ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠧᠩ ᠸᠧᠶ ᠺᠣᠮᠫᠠᠨᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠨᠢ ᠡᠭᠦᠷᠭᠡᠯᠡᠯ ᠢᠶᠠᠨ ᠦᠨᠡᠨ ᠬᠦ ᠬᠦᠢᠴᠡᠳᠬᠡᠪᠡ | | ᠥᠪᠥᠷ ᠮᠣᠩᠭᠤᠯ ᠤᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷᠠᠬᠢ PVA ︵ᠪᠥᠭᠡᠭᠡᠨᠡᠷᠡᠯ ᠡᠲ᠋ᠤᠨᠤᠯ︶ ᠪᠠᠷ ᠭᠤᠤᠯ | ᠪᠣᠯᠭᠠᠭᠰᠠᠨ ᠲᠤᠮᠤ ᠬᠡᠯᠪᠡᠷᠢ ᠶᠢᠨ ᠬᠢᠮᠢ ᠶᠢᠨ ᠠᠵᠤ ᠤᠶᠢᠯᠡᠳᠪᠤᠷᠢ ᠶᠢᠨ ᠠᠵᠤ ᠠᠬᠤᠶᠢᠯᠠᠯ ᠪᠣᠯᠤᠭᠰᠠᠨ ᠤ | ᠬᠤᠪᠢ ᠳᠤ᠂ ᠤᠯᠤᠰ ᠤᠨ ᠦᠮᠴᠢᠯᠡᠯ ᠤᠨ ᠠᠵᠤ ᠠᠬᠤᠶᠢᠯᠠᠯ — ᠠᠨᠾᠦ᠋ᠢ ᠮᠤᠵᠢ ᠶᠢᠨ ᠠᠨᠾᠦ᠋ᠢ ᠸᠧᠶ | ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠵᠣᠬᠢᠶᠠᠨ ᠪᠠᠶᠢᠭᠤᠯᠵᠤ᠂ ᠤᠯᠤᠰ ᠤᠨ | ᠳᠣᠲᠣᠭᠠᠳᠤ ᠶᠢᠨ ᠲᠠᠩ ᠪᠡᠶᠡᠲᠦ ᠤᠶᠢᠯᠡᠳᠪᠤᠷᠢᠯᠡᠬᠦ ᠴᠢᠳᠠᠪᠤᠷᠢ ᠪᠠᠷ ᠬᠠᠮᠤᠭ ᠤᠨ ᠶᠡᠭᠡ᠂ ᠮᠡᠷᠭᠡᠵᠢᠯ ᠢᠶᠠᠷ ᠬᠠᠮᠤᠭ ᠤᠨ | ᠲᠡᠷᠢᠭᠦᠨ ᠤ PVA ᠤᠶᠢᠯᠡᠳᠪᠤᠷᠢᠯᠡᠯ ᠤᠨ ᠰᠠᠭᠤᠷᠢᠨ ᠪᠤᠯᠤᠨ᠎ᠠ᠃ | ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ᠂ ᠮᠧᠩ ᠸᠧᠶ ᠺᠣᠮᠫᠠᠨᠢ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠳᠤᠷ ᠬᠢᠬᠦ ᠶᠢᠨ ᠬᠠᠮᠲᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ | ᠡᠭᠦᠷᠭᠡᠯᠡᠯ ᠪᠠ ᠴᠢᠳᠠᠪᠤᠷᠢ ᠡᠭᠦᠷᠭᠡᠯᠡᠯ ᠢᠶᠠᠨ ᠦᠨᠡᠨ ᠬᠦ ᠬᠦᠢᠴᠡᠳᠬᠡᠬᠦ ᠬᠡᠷᠡᠭᠲᠡᠶ᠃ | ᠨᠢᠭᠡ ᠳᠤ᠂ ᠬᠢᠵᠢᠭ ᠤᠨ ᠡᠬᠢᠨ ᠤ ᠬᠤᠭᠤᠴᠠᠭᠠᠨ ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠳᠤᠲᠠᠭᠳᠠᠵᠤ | ᠪᠠᠶᠢᠭ᠎ᠠ ᠬᠦᠴᠢᠷᠳᠡᠯ ᠤᠨ ᠡᠮᠦᠨ᠎ᠡ᠂ ᠮᠧᠩ ᠸᠧᠶ ᠺᠣᠮᠫᠠᠨᠢ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ ᠳᠤ 500 ᠺᠢᠯᠣᠭ᠍ᠷᠠᠮ ᠠᠷᠢᠭᠤᠳᠬᠠᠬᠤ ᠡᠮ ᠪᠠ ᠰᠦᠷᠴᠢᠬᠦ ᠲᠥᠬᠦᠭᠡᠷᠦᠮᠵᠢ ᠬᠠᠨᠳᠢᠪᠯᠠᠨ ᠬᠦᠷᠭᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠠᠷᠢᠭᠤᠳᠬᠠᠬᠤ ᠳᠤ ᠬᠡᠷᠡᠭᠯᠡᠵᠦ᠂ ᠪᠥᠬᠦ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠦᠲᠦᠮᠵᠢᠲᠡᠶ ᠡᠳ᠋ ᠪᠣᠳᠠᠰ ᠤᠨ | ᠲᠤᠰᠠᠯᠠᠮᠵᠢ ᠬᠠᠩᠭᠠᠪᠠ᠃ | ᠬᠤᠶᠠᠷ ᠲᠤ᠂ ᠮᠧᠩ ᠸᠧᠶ ᠺᠣᠮᠫᠠᠨᠢ ᠠᠵᠤ ᠠᠬᠤᠶᠢᠯᠠᠯ ᠤᠨ ᠪᠥᠬᠦ ᠠᠵᠢᠯᠲᠠᠳ ᠲᠤ ᠵᠣᠭᠤᠰ ᠬᠠᠨᠳᠢᠪᠯᠠᠬᠤ | ᠰᠠᠨᠠᠭᠠᠴᠢᠯᠠᠭ᠎ᠠ ᠭᠠᠷᠭᠠᠭᠰᠠᠨ ᠪᠥᠭᠡᠳ ᠴᠤᠭᠯᠠᠭᠤᠯᠤᠭᠰᠠᠨ 22.8 ᠲᠦᠮᠡᠨ ᠲᠥᠭᠦᠷᠢᠭ ᠢ ᠬᠤᠰᠢᠭᠤᠨ ᠤ ᠤᠯᠠᠭᠠᠨ | ᠵᠠᠭᠠᠯᠮᠠᠶᠢᠲᠠᠨ ᠤ ᠨᠡᠶᠢᠬᠡᠮᠯᠢᠭ ᠲᠤ ᠪᠡᠯᠡᠭᠯᠡᠨ ᠬᠦᠷᠭᠡᠵᠦ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ | ᠠᠮᠠᠪᠴᠢ᠂ ᠬᠠᠮᠠᠭᠠᠯᠠᠯᠲᠠ ᠶᠢᠨ ᠬᠤᠪᠴᠠᠰᠤ ᠵᠡᠷᠭᠡ ᠬᠠᠮᠠᠭᠠᠯᠠᠯᠲᠠ ᠶᠢᠨ ᠬᠡᠷᠡᠭᠰᠡᠯ ᠬᠤᠳᠠᠯᠳᠤᠨ ᠠᠪᠬᠤ ᠪᠠᠷ | ᠳᠠᠮᠵᠢᠭᠤᠯᠤᠨ ᠪᠥᠬᠦ ᠬᠤᠰᠢᠭᠤᠨ ᠤ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠬᠥᠮᠦᠰ ᠢ ᠲᠤᠰᠠᠯᠠᠪᠠ᠃ | ᠭᠤᠷᠪᠠ ᠳᠤ᠂ ᠮᠧᠩ ᠸᠧᠶ ᠺᠣᠮᠫᠠᠨᠢ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠠᠵᠤ ᠠᠬᠤᠶᠢᠯᠠᠯ ᠳᠤ | ᠠᠵᠢᠯᠯᠠᠵᠤ ᠪᠠᠶᠢᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠸᠢ ᠶᠢ ᠲᠤᠰᠠᠯᠠᠬᠤ ᠡᠮᠴᠢ | ᠰᠤᠪᠢᠯᠠᠭᠴᠢ ᠶᠢᠨ ᠬᠡᠷ ᠪᠦᠯᠢ ᠵᠢᠨᠬᠢᠨ ᠢ ᠪᠡᠶ᠎ᠡ ᠪᠠᠷ ᠢᠶᠠᠨ ᠲᠣᠬᠤᠨᠢᠭᠤᠯᠤᠭᠰᠠᠨ ᠪᠥᠭᠡᠳ 5000 ᠲᠥᠭᠦᠷᠢᠭ ᠤᠨ | ᠲᠣᠬᠤᠨᠢᠭᠤᠯᠬᠤ ᠮᠥᠩᠭᠦ ᠬᠦᠷᠬᠡᠵᠤ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠬᠢᠵᠢᠭ ᠰᠡᠷᠭᠡᠶᠢᠯᠡᠬᠦ ᠡᠮᠴᠢ | ᠰᠤᠪᠢᠯᠠᠭᠴᠢᠳ ᠢ ᠬᠠᠯᠠᠮᠵᠢᠯᠠᠨ ᠬᠠᠯᠠᠮᠵᠢᠯᠠᠵᠤ ᠳᠡᠮᠵᠢᠭᠰᠡᠨ ᠢ ᠦᠨᠡᠨ ᠬᠦ ᠢᠯᠡᠷᠡᠭᠦᠯᠵᠡᠶ᠃ | ᠳᠥᠷᠪᠡ ᠳᠤ᠂ ᠮᠧᠩ ᠸᠧᠶ ᠺᠣᠮᠫᠠᠨᠢ ᠶᠡᠷᠦᠩᠬᠡᠶ ᠭᠠᠵᠠᠷ ᠤᠨ ᠪᠠᠶᠢᠭ᠎ᠠ ᠭᠠᠵᠠᠷ ᠤᠨ ᠠᠨᠾᠦ᠋ᠢ ᠮᠤᠵᠢ ᠶᠢᠨ | ᠤᠯᠤᠰ ᠤᠨ ᠦᠮᠴᠢᠯᠡᠯᠲᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠥᠬᠦᠶ | ᠮᠡᠳᠡᠭᠳᠡᠯ ᠤᠨ ᠵᠣᠷᠢᠭ ᠰᠠᠨᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠮᠧᠩ ᠸᠧᠶ ᠵᠢᠵᠢᠭ ᠲᠣᠭᠤᠷᠢᠭ ᠤᠨ | ᠡᠵᠡᠩᠨᠡᠯᠲᠡ ᠶᠢᠨ ᠴᠢᠨᠠᠷᠲᠠᠶ ᠬᠡᠷ ᠪᠠᠶᠢᠰᠢᠩ ᠢ ᠲᠦᠷᠢᠶᠡᠰᠦᠯᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ︵ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠠᠴᠠ 2020 ᠣᠨ ᠤ 2 ᠰᠠᠷ᠎ᠠ ᠠᠴᠠ 4 | ᠰᠠᠷ᠎ᠠ ᠶᠢᠨ ᠬᠤᠭᠤᠴᠠᠭᠠᠨ ᠤ ᠬᠡᠷ ᠤᠨ ᠲᠦᠷᠢᠶᠡᠰᠦ ᠶᠢ ᠭᠡᠯᠳᠦᠷᠢᠭᠦᠯᠬᠦ ᠶᠢᠨ ᠬᠠᠮᠲᠤ᠂ 3 ᠰᠠᠷ᠎ᠠ ᠠᠴᠠ ᠡᠬᠢᠯᠡᠨ ᠮᠧᠩ | ᠸᠧᠶ ᠵᠢᠵᠢᠭ ᠲᠤᠭᠤᠷᠢᠭ ᠤᠨ ᠡᠵᠡᠩᠨᠡᠯᠲᠡ ᠶᠢᠨ ᠴᠢᠨᠠᠷᠲᠠᠶ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢᠨ | ᠪᠠᠷᠢᠮᠵᠢᠶ᠎ᠠ ᠶᠢ ᠪᠠᠭᠤᠷᠠᠭᠤᠯᠵᠤ᠂ ᠡᠵᠡᠩᠨᠡᠨ ᠲᠦᠷᠢᠶᠡᠰᠦᠯᠡᠭᠴᠢ ᠳᠤ ᠨᠠᠩ ᠢᠯᠡᠭᠦᠤ ᠠᠰᠢᠭ ᠣᠯᠭᠤᠵᠤ᠂ ᠲᠡᠳᠡᠨ ᠢ | ᠪᠦᠲᠦᠮᠵᠢᠲᠡᠶ ᠬᠠᠪᠰᠤᠷᠴᠤ ᠪᠠᠶᠢᠭᠠᠳ ᠬᠦᠴᠢᠷᠳᠡᠯ ᠢ ᠨᠢ ᠤᠷᠤᠭᠰᠢᠲᠠᠶ ᠳᠤᠭᠤᠯᠵᠤ᠂ ᠬᠡᠪ ᠤᠨ ᠡᠵᠡᠩᠨᠡᠯᠲᠡ ᠶᠢ ᠨᠢ | ᠡᠷᠲᠡᠬᠡᠨ ᠰᠡᠷᠭᠦᠭᠡᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠧᠩ ᠸᠧᠶ ᠺᠣᠮᠫᠠᠨᠢ ᠤᠯᠤᠰᠤᠨ | ᠥᠮᠴᠢᠯᠡᠯ ᠤᠨ ᠠᠵᠤ ᠠᠬᠤᠶᠢᠯᠠᠯ ᠨᠢ ᠡᠭᠦᠷᠭᠡᠯᠡᠯ ᠢᠶᠠᠨ ᠦᠨᠡᠨ ᠬᠦ ᠬᠦᠢᠴᠡᠳᠬᠡᠪᠡ᠃ | ᠵᠣᠬᠢᠶᠠᠭᠴᠢ᠄ ᠪᠠᠢ ᠲᠣᠣ | ᠣᠷᠴᠢᠭᠤᠯᠣᠭᠴᠢ᠄ ᠡᠷᠳᠡᠨᠢᠴᠢᠮᠡᠭ | |