ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠵᠢᠯᠯᠠᠵᠤ ᠪᠠᠶᠢᠭ᠎ᠠ ᠬᠥᠮᠦᠰ ᠤᠨ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2020-04-14
           ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ            ᠲᠥᠪ ᠠᠵᠢᠯᠯᠠᠵᠤ ᠪᠠᠶᠢᠭ᠎ᠠ ᠬᠥᠮᠦᠰ ᠤᠨ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ            ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠥᠷᠨᠢᠭᠦᠯᠪᠡ    4 ᠳ᠋ᠤᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠧᠩ ᠰᠢᠶᠦ᠋ᠨ ᠺᠣᠮᠫᠠᠨᠢ ᠪᠣᠯᠤᠨ ᠥᠪᠥᠷ ᠮᠣᠩᠭᠤᠯ ᠤᠨ ᠲᠧᠩ ᠰᠢᠶᠦ᠋ᠨ ᠶᠠᠪᠠᠭᠠᠨ ᠭᠠᠯᠠᠭᠤ ᠶᠢᠨ ᠰᠢᠨ᠎ᠡ ᠵᠠᠭᠤᠴᠢᠯᠠᠭᠤᠷ ᠤᠨ ᠳᠡᠭᠡᠳᠦ ᠰᠤᠷᠭᠠᠭᠤᠯᠢ ᠶᠢᠨ ᠬᠠᠮᠲᠤᠷᠠᠨ ᠥᠷᠨᠢᠭᠦᠯᠦᠭᠰᠡᠨ ᠪᠥᠬᠦ ᠣᠷᠣᠨ ᠤ ᠰᠣᠨᠢᠨ ᠮᠡᠳᠡᠭᠡᠨ ᠤ ᠠᠵᠢᠯᠯᠠᠭᠴᠢᠳ ᠤᠨ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠬᠢᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠥᠬᠦ ᠬᠥᠮᠦᠰ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠨᠢ 2 ᠡᠳᠦᠷ ᠦᠷᠭᠦᠯᠵᠢᠯᠡᠵᠡᠶ᠂ ᠠᠭᠤᠯᠭ᠎ᠠ ᠨᠢ ᠲᠣᠰ ᠲᠣᠰ ︽ᠰᠢᠨ᠎ᠡ ᠵᠠᠭᠤᠴᠢᠯᠠᠭᠤᠷ ᠤᠨ ᠬᠡᠷᠡᠭᠯᠡᠭᠴᠢ ᠶᠢᠨ ᠡᠵᠡᠩᠨᠡᠯᠲᠡ ᠶᠢᠨ ᠤᠷ᠎ᠠ ᠮᠡᠷᠭᠡᠵᠢᠯ︾ ︽ᠪᠢᠴᠢᠯ ᠬᠠᠷᠠᠭᠠᠨ ᠣᠬᠤᠷ ᠸᠢᠳᠢᠣ᠋ ᠶᠢᠨ ᠡᠵᠡᠩᠨᠡᠯᠲᠠ ᠶᠢᠨ ᠬᠠᠭᠤᠷᠠᠶ ᠪᠠᠷᠠᠭ᠎ᠠ ᠵᠢᠴᠢ ᠠᠵᠢᠯᠯᠠᠭᠠᠨ ᠤ ᠰᠡᠳᠦᠪ ᠢ ᠬᠤᠪᠢᠶᠠᠯᠴᠠᠬᠤ︾ ︽ᠰᠢᠨ᠎ᠡ ᠵᠠᠭᠤᠴᠢᠯᠠᠭᠤᠷ ᠤᠨ ᠳᠡᠯᠪᠡᠷᠡᠬᠦ ᠪᠢᠴᠢᠭ ᠲᠠᠷᠬᠠᠭᠠᠬᠤ ᠯᠣᠭᠢᠭ︾ ᠪᠠᠶᠢᠵᠤ᠂ ᠰᠢᠨ᠎ᠡ ᠵᠠᠭᠤᠴᠢᠯᠠᠭᠤᠷ ᠤᠨ ᠰᠢᠨ᠎ᠡ ᠶᠢ  ᠡᠬᠦᠳᠬᠦ ᠤᠯᠠᠮᠵᠢᠯᠠᠨ ᠲᠠᠷᠬᠠᠭᠠᠬᠤ ᠠᠷᠭ᠎ᠠ ᠮᠠᠶ᠋ᠢᠭ ᠪᠠ ᠤᠯᠠᠮᠵᠢᠯᠠᠨ ᠲᠠᠷᠬᠠᠭᠠᠬᠤ ᠬᠡᠷᠡᠭ ᠤᠨ ᠵᠢᠱᠢᠶ᠎ᠡ᠂ ᠰᠢᠨ᠎ᠡ ᠵᠠᠭᠤᠴᠢᠯᠠᠭᠤᠷ ᠤᠨ ᠪᠠᠭ᠋ᠠᠷᠬᠠᠭᠴᠢ ᠶᠢᠨ ᠡᠵᠡᠩᠨᠡᠯᠲᠡ ᠪᠠ ᠲᠣᠭᠤᠰᠣ ᠥᠰᠬᠡᠬᠦ ᠤᠷ᠎ᠠ ᠮᠡᠷᠭᠡᠵᠢᠯ ᠵᠡᠷᠭᠡ ᠶᠢ ᠲᠠᠶᠢᠯᠪᠤᠷᠢᠯᠠᠪᠠ᠃ ᠪᠣᠯᠪᠠᠰᠤᠷᠠᠭᠤᠯᠤᠯ ᠤᠨ ᠠᠭᠤᠯᠭ᠎ᠠ ᠶᠢᠨ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠰᠦᠯᠵᠢᠶᠡᠨ ᠳᠡᠭᠡᠷᠡᠬᠢ ᠠᠰᠠᠭᠤᠯᠲᠠ ᠬᠠᠷᠢᠭᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ᠂ ᠡᠯ᠎ᠡ ᠬᠠᠮ ᠵᠠᠭᠤᠴᠢᠯᠠᠭᠤᠷ ᠤᠨ ᠳᠤᠷᠠᠳᠤᠭᠰᠠᠨ ᠪᠤᠳᠠᠲᠠᠢ ᠠᠰᠠᠭᠤᠳᠠᠯ ᠲᠠᠢ ᠤᠶᠠᠯᠳᠤᠭᠤᠯᠤᠨ᠂ ᠣᠷᠬᠢᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠰᠢᠨ᠎ᠡ ᠵᠠᠭᠤᠴᠢᠯᠠᠭᠤᠷ ᠤᠨ ᠠᠵᠢᠯᠯᠠᠭᠰᠠᠳ ᠤᠨ ᠪᠣᠳᠠᠲᠤ ᠲᠠᠮᠢᠷ ᠤᠨ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠬᠡᠷᠡᠭᠯᠡᠭᠴᠢ ᠶᠢᠨ ᠨᠢᠯᠲᠠᠢ ᠴᠢᠨᠠᠷ ᠪᠠ ᠢᠳᠡᠪᠬᠢᠴᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠦᠷ᠎ᠡ ᠠᠰᠢᠭ ᠢ ᠨᠠᠩ ᠶᠡᠭᠡ ᠪᠣᠯᠭᠠᠬᠤ ᠶᠢ ᠪᠡᠶᠡᠯᠡᠭᠦᠯᠦᠨ᠎ᠡ᠃    ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ  ᠤᠨ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠰᠢᠨ᠎ᠡ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ ᠭᠡᠵᠡᠶ᠃                                                              ᠵᠣᠬᠢᠶᠠᠭᠴᠢ᠄ ᠯᠢ ᠰᠢᠤᠸᠠᠨ                                                              ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号