ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠩᠬ᠎ᠠ ᠭᠤᠷᠪᠡ᠂ ᠲᠡᠭᠡᠳᠦ | ᠭᠤᠷᠪᠡ ᠶᠢᠨ ᠰᠣᠷᠣᠭᠴᠢᠳ ᠰᠣᠷᠭᠠᠭᠤᠯᠢ ᠡᠬᠢᠯᠡᠪᠡ | | ᠬᠠᠪᠤᠷ ᠬᠦᠷᠴᠦ ᠢᠷᠡᠵᠦ ᠲᠦᠮᠡᠨ ᠪᠣᠳᠠᠰ ᠠᠮᠢᠯᠠᠨ᠎ᠠ᠃ ᠮᠠᠷᠲᠠᠭᠳᠠᠰᠢ ᠥᠬᠡᠶ ᠪᠥᠭᠡᠳ ᠣᠷᠳᠣ ᠬᠤᠭᠤᠴᠠᠭᠠᠨ ᠤ | ᠡᠪᠦᠯ ᠤᠨ ᠠᠮᠠᠷᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ 3 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠣᠷᠭᠠᠭᠤᠯᠢ ᠶᠢᠨ ᠭᠤᠷᠪᠠᠳᠤᠭᠠᠷ ᠣᠨ᠂ ᠥᠨᠳᠥᠷ | ᠵᠡᠷᠭᠡ ᠶᠢᠨ ᠭᠤᠷᠪᠠᠳᠤᠭᠠᠷ ᠣᠨ ᠤ ᠰᠤᠷᠤᠭᠴᠢᠳ ᠰᠤᠷᠭᠠᠭᠤᠯᠢ ᠡᠬᠢᠯᠡᠵᠦ ᠬᠢᠴᠢᠶᠡᠯ ᠰᠡᠷᠭᠦᠵᠦ᠂ ᠬᠡᠷ ᠲᠤ ᠪᠠᠨ | ᠰᠠᠭᠤᠬᠤ ᠴᠠᠭ ᠮᠥᠴᠡ ᠠᠴᠠ ᠵᠢᠩᠬᠢᠨᠢ ᠪᠠᠷ ᠰᠠᠯᠵᠤ᠂ ᠤᠳᠠᠭᠠᠨ ᠠᠭᠤᠯᠵᠠᠭᠰᠠᠨ ᠥᠬᠡᠶ ᠰᠤᠷᠭᠠᠭᠤᠯᠢ ᠶᠢᠨ | ᠬᠦᠷᠢᠶᠡᠨ ᠤ ᠠᠮᠢᠳᠤᠷᠠᠯ ᠢᠶᠠᠨ ᠡᠬᠢᠯᠡᠭᠦᠯᠪᠡ᠃ | 29 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ᠂ ᠳᠡᠭᠡᠳᠦ ᠵᠡᠷᠭᠡ ᠶᠢᠨ | ᠭᠤᠷᠪᠠᠳᠤᠭᠠᠷ ᠣᠨ ᠤ ᠪᠠᠭᠰᠢ ᠶᠢ ᠵᠣᠬᠢᠶᠠᠨ ᠪᠠᠶᠢᠭᠤᠯᠵᠤ 2019 — 2020 ᠣᠨ ᠤ ᠰᠤᠷᠤᠯᠭ᠎ᠠ ᠶᠢᠨ ᠣᠨ ᠤ | ᠬᠤᠶᠠᠳᠤᠭᠠᠷ ᠬᠤᠭᠤᠴᠠᠭᠠᠨ ᠤ ᠰᠤᠷᠭᠠᠭᠤᠯᠢ ᠡᠬᠢᠯᠡᠬᠦ ᠠᠵᠢᠯ ᠤᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠵᠤ᠂ ᠬᠢᠴᠢᠶᠡᠯ ᠰᠡᠷᠭᠦᠭᠡᠭᠰᠡᠨ ᠤ ᠳᠠᠷᠠᠭᠠᠬᠢ | ᠪᠣᠳᠠᠲᠠᠶ ᠠᠵᠢᠯ ᠵᠢᠴᠢ ᠠᠩᠬᠠᠷᠬᠤ ᠵᠣᠶᠢᠯᠡᠰ ᠢ ᠳᠣᠭᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠵᠢᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠣᠯᠳᠠᠢ | ᠪᠠᠶᠢᠷᠢᠯᠠᠭᠤᠯᠤᠯᠲᠠ ᠶᠢ ᠦᠨᠳᠦᠰᠦᠯᠡᠨ᠂ ︽ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠵᠢᠯ ᠤᠨ ᠲᠥᠰᠦᠯ︾ ᠤᠨ | ᠱᠠᠭᠠᠷᠳᠠᠯᠭ᠎ᠠ ᠶᠣᠰᠣᠭᠠᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠭᠤᠷᠪᠠᠳᠤᠭᠠᠷ ᠣᠨ᠂ ᠥᠨᠳᠥᠷ ᠵᠡᠷᠭᠡ ᠶᠢᠨ ᠭᠤᠷᠪᠠᠳᠤᠭᠠᠷ ᠣᠨ ᠤ ᠰᠤᠷᠤᠭᠴᠢᠳ ᠣᠷᠭᠢᠯ ᠳᠤ | ᠬᠦᠷᠴᠦ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠪᠦᠯᠦᠭ ᠬᠤᠪᠢᠶᠠᠨ ᠰᠤᠷᠭᠠᠭᠤᠯᠢ ᠳᠤ ᠣᠷᠣᠨ᠎ᠠ᠃ ᠡᠨᠡ ᠤᠳᠠᠭ᠎ᠠ | ᠰᠤᠷᠭᠠᠭᠤᠯᠢ ᠡᠬᠢᠯᠡᠬᠦ ᠳᠤ᠂ ᠬᠡᠷ ᠤᠨ ᠠᠬᠠᠮᠠᠳ ᠰᠤᠷᠭᠠᠭᠤᠯᠢᠶᠢᠨ ᠬᠦᠷᠢᠶᠡᠨ ᠳᠤ ᠣᠷᠣᠵᠤ ᠪᠣᠯᠬᠤ ᠦᠭᠡᠢ᠂ ᠨᠡᠷ᠎ᠡ | ᠮᠡᠳᠡᠭᠦᠯᠬᠦ ᠳᠡᠭᠡᠨ ᠪᠦᠷ ᠥᠪᠡᠰᠦᠪᠡᠨ ᠣᠷᠣ ᠳᠡᠪᠢᠰᠬᠡᠷ ᠢᠶᠠᠨ ᠴᠢᠷᠴᠦ᠂ ᠠᠮᠠᠪᠴᠢ ᠵᠡᠭᠦᠵᠦ᠂ ᠨᠢᠭᠡ ᠮᠧᠲᠷ | ᠠᠯᠤᠰᠯᠠᠭᠠᠳ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠶᠢ ᠬᠦᠯᠢᠶᠡᠵᠦ᠂ ᠠᠵᠢᠯᠲᠠᠳ ᠠᠴᠢᠶ᠎ᠠ ᠲᠡᠭᠡᠭᠡᠰᠢ ᠢ ᠪᠥᠬᠦ | ᠲᠠᠯ᠎ᠠ ᠪᠠᠷ ᠠᠷᠢᠭᠤᠳᠬᠠᠭᠰᠠᠨ ᠤ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠤᠷᠭᠠᠭᠤᠯᠢ ᠳᠤ ᠣᠷᠣᠵᠤ ᠪᠣᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ | ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠥᠬᠦ | ᠬᠤᠰᠢᠭᠤᠨ ᠤ ᠡᠯ᠎ᠡ ᠰᠤᠷᠭᠠᠭᠤᠯᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ | ᠶᠢ ᠴᠢᠩᠭ᠎ᠠ ᠵᠢᠷᠤᠮᠯᠠᠨ᠂ ᠨᠢᠭᠡᠳᠦᠯᠲᠡᠶ ᠲᠥᠯᠥᠪᠵᠢᠭᠦᠯᠦᠨ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠨ | ᠨᠢᠮᠪᠠᠶ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠦᠢᠴᠡᠳ ᠬᠡᠮᠵᠢᠶᠡᠨ ᠤ ᠡᠳ᠋ ᠪᠣᠳᠠᠰ ᠢ ᠨᠥᠭᠡᠴᠡᠯᠡᠵᠦ᠂ ᠪᠢᠳᠡᠭᠦᠮᠵᠢᠯᠡᠨ ᠬᠠᠮᠢᠶᠠᠷᠬᠤ ᠵᠠᠭᠪᠤᠷ ᠢ | ᠬᠡᠷᠡᠭᠯᠡᠨ᠂ ᠴᠠᠭ ᠨᠢ ᠵᠥᠷᠢᠭᠰᠡᠨ᠂ ᠤᠷᠬᠢᠯ ᠨᠢ ᠵᠥᠷᠢᠭᠦᠯᠦᠨ ᠬᠤᠭᠤᠯᠠᠯᠠᠬᠤ ᠲᠦᠷᠢᠮ ᠢ ᠬᠡᠷᠡᠭᠵᠢᠭᠦᠯᠵᠦ᠂ ᠤᠰᠠᠳᠬᠠᠨ | ᠠᠷᠢᠯᠭᠠᠬᠤ᠂ ᠰᠠᠯᠬᠢ ᠨᠡᠪᠲᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠬᠠᠮᠲᠤ᠂ ᠰᠤᠷᠭᠠᠭᠤᠯᠢ ᠶᠢᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠠᠵᠢᠯ ᠤᠨ ᠡᠮᠬᠢ ᠵᠢᠷᠤᠮ ᠲᠠᠢ ᠬᠥᠭᠵᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠡᠯ᠎ᠡ ᠰᠤᠷᠭᠠᠭᠤᠯᠢ ᠪᠠᠰᠠ ᠲᠤᠰᠬᠠᠶ ᠬᠥᠮᠦᠨ ᠲᠣᠬᠢᠷᠠᠭᠤᠯᠵᠤ ᠬᠢᠴᠢᠶᠡᠯ ᠤᠨ ᠭᠡᠷ᠂ | ᠠᠰᠠᠷ ᠤᠨ ᠵᠠᠮ᠂ ᠠᠷᠢᠭᠤᠨ ᠴᠡᠪᠡᠷ ᠤᠨ ᠥᠷᠥᠭᠡ᠂ ᠪᠠᠶᠢᠷᠢ᠂ ᠬᠤᠭᠤᠯᠠᠨ ᠭᠡᠷ᠂ ᠬᠤᠭ ᠨᠣᠪᠰᠢ ᠶᠢᠨ ᠴᠢᠭ ᠵᠡᠷᠭᠡ ᠶᠢ | ᠪᠦᠬᠦ ᠲᠠᠯ᠎ᠠ ᠪᠠᠷ ᠠᠷᠢᠭᠤᠳᠬᠠᠪᠠ᠃ 3 ᠰᠠᠷ᠎ᠠ ᠶᠢᠨ 30 ᠤ ᠡᠳᠦᠷ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ᠂ | ᠳᠡᠭᠡᠳᠦ ᠳᠤᠮᠳᠠᠳᠤ ᠶᠢᠨ ᠭᠤᠷᠪᠠᠳᠤᠭᠠᠷ ᠣᠨ ᠵᠢᠩᠬᠢᠨᠢ ᠪᠠᠷ ᠬᠢᠴᠢᠶᠡᠯ ᠣᠷᠣᠵᠤ ᠡᠬᠢᠯᠡᠪᠡ᠃ | ᠵᠣᠬᠢᠶᠠᠭᠴᠢ᠄ ᠪᠣᠣ ᠯᠦᠩ | ᠣᠷᠴᠢᠭᠤᠯᠣᠭᠴᠢ᠄ ᠰᠡᠴᠡᠩᠭᠤᠸ᠎ᠠ | |