ᠭᠤᠤ ᠶᠦᠩ ᠪᠢᠨ ᠨᠠᠷ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-27
          ᠭᠤᠤ ᠶᠦᠩ ᠪᠢᠨ ᠨᠠᠷ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ           ᠬᠢᠵᠠᠭᠠᠷᠯᠠᠬᠤ ᠠᠵᠢᠯ ᠪᠠ ᠠᠵᠢᠯ ᠢᠶᠠᠨ ᠰᠡᠷᠭᠦᠭᠡᠵᠦ ᠤᠶᠢᠯᠡᠳᠪᠤᠷᠢᠯᠡᠯ ᠢᠶᠠᠨ ᠰᠡᠷᠭᠦᠭᠡᠭᠰᠡᠨ           ᠪᠠᠶᠢᠳᠠᠯ ᠢ ᠪᠠᠶᠢᠴᠠᠭᠠᠨ ᠰᠤᠳᠤᠯᠪᠠ    3 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠶᠦᠩ ᠪᠢᠨ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠤᠶᠢᠯᠡᠳᠪᠤᠷᠢᠯᠡᠯ ᠢᠶᠠᠨ ᠰᠡᠷᠭᠦᠭᠡᠬᠦ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠣᠷᠳᠣᠨ ᠤ ᠳᠡᠳ᠋ ᠬᠤᠰᠢᠭᠤᠨ ᠤ ᠳᠠᠷᠤᠭ᠎ᠠ ᠬᠤᠤ ᠶᠠᠨ ᠹᠧᠩ᠂ ᠾᠧ ᠶᠢᠩ ᠽᠢ᠂ ᠬᠥ᠋ ᠵᠢᠤᠢ ᠯᠦᠩ ᠵᠢᠴᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠲᠡᠮᠦᠷᠲᠡᠶ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠣᠳᠣᠬᠠᠨ ᠳᠤ ᠬᠤᠯᠤᠭᠠᠨ᠎ᠠ ᠶᠢᠨ ᠦᠷᠡᠵᠢᠯ ᠤᠨ ᠣᠷᠭᠢᠯ ᠦᠶ᠎ᠡ ᠪᠠᠶᠢᠵᠤ᠂ ᠮᠥᠨ ᠴᠦ ᠬᠤᠯᠤᠭᠠᠨ᠎ᠠ ᠶᠢᠨ ᠬᠢᠵᠢᠭ ᠣᠯᠠᠨ ᠳᠡᠯᠭᠡᠷᠡᠬᠦ ᠤᠯᠠᠷᠢᠯ ᠪᠣᠯᠤᠨ᠎ᠠ᠃ ᠭᠤᠤ ᠶᠦᠩ ᠪᠢᠨ ᠨᠠᠷ ᠲᠡᠮᠦᠷᠲᠡᠶ ᠪᠠᠯᠭᠠᠰᠤᠨ ᠤ ᠬᠤᠯᠤᠭᠠᠨ᠎ᠠ ᠶᠢᠨ ᠬᠢᠵᠢᠭᠲᠦ ᠣᠷᠣᠨ ᠤ ᠡᠮᠦᠨ᠎ᠡ ᠹᠷᠣᠨᠲ ᠲᠤ ᠬᠦᠨᠵᠡᠭᠡᠶᠢᠷᠡᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯᠲᠠᠨ ᠪᠣᠯᠤᠨ ᠬᠢᠵᠢᠭᠲᠦ ᠴᠡᠭ ᠤᠨ ᠠᠵᠢᠯᠲᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠪᠴᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠣᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠡᠮᠦᠨ᠎ᠡ ᠹᠷᠣᠨᠲ ᠤᠨ ᠬᠥᠮᠦᠰ ᠤᠨ ᠬᠤᠪᠢ ᠬᠥᠮᠦᠨ ᠤ ᠬᠠᠮᠠᠭᠠᠯᠠᠯᠲᠠ ᠪᠠ ᠠᠷᠤ ᠲᠠᠯ᠎ᠠ ᠶᠢᠨ ᠤᠶᠢᠯᠡᠴᠢᠯᠡᠬᠡᠨ ᠤ ᠪᠠᠳᠤᠯᠭ᠎ᠠ ᠶᠢ ᠰᠠᠶᠢᠲᠤᠷ ᠬᠢᠬᠦ ᠬᠡᠷᠡᠭᠲᠡᠶ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃    ᠳᠠᠷᠠᠭ᠎ᠠ ᠨᠢ᠂ ᠭᠤᠤ ᠶᠦᠩ ᠪᠢᠨ ᠨᠠᠷ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠤᠯᠤᠨ ᠵᠥᠩ ᠯᠢᠶᠠᠨ ᠱᠦᠢᠨᠢ ᠶᠢᠨ ᠤᠶᠢᠯᠡᠳᠪᠤᠷᠢ ᠳᠤ ᠬᠦᠷᠴᠦ᠂ ᠠᠵᠢᠯ ᠤᠨ ᠪᠠᠶᠢᠷᠢ ᠳᠠᠭᠠᠨ ᠪᠤᠴᠠᠭᠰᠠᠨ ᠠᠵᠢᠯᠲᠠᠨ ᠤ ᠶᠡᠷᠤᠩᠭᠡᠢ ᠲᠤᠭ᠎ᠠ᠂ ᠠᠵᠢᠯ ᠰᠡᠷᠭᠦᠭᠡᠬᠦ᠂ ᠬᠤᠭᠤᠯᠠ ᠢᠳᠡᠵᠦ ᠬᠤᠨᠣᠬᠤ᠂ ᠤᠶᠢᠯᠡᠳᠪᠤᠷᠢᠯᠡᠯ ᠠᠵᠢᠯᠯᠠᠭᠠᠨ ᠵᠢᠴᠢ ᠠᠵᠤ ᠠᠬᠤᠶᠢᠯᠠᠯ ᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤ ᠠᠵᠤ ᠠᠬᠤᠶᠢᠯᠠᠯ ᠤᠨ ᠤᠶᠢᠯᠡᠳᠪᠤᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠬᠤ ᠳᠤᠮᠳᠠ᠂ ᠠᠵᠢᠯ ᠢᠶᠠᠨ ᠰᠡᠷᠭᠦᠭᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠢᠶᠠᠨ ᠰᠡᠷᠭᠦᠭᠡᠬᠦ ᠪᠠ ᠤᠶᠢᠯᠡᠳᠪᠤᠷᠢᠯᠡᠯ ᠢᠶᠠᠨ ᠰᠡᠷᠭᠦᠭᠡᠬᠦ ᠳᠤᠮᠳᠠ ᠲᠤᠯᠭᠠᠷᠠᠭᠰᠠᠨ ᠡᠯ᠎ᠡ ᠵᠤᠶᠢᠯ ᠤᠨ ᠬᠦᠴᠢᠷ ᠪᠡᠷᠬᠡᠰᠢᠶᠡᠯ ᠢ ᠬᠠᠪᠰᠤᠷᠤᠨ ᠰᠢᠢᠳᠪᠤᠷᠢᠯᠡᠵᠤ᠂ ᠠᠵᠢᠯ ᠢᠶᠠᠨ ᠰᠡᠷᠭᠦᠭᠡᠬᠦ ᠤᠶᠢᠯᠡᠳᠪᠤᠷᠢᠯᠡᠯ ᠤᠨ ᠬᠡᠪ ᠤᠨ ᠡᠮᠬᠢ ᠳᠢᠭᠯᠢᠮ ᠳᠤ ᠣᠷᠣᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠶ᠃                                                            ᠵᠣᠬᠢᠶᠠᠭᠴᠢ᠄ ᠯᠢ ᠰᠢᠤᠸᠠᠨ                                                            ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号