ᠮᠠᠨ ᠤ ᠬᠤᠰᠢᠭᠤ 2020 ᠣᠨ ᠤ ᠠᠵᠤ ᠦᠢᠯᠡᠳᠪᠣᠷᠢ ᠶᠢᠨ ᠲᠥᠰᠦᠯ ᠤᠨ | ᠬᠠᠮᠲᠤᠷᠠᠨ ᠬᠢᠨᠠᠬᠤ ᠬᠤᠷᠠᠯ ᠬᠤᠷᠠᠯᠳᠤᠭᠤᠯᠪᠠ | | 3 ᠰᠠᠷ᠎ᠠ ᠶᠢᠨ 23 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2020 ᠣᠨ ᠤ ᠠᠵᠤ | ᠦᠢᠯᠡᠳᠪᠣᠷᠢ ᠶᠢᠨ ᠲᠥᠷᠥᠯ ᠵᠣᠶᠢᠯ ᠢ ᠬᠠᠮᠲᠤᠷᠠᠨ ᠬᠢᠨᠠᠬᠤ ᠬᠤᠷᠠᠯ ᠬᠤᠰᠢᠭᠤᠨ ᠤ ᠵᠠᠰᠠᠭ ᠤᠨ ᠣᠷᠳᠣᠨ ᠤ | ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠬᠤ᠋ ᠶᠠᠨ ᠹᠧᠩ ᠬᠤᠷᠡᠯᠢ ᠡᠷᠭᠢᠯᠡᠵᠦ᠂ ᠬᠤᠰᠢᠭᠤᠨ ᠤ ᠬᠦᠭᠵᠢᠭᠦᠯᠣᠯᠳᠠ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠵᠢᠴᠢ ᠬᠡᠰᠡᠭ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠷᠠᠯ ᠠᠴᠠ ᠮᠠᠨ ᠤ ᠬᠤᠰᠢᠭᠤᠨ ᠤ ᠠᠵᠤ ᠦᠢᠯᠡᠳᠪᠣᠷᠢ ᠶᠢᠨ ᠲᠥᠷᠥᠯ ᠵᠣᠶᠢᠯ ᠤᠨ ᠦᠨᠳᠦᠰᠦᠨ ᠪᠠᠶᠢᠳᠠᠯ ᠢ | ᠰᠣᠨᠣᠰᠴᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠣᠶᠢᠯ ᠢ ᠬᠢᠨᠠᠨ ᠵᠥᠪᠰᠢᠶᠡᠷᠡᠬᠦ᠂ ᠲᠥᠷᠥᠯ ᠵᠣᠶᠢᠯ | ᠲᠣᠭᠳᠠᠭᠠᠬᠤ᠂ ᠬᠠᠮᠢᠶ᠎ᠠ ᠪᠦᠬᠦᠢ ᠭᠠᠷᠳᠠᠮ ᠢ ᠭᠦᠢᠴᠡᠳᠭᠡᠭᠰᠡᠨ ᠪᠠᠶᠢᠳᠡᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠶᠠᠷᠢᠯᠴᠠᠵᠤ᠂ ᠲᠥᠷᠥᠯ ᠵᠣᠶᠢᠯ ᠢ ᠬᠢᠨᠠᠨ ᠵᠥᠪᠰᠢᠶᠡᠷᠡᠬᠦ ᠶᠢ ᠲᠦᠷᠭᠡᠳᠬᠡᠬᠦ ᠪᠣᠳᠠᠲᠠᠶ ᠠᠷᠭ᠎ᠠ ᠬᠡᠮᠵᠢᠶ᠎ᠠ ᠶᠢ | ᠰᠤᠳᠤᠯᠵᠠᠶ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠪᠠᠯᠠ | ᠣᠷᠣᠭᠤᠯᠣᠯᠳᠠ ᠶᠢ ᠠᠳᠬᠤᠬᠤ ᠪᠣᠯ ᠬᠥᠭᠵᠢᠯᠲᠡ ᠶᠢ ᠠᠳᠬᠤᠬᠤ᠂ ᠲᠥᠷᠥᠯ ᠵᠣᠶᠢᠯ ᠢ ᠠᠳᠬᠤᠬᠤ ᠪᠣᠯ | ᠢᠷᠡᠭᠡᠳᠦᠶ ᠶᠢ ᠠᠳᠬᠤᠬᠤ ᠶᠠᠪᠣᠳᠠᠯ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ | ᠲᠥᠷᠥᠯ ᠵᠣᠶᠢᠯ ᠢ ᠬᠠᠮᠲᠤᠷᠠᠨ ᠬᠢᠨᠠᠬᠤ ᠬᠠᠮᠲᠤᠷᠠᠨ ᠵᠥᠪᠰᠢᠶᠡᠷᠡᠬᠦ ᠱᠠᠭᠠᠷᠳᠠᠯᠭ᠎ᠠ ᠶᠣᠰᠣᠭᠠᠷ᠂ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠨᠢᠭᠲᠠ ᠬᠠᠮᠵᠢᠯᠴᠠᠨ᠂ | ᠬᠠᠮᠲᠤᠷᠠᠨ ᠬᠢᠨᠠᠬᠤ ᠬᠠᠮᠲᠤᠷᠠᠨ ᠵᠥᠪᠰᠢᠶᠡᠷᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠴᠢᠬᠤᠯᠠ ᠶᠡᠭᠡ | ᠲᠥᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠬᠡᠵᠦ᠂ ᠲᠥᠷᠦᠯ ᠵᠦᠢᠯ ᠤᠨ ᠡᠷᠲᠡ ᠪᠠᠷᠢᠯᠭ᠎ᠠ | ᠳᠠᠭᠤᠰᠬᠤ᠂ ᠡᠷᠲᠡ ᠠᠰᠢᠭᠯᠠᠯᠲᠠ ᠳᠤ ᠣᠷᠣᠬᠤ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠲᠦᠷᠭᠡᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠬᠦ ᠬᠡᠷᠡᠭᠳᠡᠢ᠃ | ᠵᠣᠬᠢᠶᠠᠭᠴᠢ᠄ ᠴᠢ ᠷᠦᠢ ᠶᠢᠨ | ᠣᠷᠴᠢᠭᠤᠯᠣᠭᠴᠢ᠄ ᠰᠡᠴᠡᠩᠭᠤᠸ᠎ᠠ |