ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠢᠬᠤᠯᠠ ᠶᠡᠭᠡ ᠲᠥᠷᠥᠯ ᠵᠤᠶᠢᠯ ᠢ ᠲᠥᠪᠯᠡᠷᠡᠭᠦᠯᠦᠨ ᠪᠣᠭᠤᠮᠲᠠ ᠰᠢᠪᠲᠤᠯᠠᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-03-30
              ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠢᠬᠤᠯᠠ ᠶᠡᠭᠡ ᠲᠥᠷᠥᠯ ᠵᠤᠶᠢᠯ ᠢ               ᠲᠥᠪᠯᠡᠷᠡᠭᠦᠯᠦᠨ ᠪᠣᠭᠤᠮᠲᠠ ᠰᠢᠪᠲᠤᠯᠠᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ      ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠢ ᠠᠷᠭᠠᠴᠠᠬᠤ ᠶᠢᠨ ᠲᠥᠯᠥᠭᠡ᠂ ᠤᠯᠤᠰ ᠠᠴᠠ ᠨᠡᠶᠢᠲᠡᠯᠡᠭᠰᠡᠨ ᠠᠯᠢ ᠣᠯᠠᠨ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡᠨ ᠳᠤ ᠰᠡᠳᠡᠯᠲᠡ ᠥᠭᠬᠦ᠂ ᠠᠵᠢᠯ ᠤᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ᠂ ᠠᠷᠠᠳ ᠤᠨ ᠠᠮᠢᠳᠤᠷᠠᠯ ᠢ ᠪᠠᠲᠤᠯᠠᠬᠤ᠂ ᠠᠯᠤᠰ ᠬᠡᠲᠦ ᠳᠤ ᠠᠰᠢᠭᠲᠠᠢ᠂ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠢ ᠢᠳᠡᠪᠬᠢᠲᠠᠢ ᠲᠡᠮᠡᠴᠡᠨ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠤ ᠳᠤᠮᠳᠠ ᠤᠷᠤᠭᠰᠢᠯᠠᠨ ᠬᠥᠭᠵᠢᠬᠦ ᠶᠢ ᠠᠬᠢᠭᠤᠯᠤᠨ᠎ᠠ᠃ 3 ᠰᠠᠷ᠎ᠠ ᠶᠢᠨ ᠳᠤᠮᠳᠠᠴᠢ ᠠᠴᠠ 4 ᠰᠠᠷ᠎ᠠ ᠶᠢᠨ ᠳᠤᠮᠳᠠᠴᠢ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠢᠬᠤᠯᠠ ᠶᠡᠭᠡ ᠲᠥᠷᠥᠯ ᠵᠣᠶᠢᠯ ᠤᠨ ᠲᠥᠪᠯᠡᠷᠡᠭᠦᠯᠦᠨ ᠪᠣᠭᠤᠮᠲᠠ ᠰᠢᠪᠲᠤᠯᠬᠤ ᠰᠠᠷ᠎ᠠ ᠶᠢᠨ ᠠᠵᠢᠯᠯᠠᠭ᠎ᠠ ᠶᠢ ᠦᠷᠨᠢᠬᠦᠯᠦᠨ᠎ᠡ᠃    ᠲᠣᠰ ᠤᠳᠠᠭᠠᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠰᠠᠷ᠎ᠠ ᠶᠢᠨ ᠠᠵᠢᠯᠯᠠᠭ᠎ᠠ ᠨᠢ 2020 ᠣᠨ ᠳᠤ ᠪᠥᠬᠦ ᠬᠤᠰᠢᠭᠤᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ ᠵᠣᠶᠢᠯ ᠪᠠ ᠵᠠᠰᠠᠭ ᠤᠨ ᠣᠷᠳᠣᠨ ᠤ ᠠᠪᠴᠠᠭᠠᠨ ᠤ ᠡᠷᠬᠡ ᠶᠢᠨ ᠲᠥᠷᠥᠯ ᠤᠨ ᠲᠥᠷᠥᠯ ᠵᠣᠶᠢᠯ ᠢ ᠳᠥᠯᠭᠢᠨ ᠠᠬᠢᠭᠤᠯᠬᠤ ᠪᠠᠶᠢᠳᠠᠯ ᠳᠤ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠵᠦ᠂ ᠴᠢᠬᠤᠯᠠ ᠶᠡᠭᠡ ᠲᠥᠷᠥᠯ ᠵᠤᠶᠢᠯ ᠤᠨ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠬᠦ ᠡᠯ᠎ᠡ ᠲᠥᠷᠥᠯ ᠤᠨ ᠠᠰᠠᠭᠤᠳᠠᠯ ᠢ ᠲᠦᠪᠯᠡᠷᠡᠬᠦᠯᠦᠨ ᠰᠢᠢᠳᠪᠤᠷᠢᠯᠡᠵᠤ᠂ ᠬᠤᠰᠢᠭᠤᠨ ᠤ ᠨᠠᠩ ᠣᠯᠠᠨ ᠲᠥᠷᠥᠯ ᠵᠣᠶᠢᠯ ᠢ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠦᠨ ᠳᠠᠭᠠᠭᠤᠯᠬᠤ ᠤᠶᠢᠯᠡᠳᠤᠯ ᠢ ᠬᠦᠢᠴᠡᠳ ᠪᠠᠳᠠᠷᠠᠭᠤᠯᠤᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠲᠦᠷᠭᠡᠨ ᠥᠷᠭᠡᠳᠬᠡᠵᠦ᠂ ᠠᠵᠤ ᠠᠬᠤᠶ ᠶᠢ ᠪᠦᠲᠦᠮᠵᠢᠲᠡᠶ ᠳᠠᠶᠢᠴᠢᠯᠠᠬᠤ ᠬᠦᠴᠦᠨ ᠢ ᠪᠣᠶ ᠪᠣᠯᠭᠠᠨ᠎ᠠ᠃ ᠲᠥᠪᠯᠡᠷᠡᠭᠦᠯᠦᠨ ᠪᠣᠭᠤᠮᠲᠠ ᠰᠢᠪᠲᠤᠯᠬᠤ ᠰᠠᠷ᠎ᠠ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠦᠯᠦᠬᠡ᠂ ᠠᠵᠢᠯᠯᠠᠭ᠎ᠠ ᠨᠢ ᠬᠤᠰᠢᠭᠤ ᠱᠠᠲᠤᠨ ᠤ ᠤᠳᠤᠷᠢᠳᠤᠯᠭ᠎ᠠ ᠲᠦᠷᠦᠭᠦᠯᠡᠨ ᠮᠠᠩᠯᠠᠶᠢᠯᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠬᠠᠮᠵᠢᠯᠴᠠᠨ ᠠᠬᠢᠭᠤᠯᠵᠤ᠂ ᠲᠥᠪᠯᠡᠷᠡᠭᠦᠯᠦᠨ ᠵᠣᠬᠢᠴᠠᠭᠤᠯᠬᠤ ᠵᠣᠶᠢᠯᠡᠰ ᠪᠣᠳᠠᠲᠠᠶ᠂ ᠬᠠᠷᠢᠭᠤᠴᠠᠯᠭᠠᠲᠤ ᠨᠢᠭᠡᠴᠡ ᠲᠣᠳᠣᠷᠬᠠᠶ᠂ ᠳᠠᠭᠠᠵᠤ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠬᠦᠯᠵᠤ᠂ ᠲᠥᠷᠥᠯ ᠵᠤᠶᠢᠯ ᠢ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠠᠯᠢ ᠣᠯᠠᠨ ᠠᠰᠠᠭᠤᠳᠠᠯ ᠢ ᠠᠬᠢᠭᠤᠯᠤᠨ᠂ ᠲᠦᠪᠯᠡᠷᠡᠬᠦᠯᠦᠨ ᠡᠮᠬᠢᠯᠡᠵᠦ᠂ ᠲᠥᠪᠯᠡᠷᠡᠭᠦᠯᠦᠨ ᠲᠣᠬᠢᠷᠠᠭᠤᠯᠵᠤ᠂ ᠲᠥᠪᠯᠡᠷᠡᠭᠦᠯᠦᠨ ᠰᠢᠢᠳᠪᠤᠷᠢᠯᠡᠬᠦ ᠬᠡᠷᠡᠭᠲᠡᠶ᠃ ᠣᠳᠣᠬᠠᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢᠭᠡᠨᠲᠡ 3 ᠰᠠᠷ᠎ᠠ ᠶᠢᠨ 14 ᠤ ᠡᠳᠦᠷ ᠪᠠ 3 ᠰᠠᠷ᠎ᠠ ᠶᠢᠨ 20 ᠤ ᠡᠳᠦᠷ ᠲᠣᠰ ᠲᠣᠰ ᠬᠤᠶᠠᠷ ᠭᠠᠷᠠᠭ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠤᠬᠢᠷᠠᠭᠤᠯᠤᠯᠲᠠ ᠶᠢᠨ ᠦᠷ᠎ᠡ ᠪᠦᠲᠦᠮᠵᠢ ᠨᠢ ᠰᠠᠶᠢᠨ ᠪᠠᠶᠢᠨ᠎ᠠ᠂ ᠪᠥᠬᠦ ᠬᠤᠰᠢᠭᠤ 63 ᠭᠤᠤᠯᠳᠠᠯᠭ᠎ᠠ ᠲᠠᠢ ᠨᠥᠭᠡᠴᠡᠯᠡᠬᠦ ᠲᠥᠷᠥᠯ ᠵᠣᠶᠢᠯ ᠢ ᠭᠤᠶᠤᠴᠢᠯᠠᠨ ᠮᠡᠳᠡᠭᠦᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠤᠶᠢᠯᠡᠰ ᠪᠠ ᠨᠡᠶᠢᠭᠡᠮ ᠠᠷᠠᠳ ᠤᠨ ᠠᠮᠢᠳᠤᠷᠠᠯ ᠤᠨ ᠤᠶᠢᠯᠡᠰ ᠤᠨ ᠡᠯ᠎ᠡ ᠬᠦᠷᠢᠶ᠎ᠡ ᠶᠢ ᠬᠠᠮᠤᠷᠴᠠᠶ᠃                                                         ᠵᠣᠬᠢᠶᠠᠭᠴᠢ᠄ ᠯᠢ ᠰᠢᠶᠣᠣ ᠶᠤᠸᠠᠨ                                                         ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号