ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠨᠢᠭᠡᠴᠡ ᠳᠤ᠄ | ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ ᠰᠤᠳᠤᠯᠬᠤ ᠪᠠᠷ ᠳᠠᠮᠵᠢᠨ᠂ ᠬᠤᠰᠢᠭᠤᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ | ᠲᠣᠭᠤᠶᠢᠯᠡᠩ ︵ᠳᠣᠷᠣᠭᠰᠢ ︽ᠤᠳᠤᠷᠢᠳᠬᠤ ᠳᠤᠭᠤᠶᠢᠯᠠᠩ︾ ᠭᠡᠵᠦ ᠳᠥᠭᠦᠮᠴᠢᠯᠡᠨ᠎ᠡ︶ ᠪᠠᠶᠢᠭᠤᠯᠬᠤ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠬᠤ᠋ ᠶᠠᠨ ᠹᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠭᠦ᠋ ᠵᠢᠤᠢ ᠯᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠭᠡᠰᠢᠭᠦᠨ᠄ ᠠᠭᠤᠯᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ | ᠰᠢᠤᠸᠠᠢ ᠫᠢᠩ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ | ᠵᠠᠩ ᠬᠤᠩ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠳ᠋ᠦᠩ ᠰᠢᠶᠣᠤ ᠨᠢᠩ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ | ᠵᠠᠩ ᠳ᠋ᠧᠩ ᠹᠧᠩ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠯᠢᠦᠶ ᠵᠢᠶᠦ᠋ᠨ ᠲᠢᠩ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠰᠢᠨ ᠹᠦ᠋ ᠰᠢᠩ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠤ ᠳᠡᠳ᠋ ᠳᠠᠷᠤᠭ᠎ᠠ | ᠡᠤ ᠳ᠋ᠧ ᠬᠤᠸᠠ᠂ ᠬᠤᠰᠢᠭᠤᠨ ᠤ ᠠᠵᠤ ᠦᠢᠯᠡᠳᠪᠣᠷᠢ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠸᠠᠩ ᠵᠢᠶᠠᠩ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠰᠢᠶᠠ ᠫᠧᠶ ᠬᠤᠩ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠴᠢ ᠯᠢ ᠬᠤᠸᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠸᠠᠩ ᠬᠤᠩ᠂ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠳᠠᠷᠤᠭ᠎ᠠ | ᠵᠤᠤ ᠵᠢᠶᠠᠩ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠫᠠᠩ ᠵᠦᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠡᠤ ᠵᠢᠶᠦ᠋ᠨ ᠱᠧᠩ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠰᠢᠤᠢ ᠬᠤᠩ ᠶᠧ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ | ᠭᠤᠤ ᠰᠢᠶᠣᠤ ᠪᠥᠸᠧ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠲᠥᠪ ᠤᠨ ᠡᠷᠬᠢᠯᠡᠭᠴᠢ | ᠭᠤᠤ ᠪᠦ᠋ ᠼᠠᠢ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠠᠷᠢᠶᠠᠯᠠᠩ ᠤᠨ ᠪᠠᠶᠢᠴᠠᠭᠠᠯᠲᠠ ᠶᠢᠨ | ᠠᠩᠭᠢ ᠶᠢᠨ ᠳᠠᠷᠤᠭ᠎ᠠ | ᠬᠤ᠋ ᠷᠢ ᠴᠧᠩ᠂ ᠪᠠᠶᠠᠨᠴᠠᠭᠠᠨ ᠪᠠᠯᠭᠠᠰᠤᠨ ᠤ ᠳᠠᠷᠤᠭ᠎ᠠ | ᠴᠧᠨ ᡁᠢ ᠭᠥᠸᠧ᠂ ᠲᠡᠮᠣᠷᠳᠡᠢ ᠪᠠᠯᠭᠠᠰᠤᠨ ᠤ ᠳᠠᠷᠤᠭ᠎ᠠ | ᠯᠢ ᠰᠢᠶᠠ᠂ ᠪᠤᠩᠬᠤᠨ ᠪᠠᠯᠭᠠᠰᠤᠨ ᠤ ᠳᠠᠷᠤᠭ᠎ᠠ | ᠵᠠᠩ ᠢᠦᠶ ᠱᠧᠩ᠂ ᠬᠤᠩᠬᠢᠯᠳᠦ ᠪᠠᠯᠭᠠᠰᠤᠨ ᠤ ᠳᠠᠷᠤᠭ᠎ᠠ | ᠿᠧᠨ ᠯᠢ᠂ ᠳ᠋ᠡ ᠯᠢᠦ ᠬᠤᠤ ᠪᠠᠯᠭᠠᠰᠤᠨ ᠤ ᠳᠠᠷᠤᠭ᠎ᠠ | ᠸᠠᠩ ᠰᠢᠶᠣᠤ ᠰᠢᠶᠠ᠂ ᠲᠣᠯᠣᠭᠠᠨ ᠬᠤᠳᠳᠤᠭ ᠰᠣᠮᠦ ᠶᠢᠨ ᠲᠠᠷᠤᠭ᠎ᠠ | ᠶᠦᠨ ᠱᠧᠩ᠂ ᠤᠯᠠᠭᠠᠨᠬᠠᠳᠠ ᠰᠤᠮᠤ ᠶᠢᠨ ᠳᠠᠷᠤᠭ᠎ᠠ | ᠸᠠᠴᠢᠷᠬᠤᠶᠠᠭ᠂ ᠰᠢᠯᠢ ᠰᠢᠶᠠᠩ ᠤᠨ ᠳᠠᠷᠤᠭ᠎ᠠ | ᠯᠢᠦ ᡁᠢ ᠬᠤᠩ᠂ ᠠᠷᠠᠳ ᠤᠨ ᠪᠠᠩᠬᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠯᠪᠤᠷᠢ | ᠪᠠᠩᠬᠢ ᠶᠢᠨ ᠲᠠᠷᠤᠭ᠎ᠠ | ᠬᠤᠶᠠᠷ᠂ ᠪᠤᠰᠤᠳ ᠵᠣᠶᠢᠯ | ︵ᠨᠢᠭᠡ︶ ᠤᠳᠤᠷᠢᠳᠬᠤ ᠳᠤᠭᠤᠶᠢᠯᠠᠩ ᠨᠢ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠣᠷᠢᠯᠡᠨ᠎ᠠ᠃ | ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠲᠤᠭ᠎ᠠ ᠪᠦᠷᠢᠳᠬᠡᠯ ᠤᠨ | ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ ᠲᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢ ᠬᠤᠰᠢᠭᠤᠨ | ᠤ ᠲᠤᠭ᠎ᠠ ᠪᠦᠷᠢᠳᠭᠡᠯ ᠤᠨ ᠲᠣᠪᠴᠢᠶᠠᠨ ᠤ ᠳᠠᠷᠤᠭ᠎ᠠ ᠵᠠᠩ ᠬᠤᠩ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ | ᠬᠡᠷ ᠤᠨ ᠡᠷᠬᠢᠯᠡᠭᠴᠢ ᠳ᠋ᠦᠩ ᠰᠢᠶᠤᠤ ᠨᠢᠩ ᠬᠠᠪᠰᠤᠷᠭᠠᠨ ᠬᠠᠷᠢᠭᠤᠴᠠᠨ᠎ᠠ᠃ | ᠬᠤᠶᠢᠰᠢᠳᠠ᠂ ᠬᠤᠰᠢᠭᠤ ᠱᠠᠲᠤᠨ ᠤ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠬᠥᠮᠦᠰ ᠬᠡᠷᠪᠡ ᠬᠤᠪᠢᠷᠠᠯᠲᠠ | ᠭᠠᠷᠪᠠᠯ᠂ ᠤᠳᠤᠷᠢᠳᠬᠤ ᠳᠤᠭᠤᠶᠢᠯᠠᠩ ᠥᠪᠡᠰᠦᠪᠡᠨ ᠲᠣᠬᠢᠷᠠᠭᠤᠯᠤᠯᠲᠠ ᠬᠢᠵᠦ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠠᠴᠠ ᠠᠰᠲᠠᠭᠠᠨ ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃ ᠬᠤᠰᠢᠭᠤᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠣᠭ᠍ᠰᠡᠨ ᠤ | ᠳᠠᠷᠠᠭ᠎ᠠ᠂ ᠤᠳᠤᠷᠢᠳᠬᠤ ᠳᠤᠭᠤᠶᠢᠯᠠᠩ ᠥᠪᠡᠷᠲᠡᠭᠡᠨ ᠬᠦᠴᠦᠨ ᠦᠭᠡᠢ ᠪᠣᠯᠣᠨ᠎ᠠ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ | 2020 ᠣᠨ ᠤ 2 ᠰᠠᠷ᠎ᠠ ᠶᠢᠨ 24 ᠤ ᠡᠳᠦᠷ | |