠭᠠᠵᠠᠷ ᠤᠨ ᠪᠠ ᠭᠠᠳᠠᠨ᠎ᠠ ᠠᠴᠠ ᠢᠷᠡᠭᠰᠡᠨ ᠬᠥᠮᠦᠰ ᠢ ᠣᠯᠵᠤ ᠮᠡᠳᠡᠮᠡᠭᠴᠡ ᠬᠠᠷᠢᠶ᠎ᠠ ᠪᠦᠬᠦᠢ ᠨᠡᠶᠢᠭᠡᠮ ᠲᠣᠭᠤᠷᠢᠭ ᠪᠣᠯᠤᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃    ᠭᠤᠷᠪᠠ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠠᠷᠢᠭᠤᠨ ᠴᠡᠪᠡᠷ ᠢ ᠤᠰᠠᠳᠬᠠᠬᠤ ᠠᠵᠢᠯ ᠢ ᠴᠢᠩᠭᠠᠳᠬᠠᠨ᠎ᠠ᠃    ᠳᠦᠷᠪᠡ᠂ ᠠᠵᠢᠯ ᠡᠷᠬᠢᠯᠡᠭᠰᠡᠳ ᠤᠨ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭᠠᠷᠠᠭᠤᠯᠤᠨ᠎ᠠ᠃    ᠠᠳᠠᠯ ᠠᠬᠤᠢ ᠶᠢᠨ ᠤᠶᠢᠯᠡᠴᠢᠯᠡᠬᠡᠨ ᠤ ᠠᠵᠤ ᠠᠬᠤᠶᠢᠯᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠭᠦᠳᠡᠨ ᠬᠠᠮᠠᠭᠠᠯᠠᠯᠲᠠ ᠶᠢᠨ ᠠᠵᠢᠯ ᠡᠷᠬᠢᠯᠡᠭᠰᠡᠳ ᠪᠣᠯᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠠᠵᠢᠯᠲᠠᠳ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠵᠤ᠂ ᠠᠵᠢᠯ ᠤᠨ ᠳᠤᠮᠳᠠ ᠪᠠᠨ ᠡᠷᠬᠡᠪᠰᠢ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠠᠷᠢᠭᠤᠳᠬᠠᠨ᠂ ᠬᠢᠵᠢᠭ ᠡᠪᠡᠳᠴᠢᠨ ᠳᠡᠯᠭᠡᠷᠡᠬᠦ ᠶᠢ ᠬᠠᠮᠤᠭ ᠤᠨ ᠲᠥᠪ ᠴᠢᠩᠭ᠎ᠠ ᠣᠪᠣᠷ ᠢᠶᠠᠷ ᠰᠡᠷᠭᠡᠶᠢᠯᠡᠬᠦ ᠬᠡᠷᠡᠭᠲᠡᠶ᠃    ᠲᠠᠪᠤ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ ᠬᠤᠯᠪᠣᠭᠠᠯᠠᠨ ᠰᠡᠷᠭᠡᠶᠢᠯᠡᠵᠦ ᠬᠢᠵᠠᠭᠠᠷᠯᠠᠬᠤ ᠠᠵᠢᠯ ᠢ ᠰᠠᠶᠢᠲᠤᠷ ᠬᠢᠨ᠎ᠠ᠃    ᠠᠳᠠᠯ ᠠᠬᠤᠢ ᠶᠢᠨ ᠤᠶᠢᠯᠡᠴᠢᠯᠡᠬᠡᠨ ᠤ ᠠᠵᠤ ᠠᠬᠤᠶᠢᠯᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠭᠦᠳᠡᠨ ᠬᠠᠮᠠᠭᠠᠯᠠᠯᠲᠠ ᠶᠢᠨ ᠠᠵᠢᠯ ᠡᠷᠬᠢᠯᠡᠭᠰᠡᠳ ᠪᠣᠯᠤᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠬᠢᠵᠠᠭᠠᠷᠯᠠᠬᠤ ᠲᠥᠪ᠂ ᠬᠠᠷᠢᠶ᠎ᠠ ᠪᠦᠬᠦᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠤᠬᠠᠭᠤᠯᠬᠤ ᠠᠵᠢᠯ‌‍ᠳᠤ ᠢᠳᠡᠪᠬᠢᠲᠡᠢ ᠬᠠᠮᠵᠢᠯᠴᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠ ᠭᠠᠷᠯᠠᠬᠤ ᠪᠠᠨ ᠴᠢᠩᠭᠠᠳᠬᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ     ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ     2020 ᠣᠨ ᠤ 1 ᠰᠠᠷ᠎ᠠ ᠶᠢᠨ 29 ᠤ ᠡᠳᠦᠷ                                                       ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号