ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠡᠷᠲᠡ ᠪᠠᠶᠢᠷᠢᠯᠠᠭᠤᠯᠤᠨ ᠢᠳᠡᠪᠬᠢᠲᠡᠶ | ᠰᠠᠶᠢᠲᠤᠷ ᠬᠢᠬᠦ ᠬᠡᠷᠡᠭᠲᠡᠶ | | ᠬᠠᠪᠤᠷ ᠠᠴᠠ ᠨᠠᠰᠢ᠂ ᠮᠠᠨ ᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ | ᠲᠦᠭᠰᠢᠭᠦᠷᠢᠲᠡᠶ ᠬᠤᠭᠤᠴᠠᠭᠠᠨ ᠳᠤ ᠣᠷᠣᠵᠤ᠂ ᠭᠠᠯ ᠤᠨ ᠠᠶᠤᠯ ᠤᠨ ᠵᠡᠷᠭᠡ ᠳᠡᠰ ᠦᠷᠭᠦᠯᠵᠢᠯᠡᠨ ᠳᠡᠭᠡᠭᠰᠢᠯᠡᠪᠡ᠃ | ᠡᠯ᠎ᠡ ᠵᠦᠢᠯ ᠤᠨ ᠰᠢᠯᠲᠠᠭᠠᠨ ᠠᠴᠠ ᠪᠣᠯᠤᠭᠰᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠵᠢᠯ ᠢ | ᠰᠡᠷᠭᠡᠶᠢᠯᠡᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠷᠲᠡ ᠬᠥᠳᠡᠯᠦᠯᠴᠡᠵᠦ ᠡᠷᠲᠡ | ᠪᠠᠶᠢᠷᠢᠯᠠᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠬᠡᠶᠢᠯᠡᠬᠦ ᠠᠵᠢᠯ ᠢ ᠢᠳᠡᠪᠬᠢᠲᠡᠢ | ᠰᠠᠶᠢᠳᠤᠷ ᠬᠢᠪᠡ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠣᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠦᠰᠦᠭ ᠵᠢᠷᠤᠪᠠ᠃ ᠰᠤᠮᠤ ᠰᠢᠶᠠᠩ ᠪᠠᠯᠭᠠᠰᠤ ᠶᠢᠨ | ᠬᠤᠭᠤᠷᠣᠨᠳᠣᠬᠢ ᠪᠠ ᠡᠯ᠎ᠡ ᠭᠠᠴᠠᠭ᠎ᠠ ᠲᠣᠰᠬᠤᠨ ᠤ ᠬᠤᠭᠤᠷᠣᠨᠳᠣᠬᠢ ᠬᠠᠮᠲᠤᠷᠠᠨ ᠰᠡᠷᠭᠡᠶᠢᠯᠡᠬᠦ ᠵᠢᠴᠢ ᠬᠤᠯᠪᠣᠭᠳᠠᠯ | ᠪᠦᠬᠦᠢ ᠨᠢᠭᠡᠴᠡ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠭᠠᠯ ᠤᠨ ᠠᠶᠤᠯ ᠭᠠᠷᠪᠠᠯ ᠴᠠᠭ | ᠲᠤᠬᠠᠶ ᠳᠤᠨᠢ ᠬᠥᠮᠦᠰ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠢ ᠰᠢᠭᠤᠶ | ᠬᠠᠮᠠᠭᠠᠯᠠᠭᠴᠢ ᠶᠢ ᠰᠢᠮᠳᠠᠭᠤᠯᠤᠨ ᠵᠢᠯᠣᠭᠤᠳᠴᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ᠂ ᠬᠠᠷᠢᠭᠤᠴᠠᠯᠭᠠᠲᠤ | ᠣᠷᠣᠨ ᠪᠦᠰᠡ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ ᠬᠢᠯᠭᠡᠵᠦ᠂ ᠡᠬᠢ ᠡᠭᠦᠰᠦᠯ ᠤᠨ | ᠪᠣᠭᠤᠮᠲᠠ ᠶᠢ ᠰᠠᠶᠢᠲᠤᠷ ᠡᠵᠡᠮᠳᠡᠵᠦ᠂ ᠡᠭᠦᠷᠭᠡ ᠲᠣᠳᠣᠷᠬᠠᠶ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠭᠠᠯ ᠤᠨ ᠠᠶᠤᠯ ᠪᠠ ᠠᠮᠤᠷ ᠳᠦᠪᠰᠢᠨ ᠤ ᠠᠵᠢᠯ ᠭᠠᠷᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠬᠤ ᠬᠡᠷᠡᠭᠲᠡᠶ᠃ | ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠶᠡᠭᠡ ᠪᠦᠷᠢᠶ᠎ᠡ ᠵᠡᠷᠭᠡ ᠳᠠᠭᠤᠲᠤ | ᠵᠠᠭᠤᠴᠢᠯᠠᠭᠤᠷ ᠪᠣᠯᠤᠨ ᠣᠬᠤᠷ ᠮᠡᠳᠡᠭᠡ᠂ ᠸᠢᠴᠠᠲ ᠤᠨ ᠪᠦᠯᠦᠭᠯᠡᠯ᠂ ᠣᠯᠠᠨ ᠨᠡᠶᠢᠳᠡ ᠶᠢᠨ ᠳ᠋ᠤᠭᠠᠷ ᠢ ᠠᠰᠢᠭᠯᠠᠨ ᠣᠢ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠬᠦᠯᠬᠦ ᠬᠡᠷᠡᠭᠲᠡᠶ᠃ ᠢᠯᠠᠩᠭᠤᠶ᠎ᠠ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠶᠢᠨ ᠬᠠᠮᠲᠤ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠬᠥᠮᠦᠰ ᠬᠤᠷᠠᠵᠤ ᠴᠤᠭᠯᠠᠷᠠᠬᠤᠶᠢ ᠪᠠᠭᠠᠰᠬᠠᠬᠤ ᠶᠢᠨ ᠲᠥᠯᠥᠭᠡ᠂ ᠭᠤᠤᠯᠳᠠᠭᠤ ᠰᠦᠯᠵᠢᠶᠡᠨ | ᠳᠡᠭᠡᠷᠡᠬᠢ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠳᠤ ᠰᠡᠷᠭᠡᠶᠢᠯᠡᠨ ᠬᠠᠮᠠᠭᠠᠯᠠᠬᠤ | ᠮᠡᠳᠡᠯᠭᠡ ᠶᠢ ᠤᠬᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ︽ᠠᠮᠢᠵᠢᠷᠠᠯ ᠤᠨ ᠬᠦᠴᠦᠨ ᠪᠠ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︾ ᠪᠠᠷ ᠳᠠᠮᠵᠢᠭᠤᠯᠤᠨ ︽ᠣᠢ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠯᠲᠡ ᠶᠢ ᠦᠨᠡᠨ ᠬᠦ ᠰᠠᠶᠢᠲᠤᠷ ᠬᠢᠵᠦ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠳᠤ ᠥᠭᠭᠦᠭᠰᠡᠨ | ᠵᠠᠬᠢᠳᠠᠯ︾ ᠢ ᠬᠦᠷᠭᠡᠵᠤ᠂ ︽ᠪᠣᠯᠪᠠᠰᠤᠨ ᠢᠶᠠᠷ ᠲᠠᠬᠢᠯᠭ᠎ᠠ ᠬᠢᠵᠦ᠂ ᠰᠡᠳᠬᠢᠯ ᠨᠢᠭᠡᠳᠦᠨ ᠬᠢᠵᠢᠭ ᠲᠠᠶᠢᠨ ᠬᠢᠬᠦ︾ | ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠡᠷᠦᠬᠡ ᠪᠦᠬᠦᠨ ᠮᠡᠳᠡᠵᠦ᠂ ᠬᠥᠮᠦᠨ ᠪᠦᠬᠦᠨ ᠮᠡᠳᠡᠬᠦ ᠪᠠᠷ ᠴᠢᠷᠮᠠᠶᠢᠪᠠ᠃ | ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ᠃ ᠵᠢᠵᠢᠭᠦᠷᠯᠡᠬᠦ ᠳᠦᠷᠢᠮ ᠢ ᠦᠨᠡᠨᠬᠦ ᠴᠢᠩᠭᠠᠳᠬᠠᠵᠤ᠂ | ᠤᠳᠤᠷᠢᠳᠬᠤ ᠺᠠᠳ᠋ᠷ ᠤᠨ 24 ᠴᠠᠭ ᠤᠨ ᠡᠭᠡᠯᠵᠢ ᠳᠠᠭᠠᠭᠤᠯᠬᠤ ᠪᠠ ᠠᠵᠢᠯᠲᠠᠨ ᠢ 24 ᠴᠠᠭ ᠤᠨ ᠪᠠᠴᠢᠮ ᠪᠠᠶᠢᠳᠠᠯ ᠢ | ᠠᠷᠭᠠᠴᠠᠬᠤ ᠵᠢᠵᠢᠭᠦᠷᠯᠡᠨ ᠰᠠᠬᠢᠬᠤ ᠶᠢ ᠨᠠᠶᠢᠳᠠᠪᠤᠷᠢᠵᠢᠭᠤᠯᠬᠤ᠂ ᠭᠡᠨᠡᠳᠲᠡ ᠶᠢᠨ ᠬᠡᠷᠡᠭ ᠢ ᠰᠢᠢᠳᠪᠤᠷᠢᠯᠡᠬᠦ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ ᠡᠯ᠎ᠡ ᠰᠤᠮᠤ ᠰᠢᠶᠠᠩ ᠪᠠᠯᠭᠠᠰᠤ ᠭᠠᠯ ᠨᠣᠴᠣᠭᠠᠬᠤ | ᠪᠠᠭᠠᠵᠢ ᠶᠢ ᠪᠦᠷᠢᠨ ᠬᠦᠢᠴᠡᠳ ᠲᠣᠬᠢᠷᠠᠭᠤᠯᠵᠤ᠂ ᠴᠠᠭᠳᠠᠨ ᠪᠠᠶᠢᠴᠠᠭᠠᠬᠤ ᠡᠩᠨᠡᠭᠡ ᠪᠠᠨ ᠲᠡᠭᠦᠯᠳᠡᠷᠵᠢᠭᠦᠯᠵᠦ᠂ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠢ | ᠰᠠᠶᠢᠲᠤᠷ ᠬᠢᠵᠦ᠂ ᠲᠦᠭᠰᠢᠭᠦᠷᠢ ᠶᠢᠨ ᠪᠠᠶᠢᠳᠠᠯ ᠭᠠᠷᠪᠠᠯ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠬᠦᠷᠴᠦ | ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠵᠣᠬᠢᠶᠠᠭᠴᠢ᠄ ᠴᠢᠯᠠᠭᠤ | ᠣᠷᠴᠢᠭᠤᠯᠣᠭᠴᠢ᠄ ᠡᠷᠳᠡᠨᠢᠴᠢᠮᠡᠭ | | |