ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽ᠭᠤᠷᠪᠠᠨ ᠰᠡᠷᠭᠡᠶᠢᠯᠡᠯᠲᠡ‌‍ᠶᠢᠨ ᠱᠤᠭᠤᠮ︾ ᠢ ᠪᠠᠲᠤ ᠪᠠᠬᠢᠵᠢᠬᠦᠯᠵᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠳᠠᠶᠢᠨ ᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2020-04-13
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽ᠭᠤᠷᠪᠠᠨ ᠰᠡᠷᠭᠡᠶᠢᠯᠡᠯᠲᠡ ᠶᠢᠨ           ᠱᠤᠭᠤᠮ︾ ᠢ ᠪᠠᠲᠤ ᠪᠠᠬᠢᠵᠢᠬᠦᠯᠵᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ           ᠳᠠᠶᠢᠨ ᠢ ᠰᠠᠶᠢᠲᠤᠷ ᠬᠢᠬᠦ ᠬᠡᠷᠡᠭᠲᠡᠶ     ᠥᠪᠡᠷᠲᠡᠭᠡᠨ ᠵᠠᠰᠠᠬᠤ ᠣᠷᠣᠨ ᠤ 57 ᠬᠤᠯᠤᠭᠠᠨ᠎ᠠ ᠶᠢᠨ ᠬᠢᠵᠢᠭ ᠤᠨ ᠡᠭᠦᠰᠦᠯᠲᠡ ᠶᠢᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠮᠠᠭᠲᠠ ᠬᠠᠮᠤᠭ ᠤᠨ ᠲᠤᠯᠭᠠᠮ᠎ᠠ᠂ ᠬᠠᠮᠤᠭ ᠤᠨ ᠴᠢᠬᠤᠯᠠ ᠠᠵᠢᠯ ᠢᠶᠠᠨ ᠢᠮᠠᠭᠲᠠ ᠴᠥᠬᠦᠷᠡᠰᠢ ᠥᠬᠡᠶ ᠠᠳᠬᠤᠭᠰᠠᠭᠠᠷ ᠢᠷᠡᠪᠡ᠃ ᠡᠨᠡ ᠵᠢᠯ ᠠᠴᠠ ᠨᠠᠰᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠷᠲᠡ ᠪᠠᠶᠢᠷᠢᠯᠠᠭᠤᠯᠬᠤ᠂ ᠡᠷᠲᠡ ᠬᠥᠳᠡᠯᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠢᠳᠡᠪᠬᠢᠲᠠᠢ ᠴᠢᠩᠭᠠᠳᠬᠠᠵᠤ᠂ ᠴᠠᠭ ᠲᠤᠬᠠᠶ ᠳᠤᠨᠢ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠴᠠᠭ ᠲᠤᠬᠠᠶ   ᠳᠤᠨᠢ ᠰᠠᠨᠠᠭᠤᠯᠭ᠎ᠠ ᠳᠤᠷᠠᠳᠬᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠪᠥᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠰᠠᠶᠢᠲᠤᠷ ᠰᠠᠬᠢᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠲᠡᠶᠢᠨ ᠢ ᠡᠷᠡᠰ ᠰᠠᠶᠢᠲᠤᠷ ᠬᠢᠬᠦ ᠪᠠᠷ ᠴᠢᠷᠮᠠᠶᠢᠪᠠ᠃     ᠨᠢᠭᠡ ᠳᠤ᠂ ︽ᠬᠤᠯᠤᠭᠠᠨ᠎ᠠ ᠶᠢ ᠬᠥᠮᠦᠨ ᠳᠤ ᠬᠦᠷᠭᠡᠬᠦ︾ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ ᠵᠢᠯ ᠤᠨ ᠳᠣᠲᠣᠷ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ PCR ᠲᠤᠷᠰᠢᠯᠲᠠ ᠶᠢᠨ ᠲᠠᠰᠤᠭ ᠪᠣᠯᠤᠨ ᠲᠡᠮᠦᠷᠲᠡᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠬᠢᠨᠠᠨ ᠬᠡᠮᠵᠢᠵᠦ ᠢᠯᠡᠷᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯᠯᠠᠭ᠎ᠠ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠥᠷᠨᠢᠭᠦᠯᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠣᠢ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢᠶᠠᠷ ᠳᠠᠮᠵᠢᠭᠤᠯᠤᠨ ᠬᠤᠯᠤᠭᠠᠨ᠎ᠠ ᠬᠢᠵᠢᠭ ᠳᠡᠯᠭᠡᠷᠡᠬᠦ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ᠃     ᠬᠤᠶᠠᠷ ᠲᠤ᠂ ︽ᠤᠯᠠᠮᠵᠢᠯᠠᠭᠴᠢ︾ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠨ᠎ᠠ᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠥᠴᠦᠬᠡᠨ ᠴᠦ ᠮᠡᠳᠡᠭᠦᠯᠬᠦ ᠦᠭᠡᠢ ᠪᠠ ᠠᠵᠢᠯ ᠥᠷᠨᠢᠭᠦᠯᠦᠭᠰᠡᠨ ᠪᠠᠶᠢᠳᠠᠯ ᠢ  ᠲᠦᠷᠤ ᠮᠡᠳᠡᠭᠦᠯᠬᠦ ᠳᠦᠷᠢᠮ ᠢ ᠦᠷᠭᠦᠯᠵᠢᠯᠡᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠩᠬ᠎ᠠ ᠡᠮᠴᠢᠯᠡᠬᠦ ᠬᠠᠷᠢᠭᠤᠴᠠᠯᠭ᠎ᠠ ᠶᠢᠨ ᠳᠦᠷᠢᠮ ᠪᠣᠯᠤᠨ ᠤᠷᠢᠳᠴᠢᠯᠠᠨ ᠪᠠᠶᠢᠴᠠᠭᠠᠵᠤ ᠬᠤᠪᠢᠶᠠᠨ ᠡᠮᠨᠡᠬᠦ᠂ ᠡᠪᠡᠳᠴᠢᠲᠡᠨ ᠤ ᠡᠪᠡᠳᠴᠢᠨ ᠦᠵᠡᠭᠦᠯᠬᠦ ᠮᠡᠳᠡᠭᠡ ᠵᠠᠩᠭᠢ ᠶᠢ ᠳᠠᠩᠰᠠᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠬᠤᠯᠤᠭᠠᠨ᠎ᠠ ᠶᠢᠨ ᠬᠢᠵᠢᠭ ᠢ ᠣᠨᠣᠰᠢᠯᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠢᠳᠡᠪᠬᠢᠲᠡᠢ ᠴᠢᠩᠭᠠᠳᠬᠠᠵᠤ᠂ ᠬᠥᠮᠦᠨ ᠬᠥᠮᠦᠨ ᠤ ᠬᠤᠭᠤᠷᠤᠨᠳᠤᠬᠢ ᠰᠣᠯᠪᠢᠴᠠᠨ ᠬᠠᠯᠳᠠᠪᠤᠷᠢᠯᠠᠬᠤ ᠠᠴᠠ ᠡᠷᠡᠰ ᠵᠠᠶᠢᠯᠠᠰᠬᠢᠨ᠎ᠡ᠃     ᠭᠤᠷᠪᠠ ᠳᠤ᠂ ᠥᠪᠥᠷ ᠮᠣᠩᠭᠤᠯ ᠠᠴᠠ ᠪᠡᠭᠡᠵᠢᠩ ᠳᠤ ᠣᠷᠣᠵᠤ ᠭᠠᠷᠬᠤ ︽ᠰᠡᠷᠭᠡᠶᠢᠯᠡᠯᠲᠡ ᠶᠢᠨ ᠬᠡᠷᠡᠮ︾ ᠢ ᠦᠨᠡᠨ ᠬᠦ ᠪᠠᠲᠤ ᠴᠣᠭᠴᠠᠯᠠᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠣᠨᠣᠰᠢᠯᠠᠵᠤ ᠵᠢᠭᠰᠠᠭᠠᠨ ᠪᠠᠶᠢᠴᠠᠭᠠᠬᠤ ᠪᠤᠭᠤᠮᠲᠠ ᠶᠢ ᠦᠷᠭᠦᠯᠵᠢᠯᠡᠨ ᠴᠢᠩᠭ᠎ᠠ ᠠᠳᠬᠤᠵᠤ᠂ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠰᠢᠯᠵᠢᠭᠦᠯᠦᠨ ᠡᠮᠨᠡᠭᠦᠯᠬᠦ ᠶᠢ ᠴᠢᠩᠭ᠎ᠠ ᠰᠡᠷᠭᠡᠶᠢᠯᠡᠨ᠎ᠡ᠃ ᠲᠡᠮᠦᠷ ᠵᠠᠮ᠂ ᠵᠠᠰᠠᠮᠠᠯ ᠵᠠᠮ᠂ ᠳᠣᠲᠣᠭᠠᠳᠤ ᠶᠢ ᠬᠠᠮᠠᠭᠠᠯᠠᠬᠤ ᠪᠠ ᠸᠧᠶ ᠵᠢᠶᠠᠨ ᠵᠡᠷᠭᠡ ᠰᠠᠯᠠᠭ᠎ᠠ ᠮᠥᠴᠢᠷ ᠤᠳ ᠪᠡᠭᠡᠵᠢᠩ ᠳᠤ ᠣᠷᠣᠬᠤ ᠲᠡᠷᠭᠡ ᠬᠥᠰᠬᠡ ᠪᠣᠯᠤᠨ ᠬᠥᠮᠦᠰ ᠢ ᠦᠷᠭᠦᠯᠵᠢᠯᠡᠨ ᠴᠢᠩᠭ᠎ᠠ ᠬᠠᠮᠢᠶᠠᠷᠤᠨ ᠡᠵᠡᠮᠳᠡᠵᠦ᠂ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠤ ᠲᠡᠷᠭᠡ ᠬᠥᠰᠬᠡ ᠶᠢ ᠠᠪᠴᠤ ᠬᠢᠯᠢ ᠪᠠᠷ ᠣᠷᠣᠭᠤᠯᠵᠤ ᠭᠠᠷᠭᠠᠬᠤ ᠥᠬᠡᠶ᠂ ᠬᠠᠯᠳᠠᠪᠤᠷᠢᠲᠤ ᠡᠪᠡᠳᠴᠢᠲᠡᠶ ᠡᠪᠡᠳᠴᠢᠲᠡᠨ ᠢ ᠪᠡᠭᠡᠵᠢᠩ ᠳᠤ ᠣᠷᠣᠭᠤᠯᠵᠤ ᠥᠪᠥᠷ ᠮᠣᠩᠭᠤᠯ ᠠᠴᠠ ᠭᠠᠷᠭᠠᠬᠤ ᠥᠬᠡᠶ᠃                                                          ᠵᠣᠬᠢᠶᠠᠭᠴᠢ᠄ ᠯᠢ ᠰᠢᠶᠣᠣ ᠶᠤᠸᠠᠨ                                                          ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号