ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠵᠶ᠋ᠠᠷ‌‍ᠢᠶ᠋ᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2020-04-20
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ           ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ     ᠰᠢᠨ᠎ᠡ ᠲᠢᠲᠢᠮ ᠲᠠᠢ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠬᠤ ᠶᠢᠨ ᠲᠥᠯᠥᠭᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠯᠠᠨ ᠵᠣᠶᠢᠯ ᠤᠨ ᠠᠷᠭ᠎ᠠ ᠬᠡᠮᠵᠢᠶ᠎ᠡ ᠠᠪᠴᠤ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠳᠡᠭᠡᠲᠤ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠬᠦᠴᠦᠨ ᠨᠡᠮᠡᠷᠢᠯᠡᠪᠡ᠃     ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠠᠵᠤ ᠠᠬᠤᠶᠢᠯᠠᠯ ᠤᠨ ᠲᠦᠷ ᠴᠠᠭ ᠤᠨ ᠴᠢᠨᠠᠷᠲᠠᠶ ᠤᠶᠢᠯᠡᠳᠪᠤᠷᠢᠯᠡᠯ ᠡᠵᠡᠩᠨᠡᠯᠲᠡ ᠶᠢᠨ ᠬᠦᠴᠢᠷᠳᠡᠯ ᠳᠤ ᠴᠢᠭᠯᠡᠭᠦᠯᠦᠨ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠳᠠᠯ ᠳᠣᠤᠷ᠎ᠠ᠂ ᠬᠡᠪ ᠤᠨ ᠤᠶᠢᠯᠡᠳᠪᠤᠷᠢᠯᠡᠯ ᠢᠶᠠᠨ ᠰᠡᠷᠭᠦᠭᠡᠬᠦ ᠪᠠ ᠤᠶᠢᠯᠡᠳᠪᠤᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠳᠤ ᠵᠢᠷᠭᠤᠭᠠᠨ ᠰᠠᠷ᠎ᠠ ᠥᠭᠴᠦ᠂ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ 2019 ᠣᠨ ᠳᠤ ᠪᠣᠳᠠᠲᠠᠶ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠤᠶᠢᠳᠬᠡᠯ ᠤᠨ 50% ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠠᠵᠢᠯ ᠣᠯᠭᠤᠨ᠎ᠠ᠃ ᠣᠳᠣᠬᠠᠨ ᠳᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ 2019 ᠣᠨ ᠳᠤ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ︽ᠠᠶᠠᠯᠠᠯ ᠬᠠᠮᠠᠭᠠᠯᠠᠬᠤ ᠠᠵᠢᠯᠯᠠᠭ᠎ᠠ︾ ᠶᠢᠨ ᠨᠢᠭᠡᠳᠦᠭᠡᠷ ᠪᠦᠯᠦᠭ ᠤᠨ ᠭᠤᠷᠪᠠᠨ ᠠᠵᠤ ᠠᠬᠤᠶᠢᠯᠠᠯ ︵ᠪᠤᠶᠢᠳᠠ ᠪᠥᠭᠯᠡᠭᠦᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ 60% ᠶᠢᠨ ᠭᠤᠶᠤᠴᠢᠯᠠᠯ ᠢᠶᠠᠷ ᠭᠤᠶᠤᠴᠢᠯᠠᠵᠤ ᠪᠣᠯᠤᠨ᠎ᠠ︶᠄ ᠥᠪᠥᠷ ᠮᠣᠩᠭᠤᠯ ᠤᠨ ᠹᠤᠩ ᠢᠦᠶ ᠶᠤᠸᠠᠨ ᠰᠢᠨ᠎ᠡ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ 25 ᠬᠦᠮᠦᠨ ᠭᠤᠶᠤᠴᠢᠯᠠᠵᠤ᠂ 1.85 ᠲᠦᠮᠡᠨ ᠲᠥᠭᠦᠷᠢᠭ ᠤᠨ ᠨᠥᠬᠦᠪᠥᠷᠢ ᠭᠤᠶᠤᠴᠢᠯᠠᠪᠠ︔ ᠳᠤᠮᠳᠠᠳᠤ ᠤᠯᠤᠰ ᠤᠨ ᠬᠠᠮᠲᠤᠷᠠᠭᠰᠠᠨ ᠰᠦᠯᠵᠢᠶᠡᠨ ᠤ ᠴᠢᠮᠡᠭᠡ ᠬᠤᠯᠪᠣᠭ᠎ᠠ ᠶᠢᠨ ᠬᠢᠵᠠᠭᠠᠷᠲᠤ ᠺᠣᠮᠫᠠᠨᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠺᠣᠮᠫᠠᠨᠢ ᠳᠤ᠄ 48 ᠬᠥᠮᠦᠨ᠂ ᠨᠥᠬᠦᠪᠥᠷᠢ ᠭᠥᠷᠳᠡᠬᠦ ᠶᠢ ᠭᠤᠶᠤᠴᠢᠯᠠᠭᠰᠠᠨ ᠵᠣᠭᠤᠰ ᠤᠨ ᠲᠤᠭ᠎ᠠ᠄ 1.66 ᠲᠦᠮᠡᠨ ᠲᠥᠭᠦᠷᠢᠭ︔ ᠵᠥᠩ ᠯᠢᠶᠠᠨ ᠱᠤᠶᠢᠨᠢ 621 ᠬᠥᠮᠦᠨ ᠪᠠᠶᠢᠵᠤ᠂ 20.26 ᠲᠦᠮᠡᠨ ᠲᠥᠭᠦᠷᠢᠭ ᠤᠨ ᠨᠥᠬᠦᠪᠥᠷᠢ ᠭᠤᠶᠤᠴᠢᠯᠠᠪᠠ︔ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ︵ᠬᠦᠴᠢᠷᠳᠡᠯᠲᠡᠶ ᠠᠵᠤ ᠠᠬᠤᠶᠢᠯᠠᠯ ᠢ 6 ᠰᠠᠷ᠎ᠠ ᠶᠢᠨ ᠨᠡᠶᠢᠬᠡᠮ ᠤᠨ ᠪᠠᠲᠤᠯᠠᠭ᠎ᠠ ᠶᠢᠨ 50% ᠶᠢᠨ ᠭᠤᠶᠤᠴᠢᠯᠠᠯ ᠢᠶᠠᠷ︶      ᠬᠤᠶᠠᠷ ᠲᠤ᠂ ︵ᠨᠢᠭᠡᠨᠲᠡ ᠵᠠᠷᠯᠠᠨ ᠨᠡᠶᠢᠲᠡᠯᠡᠪᠡ︶ ᠥᠪᠥᠷ ᠮᠣᠩᠭᠤᠯ ᠤᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 1674 ᠬᠥᠮᠦᠨ᠂ ᠨᠥᠬᠦᠪᠥᠷᠢ ᠭᠤᠶᠤᠴᠢᠯᠠᠬᠤ ᠵᠣᠭᠤᠰᠣᠨ ᠲᠤᠭ᠎ᠠ 7604325 ᠲᠦᠮᠡᠨ ᠲᠥᠭᠦᠷᠢᠭ᠂ ᠥᠪᠥᠷ ᠮᠣᠩᠭᠤᠯ ᠤᠨ ᠪᠠᠶ ᠶᠠᠨ‌ᠬᠤᠤ ᠬᠢᠮᠢ ᠶᠢᠨ ᠠᠵᠤ ᠤᠶᠢᠯᠡᠳᠪᠤᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 1400 ᠬᠥᠮᠦᠨ᠂ ᠨᠥᠬᠦᠪᠥᠷᠢ ᠭᠤᠶᠤᠴᠢᠯᠠᠬᠤ ᠵᠣᠭᠤᠰᠣᠨ ᠲᠤᠭ᠎ᠠ 4022904.83 ᠲᠦᠮᠡᠨ ᠲᠥᠭᠦᠷᠢᠭ ᠪᠠᠶᠢᠨ᠎ᠠ᠃                                                            ᠵᠣᠬᠢᠶᠠᠭᠴᠢ᠄ ᠦ᠋ ᠳ᠋ᠦᠩ                                                            ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号