ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠡᠶᠢᠭᠡᠮ ᠤᠨ ᠪᠡᠯᠡᠭᠯᠡᠨ ᠬᠦᠷᠭᠡᠭᠰᠡᠨ ᠵᠣᠭᠤᠰ ᠪᠣᠳᠠᠰ ᠢ ᠬᠦᠯᠢᠶᠡᠨ ᠠᠪᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020-02-03
        ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ         ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠡᠶᠢᠭᠡᠮ ᠤᠨ ᠪᠡᠯᠡᠭᠯᠡᠨ ᠬᠦᠷᠭᠡᠭᠰᠡᠨ         ᠵᠣᠭᠤᠰ ᠪᠣᠳᠠᠰ ᠢ ᠬᠦᠯᠢᠶᠡᠨ ᠠᠪᠬᠤ ᠲᠤᠬᠠᠶ ᠠᠯᠪᠠᠨ ᠵᠠᠷ    ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠰᠢᠨ᠎ᠠ ᠮᠠᠶ᠋ᠢᠭ‌‍ᠤᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠬᠥᠮᠥᠡᠯᠢᠭ ᠶᠣᠰᠣᠨ ᠤ ᠲᠦᠭᠡᠮᠡᠯ ᠬᠠᠶᠢᠷ᠎ᠠ ᠶᠢᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠦᠴᠦᠨ ᠢ ᠴᠤᠭᠯᠠᠭᠤᠯᠵᠤ᠂ ᠬᠢᠵᠢᠭ ᠤᠨ ᠪᠠᠶᠢᠳᠠᠯ ᠢ ᠬᠠᠮᠲᠤᠪᠠᠷ ᠡᠰᠡᠷᠭᠦᠴᠡᠨ᠂ ᠨᠡᠶᠢᠭᠡᠮ ᠤᠨ ᠡᠯ᠎ᠡ ᠡᠲᠡᠭᠡᠳ ᠵᠢᠴᠢ ᠬᠠᠶᠢᠷ᠎ᠠ ᠬᠠᠯᠠᠮᠵᠢ ᠶᠢᠨ ᠬᠥᠮᠦᠰ ᠤᠨ ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠬᠠᠮᠵᠢᠯᠴᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄    ︵ᠨᠢᠭᠡ︶ ᠬᠠᠮᠠᠭᠠᠯᠠᠯᠲᠠ ᠶᠢᠨ ᠬᠡᠷᠡᠭᠰᠡᠯ    ᠬᠤᠶᠠᠷ ᠠᠷᠢᠭᠤᠳᠬᠠᠬᠤ ᠲᠥᠷᠥᠯ ᠤᠨ ᠬᠡᠷᠡᠭᠰᠡᠯ    ᠨᠡᠶᠢᠯᠡᠮᠡᠯ ᠠᠯᠺᠤᠤᠯᠳᠤ ᠤᠬᠢᠶᠠᠨ ᠠᠷᠢᠭᠤᠳᠬᠠᠬᠤ ᠴᠠᠷᠴᠠᠮᠠᠯ ᠴᠠᠪᠠᠤ ︵500ml/ ᠯᠣᠩᠬᠤ︶᠂ ᠪᠠᠺᠲ᠋ᠧᠷᠢ ᠡᠰᠡᠷᠭᠦᠴᠡᠬᠦ ᠭᠠᠷ ᠤᠬᠢᠶᠠᠬᠤ ᠰᠢᠩᠭᠡᠨ ︵500ml/ ᠯᠣᠩᠬᠤ︶᠂ ᠬᠥᠭᠡᠰᠦᠨ ᠠᠷᠢᠭᠤᠳᠬᠠᠬᠤ ᠡᠮ ︵100/ ᠯᠣᠩᠬᠤ︶᠂ ᠨᠢᠭᠡ ᠯᠡ ᠤᠳᠠᠭ᠎ᠠ ᠬᠡᠷᠡᠭᠯᠡᠬᠦ ᠠᠷᠢᠭᠤᠳᠬᠠᠬᠤ ᠠᠯᠴᠢᠭᠤᠷ ︵100ml/ ᠪᠣᠭᠤᠳᠠᠯ︶᠂ ᠨᠡᠶᠢᠯᠡᠮᠡᠯ ᠬᠤᠣᠰ ᠬᠡᠯᠬᠢᠶᠡᠲᠦ ᠤᠯᠠᠷᠢᠯ ᠤᠨ ᠠᠮᠮᠣᠨᠢ ᠶᠢᠨ ᠳᠠᠪᠤᠰᠤᠨ ᠠᠷᠢᠭᠤᠳᠬᠠᠬᠤ ᠰᠢᠩᠭᠡᠨ ︵450ml/ ᠯᠣᠩᠬᠤ︶᠃    ︵ᠭᠤᠷᠪᠠ︶ ᠡᠮᠴᠢᠯᠡᠭᠡᠨ ᠤ ᠲᠥᠬᠦᠭᠡᠷᠦᠮᠵᠢ    ᠡᠯ᠎ᠡ ᠲᠥᠷᠥᠯ ᠤᠨ ᠪᠡᠯᠡᠭᠯᠡᠨ ᠬᠦᠷᠭᠡᠭᠰᠡᠨ ᠡᠳ᠋ ᠪᠠᠷᠠᠭ᠎ᠠ ᠶᠢ ᠴᠥᠮ ᠴᠢᠨᠠᠷ ᠢ ᠪᠠᠲᠤᠯᠠᠬᠤ ᠬᠤᠭᠤᠴᠠᠭᠠᠨ ᠳᠣᠲᠣᠷ᠎ᠠ᠂ ᠤᠯᠤᠰ ᠠᠴᠠ ᠡᠯ᠎ᠡ ᠵᠣᠶᠢᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠵᠦ᠂ ᠭᠠᠳᠠᠷ ᠪᠣᠭᠤᠳᠠᠯ ᠨᠢ ᠪᠦᠷᠢᠨ ᠪᠦᠲᠦᠨ ᠪᠥᠭᠡᠳ ᠬᠤᠬᠢᠷᠠᠯ ᠦᠭᠡᠢ ᠪᠠᠶᠢᠬᠤ ᠶᠢ ᠱᠠᠭᠠᠷᠳᠠᠨ᠎ᠠ᠃    ᠡᠮᠴᠢᠯᠡᠭᠡᠨ ᠤ ᠡᠳ᠋ ᠪᠣᠳᠠᠰ ᠢ ᠪᠡᠯᠡᠭᠯᠡᠨ ᠬᠦᠷᠭᠡᠬᠦ ᠳᠤ ᠬᠠᠨᠳᠢᠪᠯᠠᠬᠤ ᠤᠲᠠᠰᠤ 0474 — 8303216 ︵ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ︶᠂ 0474 — 6204206 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ︶ ᠲᠠᠢ ᠬᠠᠷᠢᠯᠴᠠᠭᠠᠷᠠᠶ᠃    ᠤᠷᠢᠳᠠᠪᠠᠷ ᠬᠠᠨᠳᠢᠪᠯᠠᠨ ᠬᠦᠷᠭᠡᠬᠦ ᠰᠠᠨᠠᠭ᠎ᠠ ᠪᠠᠨ ᠨᠡᠪᠲᠡᠷᠡᠯᠴᠡᠵᠦ᠂ ᠨᠤᠲᠠᠯᠠᠭᠰᠠᠨ ᠤ ᠳᠠᠷᠠᠭ᠎ᠠ ᠳᠠᠬᠢᠨ ᠬᠠᠨᠳᠢᠪᠯᠠᠨ ᠬᠦᠷᠭᠡᠭᠡᠷᠡᠶ᠃ ᠳᠡᠭᠡᠷ᠎ᠡ ᠳᠤᠷᠠᠳᠤᠭᠰᠠᠨ ᠡᠳ᠋ ᠪᠣᠳᠠᠰ ᠠᠴᠠ ᠪᠤᠰᠤᠳ ᠡᠳ᠋ ᠪᠣᠳᠠᠰ ᠢ ᠬᠠᠨᠳᠢᠪᠯᠠᠨ ᠬᠦᠷᠭᠡᠬᠦ ᠶᠢ ᠲᠦᠷ ᠬᠦᠯᠢᠶᠡᠨ ᠠᠪᠬᠤ ᠦᠭᠡᠢ᠃ ᠬᠢᠯᠢ ᠶᠢᠨ ᠭᠠᠳᠠᠨᠠᠬᠢ ᠬᠠᠨᠳᠢᠪᠯᠠᠯ ᠢ ᠲᠦᠷ ᠬᠦᠯᠢᠶᠡᠨ ᠠᠪᠬᠤ ᠦᠭᠡᠢ᠃    ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠶ᠋ᠢᠭ᠄ ᠥᠪᠥᠷ ᠮᠣᠩᠭᠤᠯ ᠤᠨ  ᠦᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 6 ᠳ᠋ᠤᠭᠠᠷ ᠠᠰᠠᠷ︔ ᠰᠢᠦᠳᠠᠨ ᠳ᠋ᠤᠭᠠᠷ᠄ 012000    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 6 ᠳ᠋ᠤᠭᠠᠷ ᠳᠠᠪᠬᠤᠷᠯᠢᠭ 607︔ ᠰᠢᠦᠳᠠᠨ ᠳ᠋ᠤᠭᠠᠷ᠄ 012400    ᠬᠤᠶᠠᠷ᠂ ᠬᠠᠶᠢᠷ᠎ᠠ ᠬᠠᠯᠠᠮᠵᠢ ᠶᠢᠨ ᠬᠠᠨᠳᠢᠪᠯᠠᠭᠰᠠᠨ ᠵᠣᠭᠤᠰ ᠢ ᠭᠥᠯᠢᠶᠡᠨ ᠠᠪᠬᠤ ᠳᠠᠩᠰᠠᠨ ᠡᠷᠦᠬᠡ    ᠳᠠᠩᠰᠠ ᠪᠠᠶᠢᠭᠤᠯᠤᠭᠰᠠᠨ ᠨᠡᠷᠡᠶᠢᠳᠦᠯ᠄ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ    ᠳᠠᠩᠰᠠ ᠪᠠᠶᠢᠭᠤᠯᠤᠭᠰᠠᠨ ᠪᠠᠩᠬᠢ᠄ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠭᠢ ᠶᠢᠨ ᠡᠩᠬᠡ ᠵᠠᠮ ᠤᠨ ᠰᠠᠯᠪᠤᠷᠢ ᠪᠠᠩᠬᠢ    ᠪᠠᠩᠬᠢ ᠶᠢᠨ ᠳᠠᠩᠰᠠᠨ ᠨᠣᠮᠧᠷ᠄ 1004293472600001    ᠳᠠᠩᠰᠠ ᠪᠠᠶᠢᠭᠤᠯᠤᠭᠰᠠᠨ ᠨᠡᠷᠡᠶᠢᠳᠦᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠠᠨᠳᠢᠪ ᠴᠤᠭᠯᠠᠭᠤᠯᠬᠤ ᠲᠤᠰᠬᠠᠶ ᠡᠷᠦᠬᠡ    ᠳᠠᠩᠰᠠ ᠪᠠᠶᠢᠭᠤᠯᠤᠭᠰᠠᠨ ᠪᠠᠩᠬᠢ᠄ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠯᠪᠤᠷᠢ ᠪᠠᠩᠬᠢ    ᠪᠠᠩᠬᠢ ᠶᠢᠨ ᠳᠠᠩᠰᠠᠨ ᠨᠣᠮᠧᠷ᠄ 0611071129200059266    1᠂ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠡᠯᠡᠭᠯᠡᠨ ᠬᠦᠷᠭᠡᠭᠰᠡᠨ ᠫᠢᠶᠣᠣ ᠪᠠᠷᠢᠮᠲᠠ ᠪᠢᠴᠢᠵᠦ ᠥᠭᠬᠦ ᠳᠤ ᠲᠦᠬᠦᠮ ᠦᠵᠡᠭᠦᠯᠬᠦ ᠶᠢᠨ ᠲᠥᠯᠥᠭᠡ᠂ ᠪᠡᠯᠡᠭᠯᠡᠨ ᠬᠦᠷᠬᠡᠬᠦ ᠦᠶ᠎ᠡ ᠳᠤ ᠪᠡᠯᠡᠭᠯᠡᠨ ᠬᠦᠷᠭᠡᠭᠴᠢ ︵ᠠᠵᠤ ᠠᠬᠤᠶᠢᠯᠠᠯ︶ ᠶᠢᠨ ᠣᠨᠣᠪᠴᠢᠲᠠᠶ ᠨᠡᠷᠡᠶᠢᠳᠦᠯ ᠵᠢᠴᠢ ᠬᠠᠷᠢᠯᠴᠠᠬᠤ ᠠᠷᠭ᠎ᠠ ᠮᠠᠶ᠋ᠢᠭ ᠢ ᠡᠷᠬᠡᠪᠰᠢ ᠲᠣᠳᠣᠷᠬᠠᠶᠢᠯᠠᠬᠤ ᠬᠡᠷᠡᠭᠲᠡᠶ᠃    2᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠰᠠᠭᠤᠷᠢᠯᠠᠨ᠂ ᠰᠦᠯᠵᠢᠶᠡᠨ ᠳᠡᠭᠡᠷᠡᠬᠢ ᠪᠠᠩᠭᠢ ᠶᠢᠨ ᠰᠦᠯᠵᠢᠶᠡᠨ ᠳᠡᠭᠡᠷ᠎ᠡ ᠵᠣᠭᠤᠰ ᠬᠠᠨᠳᠢᠪᠯᠠᠬᠤ ᠪᠠᠷ ᠭᠤᠤᠯ ᠠᠷᠭ᠎ᠠ ᠵᠠᠮ ᠪᠣᠯᠭᠠᠵᠤ᠂ ᠬᠠᠨᠳᠢᠪᠯᠠᠬᠤ ᠦᠶ᠎ᠡ ᠳᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠡᠰᠡᠷᠭᠦᠴᠡᠬᠦ ᠠᠭᠤᠰᠬᠢᠨ ᠦᠷᠪᠢᠰᠦᠯ︾ ᠭᠡᠵᠦ ᠲᠣᠳᠣᠷᠬᠠᠶᠢᠯᠠᠭᠠᠷᠠᠶ᠃    3᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠳᠡᠭᠡᠷ᠎ᠡ ᠳᠤᠷᠠᠳᠤᠭᠰᠠᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠲᠤᠰᠬᠠᠶ ᠵᠤᠶᠢᠯ ᠢᠶᠠᠷ ᠬᠡᠷᠡᠭᠯᠡᠨ᠎ᠡ᠂ ᠪᠢᠳᠡ ᠢᠯᠡ ᠲᠣᠳᠣ᠂ ᠲᠥᠪ ᠭᠤᠤᠯᠴᠢ᠂ ᠢᠯᠡ ᠲᠣᠳᠣ ᠪᠠᠶᠢᠬᠤ ᠵᠠᠷᠴᠢᠮ ᠶᠣᠰᠣᠭᠠᠷ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ ᠪᠠ ᠬᠡᠷᠡᠭᠯᠡᠬᠦ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠨ᠎ᠡ᠃     ᠣᠨᠴᠠᠭᠠᠶᠢᠯᠠᠨ ᠵᠠᠷᠯᠠᠪᠠ     ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ     2020 ᠣᠨ ᠤ 1 ᠰᠠᠷ᠎ᠠ ᠶᠢᠨ 29 ᠤ ᠡᠳᠦᠷ                                                      ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号