ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ | ᠠᠵᠤ ᠠᠬᠤᠶᠢᠯᠠᠯ ᠤᠨ ᠠᠵᠤ ᠤᠶᠢᠯᠡᠰ ᠢᠶᠠᠨ ᠰᠡᠷᠭᠦᠭᠡᠬᠦ ᠶᠢ ᠠᠬᠢᠭᠤᠯᠪᠠ | | ᠨᠢᠭᠡ ᠳᠤ᠂ ᠭᠠᠳᠠᠷ ᠣᠷᠣᠨ ᠤ ᠠᠵᠢᠯᠲᠠᠨ ᠤ ᠠᠵᠢᠯ ᠤᠨ ᠪᠠᠶᠢᠷᠢ ᠳᠠᠭᠠᠨ ᠪᠤᠴᠠᠬᠤ ᠤᠶᠢᠯᠡᠴᠢᠯᠡᠬᠡᠨ ᠤ ᠡᠷᠴᠢᠮ ᠢ | ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠳᠠᠷ ᠣᠷᠣᠨ ᠤ ᠠᠵᠢᠯᠲᠠᠨ ᠢ ᠬᠥᠲᠥᠯᠦᠨ | ᠵᠢᠯᠣᠭᠤᠳᠴᠤ ᠪᠠᠶᠢᠭᠠᠳ ︽ᠴᠡᠭ ᠲᠠᠭᠠᠷᠠᠭᠤᠯᠵᠤ︾ ᠲᠥᠪᠯᠡᠷᠡᠭᠦᠯᠦᠨ ᠲᠤᠰᠴᠤ ᠲᠡᠭᠡᠭᠡᠪᠦᠷᠢᠯᠡᠨ᠂ ᠭᠤᠤᠯᠳᠠᠯᠭ᠎ᠠ ᠲᠠᠢ | ᠠᠵᠢᠯ ᠤᠨ ᠪᠠᠶᠢᠷᠢ ᠶᠢᠨ ᠠᠵᠢᠯᠲᠠᠨ ᠤ ᠴᠠᠭ ᠲᠤᠬᠠᠶ ᠳᠤᠨᠢ ᠠᠵᠢᠯ ᠤᠨ ᠪᠠᠶᠢᠷᠢ ᠳᠠᠭᠠᠨ ᠪᠤᠴᠠᠬᠤ ᠶᠢ ᠦᠨᠡᠨᠬᠦ | ᠪᠠᠲᠤᠯᠠᠵᠤ᠂ ᠠᠵᠤ ᠠᠬᠤᠶᠢᠯᠠᠯ ᠤᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠨ᠎ᠠ᠃ | ᠬᠤᠶᠠᠷ ᠲᠤ᠂ ᠦᠷᠭᠦᠯᠵᠢᠯᠡᠨ ᠤᠶᠢᠯᠡᠳᠪᠤᠷᠢᠯᠡᠬᠦ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ | ᠪᠦᠲᠦᠭᠡᠭᠳᠡᠬᠦᠨ ᠤ ᠪᠣᠷᠣᠯᠠᠭᠤᠯᠭ᠎ᠠ ᠬᠦᠴᠢᠷᠲᠡᠶ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠪᠠᠷᠠᠭᠠᠨ ᠤ | ᠬᠦᠢᠯᠬᠡᠬᠡᠨ ᠤ ᠰᠠᠭᠠᠳ ᠥᠬᠡᠶ ᠨᠡᠪᠲᠡᠷᠡᠬᠦ ᠵᠠᠮ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠬᠢᠯᠢ ᠶᠢᠨ ᠳᠤᠲᠤᠷᠠᠬᠢ | ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠵᠢᠴᠢ ᠤᠯᠤᠰ ᠤᠨ ᠵᠠᠮ᠂ ᠮᠤᠵᠢ ᠶᠢᠨ ᠵᠠᠮ ᠤ | ᠭᠤᠤᠯ ᠱᠤᠭᠤᠮ ᠳᠡᠭᠡᠷᠡᠬᠢ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ | ᠬᠡᠮᠵᠢᠬᠦ ᠴᠡᠭ ᠢ ᠪᠦᠬᠦᠨ ᠢ ᠥᠬᠡᠶ ᠪᠣᠯᠭᠠᠨ᠎ᠠ᠃ | ᠭᠤᠷᠪᠠ ᠳᠤ᠂ ᠤᠯᠤᠰ ᠠᠴᠠ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ ᠬᠥᠩᠭᠡᠯᠡᠵᠦ ᠰᠤᠶᠢᠳᠬᠡᠯ ᠪᠠᠭᠤᠷᠠᠭᠤᠯᠬᠤ | ᠲᠥᠷᠥ ᠶᠢᠨ ᠪᠤᠳᠤᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ | ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠶ᠃ | ᠵᠣᠬᠢᠶᠠᠭᠴᠢ᠄ ᠴᠢᠯᠠᠭᠤ | ᠣᠷᠴᠢᠭᠤᠯᠣᠭᠴᠢ᠄ ᠡᠷᠳᠡᠨᠢᠴᠢᠮᠡᠭ |