ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠬᠡᠷᠡᠭᠰᠡᠯ ᠳᠤ ᠴᠣᠬᠢᠯᠲᠠ ᠥᠭᠬᠦ ︽ᠬᠠᠪᠤᠷ ᠤᠨ ᠠᠶᠤᠩᠭ᠎ᠠ︾ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠪᠡ
ᠨᠡᠶᠢᠲᠡᠯᠡᠭᠰᠡᠨ ᠴᠠᠭ᠄
2020-04-23
           ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ            ᠲᠠᠷᠢᠶᠠᠯᠠᠩ ᠤᠨ ᠬᠡᠷᠡᠭᠰᠡᠯ ᠳᠤ ᠴᠣᠬᠢᠯᠲᠠ ᠥᠭᠬᠦ ︽ᠬᠠᠪᠤᠷ ᠤᠨ ᠠᠶᠤᠩᠭ᠎ᠠ︾ ᠠᠵᠢᠯᠯᠠᠭ᠎ᠠ ᠶᠢ            ᠦᠳᠲᠡᠷ ᠲᠦᠷᠭᠡᠨ ᠥᠷᠨᠢᠭᠦᠯᠪᠡ    ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠤ᠂ ᠵᠠᠬ᠎ᠠ ᠳᠡᠯᠭᠡᠭᠦᠷ ᠢ ᠴᠡᠪᠡᠷᠰᠢᠭᠦᠯᠦᠨ᠂ ᠲᠥᠪ ᠭᠤᠤᠯᠴᠢ᠂ ᠡᠮᠬᠢ ᠵᠢᠷᠤᠮ ᠲᠠᠢ ᠵᠠᠬ᠎ᠠ ᠳᠡᠯᠬᠡᠬᠦᠷ ᠤᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠢ ᠵᠠᠪᠳᠤᠨ ᠠᠳᠬᠤᠵᠤ᠂ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠠᠳᠬᠤᠵᠤ᠂ ᠡᠷᠲᠡᠬᠡᠨ ᠪᠠᠶᠢᠷᠢᠯᠠᠭᠤᠯᠵᠤ᠂ ᠡᠷᠲᠡ ᠬᠥᠳᠡᠯᠦᠯᠴᠡᠵᠦ᠂ 3 ᠰᠠᠷ᠎ᠠ ᠶᠢᠨ 17 ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ ᠡᠯ᠎ᠡ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠲᠤ ᠬᠠᠪᠤᠷ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ︽ᠬᠠᠪᠤᠷ ‍ᠤᠨ‌ᠠᠶᠤᠩᠭ᠎ᠠ︾ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠨ ᠪᠤᠷᠤᠯᠠᠭᠤᠯᠬᠤ ᠠᠵᠤ ᠠᠬᠤᠶᠢᠯᠠᠯ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠬᠡ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠵᠡᠷᠭᠡ ᠳᠤ ᠪᠠᠶᠢᠴᠠᠭᠠᠯᠲᠠ ᠬᠢᠵᠦ᠂ ᠡᠯ᠎ᠡ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠤᠨ ᠤᠶᠢᠯᠡᠳᠬᠦᠨ ᠤ ᠪᠠᠷᠠᠭ᠎ᠠ ᠣᠷᠣᠭᠤᠯᠬᠤ ᠢᠷᠡᠯᠲᠡ ᠨᠢ ᠵᠦᠶ ᠶᠣᠰᠣᠨ ᠤ ᠪᠠᠶᠢᠬᠤ ᠡᠰᠡᠬᠦ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠤᠶᠢᠯᠡᠳᠬᠦᠨ ᠢ ᠪᠦᠷᠢᠳᠬᠡᠨ ᠳᠠᠩᠰᠠᠯᠠᠭᠤᠯᠤᠭᠰᠠᠨ ᠡᠰᠡᠬᠦ᠂ ᠣᠷᠣᠭᠤᠯᠤᠯᠲᠠ ᠶᠢᠨ ᠡᠳ᠋ ᠢ ᠰᠦᠯᠵᠢᠶᠡᠨ ᠳᠡᠭᠡᠷ᠎ᠡ ᠬᠠᠮᠢᠶᠠᠷᠬᠤ ᠰᠢᠰᠲ᠋ᠧᠮ ᠤᠨ ᠠᠵᠢᠯᠯᠠᠭᠠᠨ ᠪᠠᠶᠢᠬᠤ ᠡᠰᠡᠬᠦ᠂ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ ᠪᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠨᠢ ᠪᠦᠷᠢᠨ ᠬᠦᠢᠴᠡᠳ ᠪᠠᠶᠢᠬᠤ ᠡᠰᠡᠬᠦ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠨᠢᠭᠡ ᠲᠠᠩᠰᠠ ᠳᠤ ᠨᠡᠪᠲᠡᠷᠡᠭᠰᠡᠨ ᠲᠡᠮᠳᠡᠭᠯᠡᠯ ᠨᠢ ᠪᠦᠷᠢᠨ ᠪᠦᠲᠦᠨ ᠵᠢᠷᠤᠮᠵᠢᠯ ᠪᠠᠶᠢᠬᠤ ᠡᠰᠡᠬᠦ᠂ ᠡᠵᠡᠩᠨᠡᠵᠦ ᠪᠠᠶᠢᠭ᠎ᠠ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠤᠶᠢᠯᠡᠳᠬᠦᠨ ᠳᠤ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ ᠪᠠᠶᠢᠴᠠᠭᠠᠨ᠎ᠠ᠃    ᠡᠶᠢᠮᠦ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠬᠠᠷᠢᠯᠴᠠᠨ ᠤᠶᠠᠯᠳᠤᠭᠰᠠᠨ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠬᠦ ᠬᠤᠰᠢᠭᠤᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠵᠠᠮ ᠳᠡᠪᠢᠰᠴᠦ ᠥᠭᠭᠦᠨ᠎ᠡ᠃                                                             ᠵᠣᠬᠢᠶᠠᠭᠴᠢ᠄ ᠭᠥᠸᠧ ᠯᠢ ᠮᠢᠨ                                                             ᠣᠷᠴᠢᠭᠤᠯᠣᠭᠴᠢ᠄ ᠡᠷᠳᠡᠨᠢᠴᠢᠮᠡᠭ        
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号