ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠢᠲᠡᠭᠡᠮᠵᠢᠲᠦ ᠵᠢᠬᠡᠯᠡᠯᠬᠡ ᠶᠢᠨ ᠤᠶᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ | | ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠤᠶᠢᠯᠡᠳᠪᠤᠷᠢᠯᠡᠯ ᠤᠳᠠᠯ ᠥᠬᠡᠶ ᠬᠦᠷᠴᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠᠰᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠮᠠᠨ ᠤ | ᠬᠤᠰᠢᠭᠤ ᠬᠢᠵᠢᠭ ᠢ ᠰᠡᠷᠭᠡᠶᠢᠯᠡᠬᠦ ᠪᠠ ᠲᠠᠷᠢᠶᠠᠯᠠᠬᠤ ᠳᠤ ᠪᠡᠯᠡᠳᠬᠡᠬᠦ ᠶᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ | ᠰᠠᠭᠠᠲᠠᠭᠠᠬᠤ ᠥᠬᠡᠶ ᠪᠠᠶᠢᠬᠤᠶᠢ ᠪᠠᠷᠢᠮᠲᠠᠯᠠᠵᠤ᠂ ᠠᠵᠢᠯ ᠤᠨ ᠠᠷᠭ᠎ᠠ ᠪᠠᠨ ᠲᠠᠰᠤᠷᠠᠯᠲᠠ ᠥᠬᠡᠶ ᠰᠢᠨ᠎ᠡ ᠶᠢ ᠡᠭᠦᠳᠴᠦ᠂ | ᠢᠳᠡᠪᠬᠢᠲᠡᠶ ᠪᠠᠷ ︽ᠳᠠᠶᠢᠨ ᠳᠤ ᠪᠡᠯᠡᠳᠬᠡᠵᠦ︾᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠪᠠᠷ | ᠳᠠᠮᠵᠢᠭᠤᠯᠤᠨ ᠪᠠᠶᠢᠴᠠᠭᠠᠨ ᠰᠤᠷᠪᠤᠯᠵᠢᠯᠠᠵᠤ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠲᠠᠷᠢᠶᠠᠴᠢᠨ ᠡᠷᠦᠬᠡ ᠪᠠ | ᠲᠠᠷᠢᠶᠠᠯᠠᠩ ᠠᠵᠤ ᠠᠬᠤᠶ ᠶᠢᠨ ᠭᠤᠤᠯ ᠴᠣᠭᠴᠠ ᠶᠢ ᠪᠥᠬᠦ ᠬᠦᠴᠦᠨ ᠢᠶᠠᠷ ᠳᠡᠮᠵᠢᠵᠦ᠂ ᠲᠦᠭᠡᠮᠡᠯ ᠬᠠᠷᠠᠭᠠᠯᠵᠠᠯᠲᠤ | ᠮᠥᠩᠭᠦᠨ ᠬᠦᠢᠯᠬᠡᠬᠡᠨ ᠢ ᠢᠳᠡᠪᠬᠢᠲᠡᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠪᠠᠷ ᠰᠠᠭᠤᠷᠢ ᠠᠵᠢᠯ ᠪᠣᠯᠭᠠᠵᠤ᠂ ᠲᠠᠷᠢᠶᠠᠯᠠᠬᠤ ᠮᠠᠯᠵᠢᠬᠤ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠤᠶᠢᠯᠡᠳᠪᠤᠷᠢᠯᠡᠯ ᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠴᠢᠨ ᠡᠷᠦᠬᠡ ᠶᠢᠨ ᠦᠷ᠎ᠡ᠂ ᠬᠢᠮᠢ ᠶᠢᠨ | ᠪᠣᠷᠳᠣᠭᠤᠷ᠂ ᠲᠠᠷᠢᠶᠠᠯᠠᠩ ᠤᠨ ᠮᠠᠰᠢᠨ ᠪᠠᠭᠠᠵᠢ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ | ᠠᠯᠬᠤᠮ ᠠᠯᠬᠤᠮ ᠢᠶᠠᠷ ᠴᠢᠩᠭᠠᠷᠠᠭᠤᠯᠪᠠ᠃ | ᠵᠣᠬᠢᠶᠠᠭᠴᠢ᠄ ᠪᠣᠣ ᠫᠧᠩ ᠹᠧᠢ | ᠣᠷᠴᠢᠭᠤᠯᠣᠭᠴᠢ᠄ ᠡᠷᠳᠡᠨᠢᠴᠢᠮᠡᠭ |