ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-13
       ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ        ᠪᠣᠭᠤᠮᠲᠠ ᠰᠢᠪᠲᠤᠯᠬᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ        ᠠᠬᠢᠭᠤᠯᠬᠤ ᠬᠤᠷᠠᠯ ᠬᠤᠷᠠᠯᠳᠤᠭᠤᠯᠪᠠ     4 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠲᠠᠷᠤᠭ᠎ᠠ ᠭᠤᠤ ᠶᠦᠩ ᠪᠢᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠦᠢᠯᠠᠭᠠᠵᠦ ᠵᠢᠭᠰᠠᠭᠠᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠥ᠋ ᠵᠢᠤᠢ ᠯᠦᠩ ᠬᠤᠷᠠᠯ ᠳᠤ ᠣᠷᠣᠯᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ᠬᠤᠯᠪᠣᠭᠳᠠᠬᠤ ᠭᠦᠢᠴᠡᠳᠭᠡᠯ ᠲᠤᠭ᠎ᠠ ᠶᠢ ᠪᠠᠶᠢᠴᠠᠭᠠᠵᠤ ᠲᠠᠶᠢᠯᠪᠤᠷᠢ ᠬᠢᠬᠦ᠄ ᠬᠥ᠋ ᠵᠢᠤᠢ ᠯᠦᠩ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠦᠢᠯᠠᠭᠠᠵᠦ ᠵᠢᠭᠰᠠᠭᠠᠨ ᠪᠠᠶᠢᠴᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠡᠯᠡᠭᠰᠡᠨ ᠪᠥᠭᠡᠳ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠤᠰᠢᠭᠤᠨ ᠱᠠᠲᠤᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠬᠦᠰᠣᠨᠣᠭ᠍ᠳᠦ ᠶᠢ ᠲᠠᠭᠯᠠᠨ ᠮᠡᠳᠡᠭᠦᠯᠬᠦ᠂ ᠬᠢᠨᠠᠨ ᠬᠠᠷᠭᠤᠭᠤᠯᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠬᠢᠨᠠᠨ ᠬᠠᠷᠭᠤᠭᠤᠯᠣᠭᠰᠠᠨ ᠤ ᠳᠠᠷᠠᠭ᠎ᠠ ᠭᠠᠷ ᠤᠨ ᠥᠰᠥᠭ ᠵᠢᠷᠤᠵᠤ ᠳᠡᠭᠡᠭᠰᠢ ᠮᠡᠳᠡᠭᠦᠯᠦᠨ᠎ᠡ᠃    ᠭᠤᠤ ᠶᠦᠩ ᠪᠢᠨ ᠴᠢᠬᠤᠯᠠᠴᠢᠯᠠᠭᠰᠠᠨ ᠨᠢ᠂ ᠵᠠᠪᠠᠯ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠪᠠᠶᠢᠳᠠᠯ ᠢ ᠦᠢᠯᠡᠭᠠᠵᠦ ᠵᠢᠭᠰᠠᠭᠠᠨ ᠪᠠᠶᠢᠴᠠᠭᠠᠵᠤ᠂ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠷᠳᠠᠵᠤ᠂ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠪᠣᠭᠤᠮᠲᠠ ᠠᠳᠬᠤᠵᠤ᠂ ᠡᠨᠡ ᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ᠂ ᠲᠤᠭ᠎ᠠ ᠪᠠᠷᠢᠮᠲᠠ ᠶᠢ ᠱᠠᠯᠠᠪᠳᠠᠨ ᠬᠢᠨᠠᠨ ᠬᠠᠷᠭᠤᠭᠤᠯᠵᠤ᠂ ᠱᠠᠯᠠᠪᠳᠠᠨ ᠳᠡᠭᠡᠭᠰᠢ ᠮᠡᠳᠡᠭᠦᠯᠬᠦ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠬᠢᠨᠠᠮᠠᠭᠠᠶ ᠰᠤᠳᠤᠯᠵᠤ᠂ ᠪᠠᠷᠢᠮᠵᠢᠶ᠎ᠠ ᠶᠢ ᠨᠡᠪᠲᠡᠷᠡᠲᠡᠯ᠎ᠡ ᠣᠶᠢᠯᠠᠭᠠᠬᠤ ᠬᠡᠷᠡᠭᠲᠡᠶ᠃ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠡᠪᠲᠡᠷᠡᠯᠴᠡᠭᠡ ᠪᠠᠨ ᠴᠢᠩᠭᠠᠳᠬᠠᠵᠤ᠂ ᠬᠤᠰᠢᠭᠤ ᠱᠠᠲᠤᠨ ᠤ ᠲᠤᠭ᠎ᠠ ᠪᠠᠷᠢᠮᠲᠠ ᠶᠢ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠪᠣᠯ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠲᠣᠬᠢᠷᠠᠭᠤᠯᠵᠤ᠂ ᠪᠡᠶ᠎ᠡ ᠪᠠᠷ ᠭᠠᠷᠭᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠳᠤ ᠬᠤᠯᠪᠣᠭᠳᠠᠪᠠᠯ᠂ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠬᠤᠷᠢᠶᠠᠩᠭᠤᠶᠢᠯᠨ ᠳᠡᠭᠡᠭᠰᠢ ᠮᠡᠳᠡᠭᠦᠯᠬᠦ ᠴᠢᠬᠤᠯᠠᠲᠠᠶ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠤᠰᠬᠠᠶ ᠬᠥᠮᠦᠨ ᠢᠶᠠᠷ ᠳᠠᠭᠠᠭᠠᠯᠭᠠᠵᠤ᠂ ᠰᠤᠮᠤ ᠰᠢᠶᠠᠩ ᠪᠠᠯᠭᠠᠰᠤ ᠯᠤᠭ᠎ᠠ ᠢᠳᠡᠪᠬᠢᠲᠡᠢ ᠵᠣᠯᠭᠠᠭᠤᠯᠣᠨ ᠵᠣᠬᠢᠴᠠᠭᠤᠯᠵᠤ᠂ ᠰᠤᠮᠤ ᠰᠢᠶᠠᠩ ᠪᠠᠯᠭᠠᠰᠤ ᠴᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠵᠦ᠂ ᠡᠯ᠎ᠡ ᠵᠣᠶᠢᠯ ᠤᠨ ᠲᠤᠭ᠎ᠠ ᠪᠠᠷᠢᠮᠲᠠ ᠶᠢᠨ ᠰᠢᠨᠵᠢᠯᠡᠬᠦ ᠣᠬᠠᠭᠠᠨᠴᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠱᠠᠭᠠᠷᠳᠠᠯᠭ᠎ᠠ ᠶᠣᠰᠣᠭᠠᠷ ᠠᠵᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃                                             ᠵᠣᠬᠢᠶᠠᠭᠴᠢ᠄ ᠶᠢᠨ ᠢᠦᠢ ᠰᠢ                                             ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号