ᠬᠢᠵᠢᠭᠲᠦ ᠣᠷᠣᠨ ᠤ ᠨᠣᠳᠤᠭ ᠲᠠᠭᠠᠨ ᠪᠤᠴᠠᠬᠤ ᠪᠠ ᠭᠠᠳᠠᠨ᠎ᠠ ᠠᠴᠠ ᠢᠷᠡᠭᠰᠡᠨ ᠬᠥᠮᠦᠰ ︵ | ᠢᠯᠡᠷᠬᠡᠶ ᠡᠪᠡᠳᠴᠢᠨ ᠤ ᠢᠯᠡᠷᠡᠯ ᠦᠭᠡᠢ ᠬᠥᠮᠦᠨ︶ ᠡᠷᠬᠡᠪᠰᠢ ᠥᠪᠡᠷ ᠤᠨ ᠭᠡᠷ ᠲᠡᠭᠡᠨ | ᠰᠠᠭᠤᠬᠤ ᠪᠤᠶᠤ ᠲᠣᠭᠲᠠᠭᠰᠠᠨ ᠭᠠᠵᠠᠷ ᠲᠤ ᠪᠠᠭᠤᠳᠠᠯ ᠳᠤ ᠲᠤᠰᠠᠭᠠᠷᠯᠠᠬᠤ ᠲᠤᠬᠠᠶ ᠪᠠᠴᠢᠮ ᠮᠡᠳᠡᠭᠳᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠦᠪᠯᠡᠯ ᠤᠨ ᠠᠯᠪᠠᠨ ᠵᠠᠷ︾ ︵2020 ᠣᠨ ᠤ 1 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ | ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ | ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ | ᠴᠤᠤᠷᠢᠶᠠᠲᠤᠨ ᠳᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠶᠠᠪᠤᠳᠠᠯ ᠤᠨ ᠲᠤᠬᠠᠶ | ᠳᠣᠤᠷᠠᠬᠢ ᠮᠡᠲᠦ ᠵᠠᠷᠯᠠᠶ᠎ᠠ᠄ | ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠬᠢᠵᠢᠭᠲᠦ | ᠤᠷᠤᠨ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠤᠴᠠᠬᠤ ᠢᠯᠡᠷᠬᠡᠶ ᠡᠪᠡᠳᠴᠢᠨ ᠤ ᠢᠯᠡᠷᠡᠯ | ᠥᠬᠡᠶ ᠬᠦᠮᠦᠨ ᠢ ᠡᠷᠬᠡᠪᠰᠢ 14 ᠡᠳᠦᠷ ᠭᠡᠷ ᠲᠡᠭᠡᠨ ᠲᠤᠰᠠᠭᠠᠷᠯᠠᠬᠤ ᠬᠡᠷᠡᠭᠲᠡᠶ︔ ᠬᠢᠵᠢᠭᠲᠦ ᠣᠷᠣᠨ ᠠᠴᠠ ᠢᠷᠡᠭᠰᠡᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠯᠡᠷᠬᠡᠢ ᠰᠢᠨᠵᠢ ᠲᠡᠮᠳᠡᠭ ᠦᠬᠡᠢ ᠭᠠᠳᠠᠨ᠎ᠠ ᠠᠴᠠ ᠢᠷᠡᠭᠰᠡᠨ | ᠬᠥᠮᠦᠰ ᠡᠷᠬᠡᠪᠰᠢ ᠪᠠᠶᠠᠨ ᠴᠠᠭᠠᠨ ᠤ ᠵᠤᠴᠢᠳ ᠤᠨ ᠪᠠᠭᠤᠳᠠᠯ ︵ᠬᠠᠶ᠋ᠢᠭ᠄ ᠪᠠᠶᠠᠨᠴᠠᠭᠠᠨ ᠪᠠᠯᠭᠠᠰᠤᠨ ᠤ ᠰᠢᠨ᠎ᠡ | ᠲᠣᠭᠤᠷᠢᠭ ᠤᠨ ᠠᠭᠤᠳᠠᠮ ᠲᠠᠯᠠᠪᠠᠢ ᠶᠢᠨ ᠪᠠᠷᠠᠭᠤᠨ ᠵᠡᠭᠡᠯᠢ ᠶᠢᠨ ᠴᠢᠩ ᠬᠤᠸᠠ ᠲᠦᠩ ᠹᠠᠩ ᠵᠠᠬᠦᠨᠰᠢ 100 ᠮᠧᠲᠷ᠃ | ᠬᠠᠷᠢᠯᠴᠠᠬᠤ ᠤᠲᠠᠰᠤ᠄ 0474 — 6441118᠂ 6441119︶ ᠲᠣᠭᠲᠠᠭᠰᠠᠨ ᠭᠠᠵᠠᠷ ᠲᠤ ᠣᠷᠣᠰᠢᠨ | ᠰᠠᠭᠤᠬᠤ ᠨᠢ 14 ᠡᠳᠦᠷ᠂ ︵ᠪᠤᠰᠤᠳ ᠲᠣᠭᠲᠠᠭᠰᠠᠨ ᠪᠠᠭᠤᠳᠠᠯ ᠬᠡᠷᠡᠭᠴᠡᠭᠡ ᠪᠠᠨ ᠦᠨᠳᠦᠰᠦᠯᠡᠨ ᠠᠰᠲᠠᠭᠠᠨ | ᠵᠠᠷᠯᠠᠨ᠎ᠠ︶᠃ ᠲᠤᠰᠠᠭᠠᠷᠯᠠᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠴᠠᠭ ᠲᠤᠬᠠᠶ ᠳᠤᠨᠢ ᠬᠦᠴᠦᠨ ᠦᠭᠡᠶ | ᠪᠣᠯᠭᠠᠬᠤ ᠠᠯᠪᠠᠨ ᠵᠠᠷ ᠨᠡᠶᠢᠲᠡᠯᠡᠨ᠎ᠡ᠃ | ᠬᠤᠶᠠᠷ᠂ ᠭᠡᠷ ᠲᠡᠭᠡᠨ ᠰᠠᠭᠤᠵᠤ ᠪᠠᠶᠢᠭ᠎ᠠ᠂ ᠣᠷᠣᠰᠢᠨ ᠰᠠᠭᠤᠵᠤ ᠲᠤᠰᠠᠭᠠᠷᠯᠠᠬᠤ ᠦᠭᠡᠢ ᠪᠤᠶᠤ ᠲᠤᠰᠠᠭᠠᠷᠯᠠᠨ | ᠡᠮᠴᠢᠯᠡᠬᠦ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠦᠭᠡᠢ ᠤ | ᠦᠬᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠪᠠᠶᠢᠭᠤᠯᠤᠮᠵᠢ ᠶᠢ ᠬᠠᠪᠰᠤᠷᠤᠨ ᠬᠠᠤᠯᠢ ᠶᠣᠰᠣᠭᠠᠷ | ᠠᠯᠪᠠᠳᠠᠨᠲ᠋ᠤᠰᠠᠭᠠᠷᠯᠠᠬᠤ ᠬᠡᠷᠡᠭᠲᠡᠶ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ | ᠶᠢᠨ ᠲᠠᠪᠢᠳᠤᠭᠠᠷ ᠵᠣᠶᠢᠯ ᠤᠨ ᠨᠢᠬᠡᠳᠤᠭᠡᠷ ᠪᠠᠳᠠᠭ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠠᠤᠯᠢ ᠶᠢ | ᠵᠥᠷᠢᠴᠡᠭᠰᠡᠳ ᠢ ᠳᠣᠩᠭᠤᠳᠬᠤ ᠪᠤᠶᠤ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ | ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠭᠤᠭᠰᠢ | ᠲᠦᠷ ᠬᠤᠷᠢᠬᠤ ᠪᠠᠷ ᠰᠢᠢᠳᠭᠡᠵᠤ᠂ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠭᠡᠨ᠎ᠡ᠃ | ᠭᠤᠷᠪᠠ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠭᠡᠨᠡᠳᠲᠡ ᠡᠭᠦᠰᠬᠦ ᠬᠠᠯᠳᠠᠪᠤᠷᠢᠲᠤ ᠡᠪᠡᠳᠴᠢᠨ ᠤ | ᠬᠢᠵᠢᠭᠤᠨ ᠪᠠᠶᠢᠳᠠᠯ ᠵᠡᠷᠭᠡ ᠭᠠᠮᠰᠢᠭ ᠢ ᠰᠡᠷᠭᠡᠶᠢᠯᠡᠨ ᠵᠠᠰᠠᠬᠤ ᠶᠢᠨ ᠲᠥᠯᠥᠭᠡ ᠠᠪᠤᠭᠰᠠᠨ ᠬᠢᠵᠢᠭ ᠢ ᠰᠡᠷᠭᠡᠶᠢᠯᠡᠬᠦ᠂ | ᠬᠢᠵᠢᠭ ᠪᠠᠶᠢᠴᠠᠭᠠᠬᠤ᠂ ᠠᠯᠪᠠᠳᠠᠯᠭ᠎ᠠ ᠪᠠᠷ ᠲᠤᠰᠠᠭᠠᠷᠯᠠᠬᠤ᠂ ᠲᠤᠰᠠᠭᠠᠷᠯᠠᠨ ᠵᠠᠰᠠᠬᠤ ᠵᠡᠷᠭᠡ ᠤᠷᠢᠳᠴᠢᠯᠠᠨ ᠰᠡᠷᠭᠡᠶᠢᠯᠡᠬᠦ᠂ | ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠠᠤᠯᠢ ᠶᠤᠰᠤᠭᠠᠷ ᠬᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ | ᠠᠷᠭ᠎ᠠ ᠪᠠᠷ ᠬᠠᠷᠰᠢᠯᠠᠭᠰᠠᠨ ᠪᠠᠶᠢᠪᠠᠯ᠂ ᠡᠷᠡᠭᠦᠤ ᠶᠢᠨ ᠬᠠᠤᠯᠢ ᠶᠢᠨ ᠬᠤᠶᠠᠷ ᠵᠠᠭᠤ ᠲᠠᠯᠠᠨ ᠳᠣᠯᠣᠳᠤᠭᠠᠷ ᠵᠣᠶᠢᠯ ᠤᠨ | ᠨᠢᠭᠡᠳᠦᠭᠡᠷ ᠪᠠᠳᠠᠭ᠂ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠠᠯᠪᠠᠨ ᠶᠠᠪᠤᠳᠠᠯ ᠢ ᠬᠠᠷᠰᠢᠯᠠᠭᠰᠠᠨ ᠶᠠᠯ᠎ᠠ ᠪᠠᠷ | ᠶᠠᠯ᠎ᠠ ᠲᠣᠭᠲᠠᠭᠠᠵᠤ ᠰᠢᠢᠳᠭᠡᠨ᠎ᠡ᠃ ᠪᠤᠰᠤᠳ ᠶᠠᠯᠠᠲᠤ ᠠᠵᠢᠯᠯᠠᠭ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠬᠠᠤᠯᠢ ᠶᠣᠰᠣᠭᠠᠷ ᠵᠣᠬᠢᠴᠠᠩᠭᠤᠶ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠥᠷᠭᠡᠨ ᠣᠯᠠᠨ ᠰᠠᠭᠤᠭᠠᠯᠢ ᠠᠷᠠᠳ ᠤᠨ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠶᠢ | ᠪᠠᠶᠠᠷᠯᠠᠨ ᠤᠭᠲᠤᠵᠤ᠂ 24 ᠴᠠᠭ ᠤᠨ ᠬᠠᠷᠢᠯᠴᠠᠬᠤ ᠤᠲᠠᠰᠤ ᠨᠢ 0474 — 6202448 ᠪᠣᠯᠤᠨ᠎ᠠ᠃ | | ᠣᠨᠴᠠᠭᠠᠶᠢᠯᠠᠨ ᠵᠠᠷᠯᠠᠪᠠ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ | 2020 ᠣᠨ ᠤ 1 ᠰᠠᠷ᠎ᠠ ᠶᠢᠨ 29 ᠤ ᠡᠳᠦᠷ | ᠣᠷᠴᠢᠭᠤᠯᠣᠭᠴᠢ᠄ ᠡᠷᠳᠡᠨᠢᠴᠢᠮᠡᠭ |