︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠷᠥ ᠶᠢᠨ ᠪᠣᠳᠣᠯᠭ᠎ᠠ ᠶᠢᠨ | ᠴᠢᠨᠠᠷᠲᠠᠶ ᠠᠮᠤ ᠪᠤᠳᠠᠭᠠᠨ ᠤ ᠬᠠᠳᠠᠭᠠᠯᠠᠯᠳᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ | ᠶᠡᠭᠡ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | | ᠨᠢᠭᠡ᠂ ᠲᠣᠭᠲᠠᠭᠠᠭᠰᠠᠨ ᠠᠬᠤᠶ ᠪᠠᠶᠢᠳᠠᠯ | ᠮᠠᠨ ᠤ ᠬᠤᠰᠢᠭᠤᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠣᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠪᠦᠳᠣᠮᠵᠢᠳᠡᠢ ᠠᠬᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ | ᠬᠡᠷ ᠤᠨ ᠶᠡᠷᠦᠩᠬᠡᠶᠢᠯᠡᠭᠰᠡᠨ ︽2018 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠡᠳ᠋ ᠤᠨ ᠵᠠᠰᠠᠭ | ᠠᠯᠪᠠᠨ ᠬᠡᠷ ︹ 2018 ︺ 102 ᠳ᠋ᠤᠭᠠᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ ᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠣᠩᠬᠡᠶᠢᠯᠡᠭᠰᠡᠨ ᠵᠢᠱᠢᠶ᠎ᠡ ᠦᠵᠡᠭᠦᠯᠬᠦ ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ | ᠬᠢᠭᠡᠳ ᠲᠥᠷᠥᠯ ᠵᠣᠶᠢᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ | ︵ᠥᠪᠥᠷ ᠬᠤᠳᠠᠯᠳᠤᠭ᠎ᠠ ᠪᠠᠶᠢᠭᠤᠯᠬᠤ ᠥᠰᠥᠭ ︹ 2016 ︺ 1426 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ | ᠣᠨᠴᠠᠭᠠᠶᠢᠯᠠᠨ ᠲᠣᠭᠲᠠᠭᠠᠪᠠ᠃ | ᠬᠤᠶᠠᠷ᠂ ᠭᠤᠤᠯ ᠠᠭᠤᠯᠭ᠎ᠠ | ︽ᠬᠡᠷᠡᠭᠵᠢᠭᠦᠯᠬᠦ ᠲᠥᠰᠦᠯ︾ ᠳᠤ ᠭᠤᠤᠯᠳᠠᠭᠤ ᠶᠡᠷᠦᠩᠬᠡᠶ ᠱᠠᠭᠠᠷᠳᠠᠯᠭ᠎ᠠ᠂ ᠠᠵᠢᠯ ᠤᠨ ᠬᠠᠷᠢᠭᠤᠴᠠᠯᠭ᠎ᠠ᠂ | ᠵᠣᠬᠢᠶᠠᠨ ᠪᠡᠶᠢᠭᠤᠯᠣᠯᠳᠠ ᠶᠢᠨ ᠤᠳᠤᠷᠢᠳᠤᠯᠭ᠎ᠠ ᠪᠠ ᠪᠠᠲᠤᠯᠠᠭ᠎ᠠ ᠶᠢᠨ ᠲᠣᠭᠲᠠᠴᠠ ᠬᠢᠭᠡᠳ ᠠᠷᠭ᠎ᠠ ᠬᠡᠮᠵᠢᠶ᠎ᠡ ᠵᠡᠷᠭᠡ | ᠳᠥᠷᠪᠡᠨ ᠭᠡᠰᠡᠭ ᠢ ᠪᠠᠭᠲᠠᠭᠠᠨ᠎ᠠ᠃ | ︵ᠨᠢᠭᠡ︶ ᠶᠡᠷᠦᠩᠬᠡᠶ ᠱᠠᠭᠠᠷᠳᠠᠯᠭ᠎ᠠ | 1. ᠵᠢᠯᠣᠭᠤᠳᠬᠤ ᠦᠵᠡᠯ ᠰᠠᠨᠠᠭ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠮᠤ | ᠪᠤᠳᠠᠭᠠᠨ ᠤ ᠠᠮᠤᠷ ᠲᠦᠪᠰᠢᠨ ᠤ ᠬᠤᠰᠢᠭᠤ ᠰᠢᠶ᠋ᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ | ᠱᠠᠭᠠᠷᠳᠠᠯᠭ᠎ᠠ ᠶᠢ ᠬᠢᠨᠠᠮᠠᠭᠠᠶ ᠨᠡᠶᠢᠳᠠᠪᠣᠷᠢᠵᠢᠭᠤᠯᠵᠦ᠂ ᠪᠦᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠯᠲᠠ ᠶᠢᠨ ᠪᠣᠳᠠᠲᠤ ᠪᠠᠶᠢᠳᠠᠯ ᠢ ᠤᠯᠠᠮ ᠨᠢᠭᠡ ᠠᠯᠬᠤᠮ ᠪᠠᠶᠢᠴᠠᠭᠠᠨ | ᠲᠣᠳᠣᠷᠬᠠᠶᠢᠯᠠᠵᠤ᠂ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠬᠠᠤᠯᠢ ᠶᠣᠰᠣᠭᠠᠷ ᠵᠠᠰᠠᠬᠤ ᠪᠠ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠰᠢᠢᠳᠭᠡᠵᠦ᠂ ᠮᠠᠨ ᠤ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | 2. ᠦᠨᠳᠦᠰᠦᠨ ᠵᠠᠷᠴᠢᠮ᠃ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠤᠷᠢᠭ᠎ᠠ ᠱᠤᠭᠤᠮ ᠤᠨ | ᠰᠡᠳᠬᠢᠬᠦᠶ︾ ︽ᠪᠥᠬᠦ ᠲᠠᠯ᠎ᠠ ᠪᠠᠷ ᠳᠣᠷᠬᠠᠶᠢᠯᠠᠬᠤ᠂ ᠭᠤᠤᠯᠳᠠᠯᠭ᠎ᠠ ᠶᠢ ᠳᠣᠪᠤᠶᠢᠯᠭᠠᠬᠤ︾ ︽ᠲᠣᠭᠲᠠᠴᠠ ᠶᠢ | ᠲᠡᠭᠦᠯᠳᠡᠷᠵᠢᠭᠦᠯᠬᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ︾ ᠭᠤᠷᠪᠠᠨ ᠵᠣᠶᠢᠯ ᠤᠨ ᠦᠨᠳᠦᠰᠦᠨ ᠵᠠᠷᠴᠢᠮ ᠢ | ᠪᠠᠷᠢᠮᠲᠠᠯᠠᠨ᠎ᠠ᠃ | 3. ᠢᠯᠭᠠᠷᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ᠃ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ | ᠬᠠᠳᠠᠭᠠᠯᠠᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠵᠢᠴᠢ ᠲᠠᠸᠠᠷ ᠤᠨ ᠠᠮᠤ ᠪᠤᠳᠠᠭ᠎ᠠ᠃ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠳᠤ ᠭᠤᠤᠯᠳᠠᠭᠤ ᠣᠷᠣᠨ ᠨᠤᠲᠤᠭ ᠤᠨ ᠨᠥᠭᠡᠴᠡ ᠠᠮᠤ ᠵᠡᠷᠭᠡ | ᠪᠠᠭᠲᠠᠨ᠎ᠠ᠃ | ︵ᠬᠤᠶᠠᠷ︶ ᠠᠵᠢᠯ ᠤᠨ ᠬᠠᠷᠢᠭᠤᠴᠠᠯᠭ᠎ᠠ | 1. ᠥᠪᠡᠰᠦᠪᠡᠨ ᠪᠠᠶᠢᠴᠠᠭᠠᠬᠤ ᠬᠠᠷᠢᠭᠤᠴᠠᠯᠭ᠎ᠠ᠃ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠪᠣᠯ ᠲᠣᠰ ᠠᠵᠤ ᠠᠬᠤᠶᠢᠯᠠᠯ ᠤᠨ ᠦᠪᠡᠷᠳᠡᠭᠡᠨ ᠪᠡᠶᠢᠴᠠᠭᠠᠬᠤ ᠨᠢᠭᠡᠳᠦᠭᠡᠷ ᠬᠠᠷᠢᠭᠤᠴᠠᠯᠭ᠎ᠠ | ᠡᠭᠦᠷᠭᠡᠯᠡᠭᠴᠢ ᠪᠣᠯᠤᠨ᠎ᠠ᠂ ᠦᠪᠡᠷᠳᠡᠭᠡᠨ ᠪᠠᠶᠢᠴᠠᠭᠠᠭᠰᠠᠨ ᠦᠷ᠎ᠡ ᠳ᠋ᠦᠩ ᠢ ᠲᠦᠷᠢᠶᠡᠰᠦᠯᠡᠭᠰᠡᠨ ᠠᠵᠤ ᠠᠬᠤᠶᠢᠯᠠᠯ ᠠᠴᠠ | ᠬᠠᠷᠢᠭᠤᠴᠠᠨ᠎ᠠ᠃ ᠲᠡᠷᠡᠴᠢᠯᠡᠨ ᠲᠣᠰ ᠠᠵᠤ ᠠᠬᠤᠶᠢᠯᠠᠯ ᠵᠢᠴᠢ ᠲᠡᠭᠦᠨ ᠤ ᠲᠦᠷᠢᠶᠡᠰᠦᠯᠡᠭᠰᠡᠨ ᠬᠥᠮᠥᠷᠭᠡ ᠶᠢᠨ | ᠴᠢᠭ ᠲᠤ ᠥᠪᠡᠰᠦᠪᠡᠨ ᠪᠡᠶᠢᠴᠠᠭᠠᠭᠰᠠᠨ ᠦᠷ᠎ᠡ ᠳ᠋ᠦᠩ ᠳᠤ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ᠃ ᠬᠤᠰᠢᠭᠤᠨ ᠤ ᠵᠠᠰᠠᠭ ᠤᠨ ᠣᠷᠳᠣᠨ ᠠᠴᠠ ᠪᠦᠬᠦ | ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠳᠤ ᠶᠡᠷᠦᠩᠬᠡᠢ ᠬᠠᠷᠢᠭᠤᠴᠠᠯᠭ᠎ᠠ | ᠡᠭᠦᠷᠭᠡᠯᠡᠵᠦ᠂ ᠬᠤᠰᠢᠭᠤᠨ ᠤ ᠠᠮᠤ ᠪᠤᠳᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ | ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠪᠦᠬᠦ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠪᠣᠳᠠᠲᠠᠢ | ᠲᠤᠬᠠᠶᠢᠯᠠᠭᠰᠠᠨ ᠠᠵᠢᠯ ᠳᠤ ᠬᠠᠷᠢᠭᠤᠴᠠᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠪᠥᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠯᠲᠡ ᠶᠢᠨ ᠲᠤᠭ᠎ᠠ | ᠬᠡᠮᠵᠢᠶ᠎ᠡ ᠪᠠ ᠶᠠᠰᠤ ᠴᠢᠨᠠᠷ ᠤᠨ ᠶᠡᠭᠡ ᠪᠠᠶᠢᠴᠠᠭᠠᠯᠲᠠ ᠶᠢᠨ ᠠᠵᠢᠯ ᠤᠨ ᠪᠦᠲᠦᠮᠵᠢᠲᠡᠶ ᠨᠠᠶᠢᠳᠠᠪᠤᠷᠢᠵᠢᠭᠤᠯᠤᠭᠳᠠᠬᠤ ᠢ | ᠦᠨᠡᠨ ᠬᠦ ᠠᠬᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠵᠠᠰᠠᠭ ᠤᠨ ᠣᠷᠳᠣᠨ ᠤ ᠠᠯᠪᠠᠨ ᠬᠡᠷ ᠤᠨ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠠᠮᠤ ᠪᠤᠳᠠᠭᠠᠨ ᠤ ᠲᠣᠪᠴᠢᠶ᠎ᠠ ᠶᠢᠨ ᠳᠠᠷᠤᠭ᠎ᠠ ᠳᠡᠳ᠋ ᠳᠤᠭᠤᠶᠢᠯᠠᠩ ᠤᠨ | ᠳᠠᠷᠤᠭ᠎ᠠ ᠪᠣᠯᠵᠣ᠂ ᠬᠠᠮᠢᠶ᠎ᠠ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠯᠲᠡ ᠶᠢᠨ ᠲᠤᠭ᠎ᠠ ᠬᠡᠮᠵᠢᠶ᠎ᠡ ᠪᠠ ᠶᠠᠰᠤ | ᠴᠢᠨᠠᠷ ᠤᠨ ᠶᠡᠭᠡ ᠪᠠᠶᠢᠴᠠᠭᠠᠯᠲᠠ ᠶᠢᠨ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠪᠠᠶᠢᠭᠤᠯᠤᠭᠰᠠᠨ | ᠪᠥᠭᠡᠳ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠠᠶ᠃ | ︵ᠲᠦᠷᠪᠡ︶ ᠪᠠᠲᠤᠯᠠᠭ᠎ᠠ ᠶᠢᠨ ᠲᠣᠭᠲᠠᠴᠠ ᠬᠢᠭᠡᠳ ᠠᠷᠭ᠎ᠠ ᠬᠡᠮᠵᠢᠶ᠎ᠡ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ︽ᠭᠤᠷᠪᠠᠨ ᠬᠡᠪ ᠤᠨ ᠪᠤᠰᠤ︾ ︵ᠠᠷᠠᠯᠵᠢᠶ᠎ᠠ | ᠬᠡᠪ ᠤᠨ ᠪᠤᠰᠤ᠂ ᠪᠠᠯᠠ ᠮᠥᠩᠭᠦ ᠬᠡᠪ ᠤᠨ ᠪᠤᠰᠤ᠂ ᠲᠡᠭᠡᠭᠡᠪᠦᠷᠢ ᠬᠡᠪ ᠤᠨ ᠪᠤᠰᠤ︶ ᠬᠢᠨᠠᠨ ᠬᠡᠮᠵᠢᠬᠦ ᠶᠢ ᠴᠢᠩᠭᠠᠳᠬᠠᠵᠤ᠂ | ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠠᠷᠭ᠎ᠠ ᠵᠠᠮ ᠢ ᠥᠷᠭᠡᠳᠬᠡᠨ᠎ᠡ᠃ ᠪᠣᠳᠠᠲᠤ ᠪᠣᠳᠠᠰ ᠤᠨ ᠬᠥᠮᠥᠷᠭᠡ ᠶᠢᠨ | ᠬᠠᠳᠠᠭᠠᠯᠠᠯᠲᠠ ᠶᠢ ᠪᠠᠶᠢᠴᠠᠭᠠᠬᠤ ᠠᠷᠭ᠎ᠠ ᠶᠢ ᠴᠢᠩᠭ᠎ᠠ ᠡᠵᠡᠮᠰᠢᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠ | ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠡᠳ᠋ ᠤᠨ ᠶᠠᠪᠣᠳᠡᠯ ᠤᠨ ᠬᠢᠨᠠᠨ ᠪᠠᠶᠢᠴᠠᠭᠠᠯᠲᠠ ᠶᠢ | ᠴᠢᠩᠭᠠᠷᠠᠭᠤᠯᠤᠨ᠎ᠠ᠃ ︽12325︾ ᠪᠦᠬᠦ ᠤᠯᠤᠰ ᠤᠨ ᠠᠮᠤ ᠪᠤᠳᠠᠭᠠᠨᠤ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠬᠠᠯᠠᠭᠤᠨ ᠣᠳᠠᠰᠣᠨ ᠤ ᠦᠢᠯᠡᠳᠣᠯ ᠢ ᠭᠦᠢᠴᠡᠳ ᠪᠠᠳᠠᠷᠠᠭᠤᠯᠵᠤ᠂ ᠱᠠᠩᠨᠠᠯ ᠲᠠᠢ ᠢᠯᠡᠴᠢᠯᠡᠨ | ᠮᠡᠳᠡᠭᠦᠯᠬᠦ ᠳᠦᠷᠢᠮ ᠢ ᠪᠠᠶᠢᠭᠤᠯᠤᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ | ᠴᠢᠩᠭᠠᠷᠠᠭᠤᠯᠤᠨ᠎ᠠ᠃ | ᠣᠷᠴᠢᠭᠤᠯᠣᠭᠴᠢ᠄ ᠰᠡᠴᠡᠩᠭᠤᠸ᠎ᠠ | | |