ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠡᠶᠢᠭᠡᠮ ᠤᠨ ᠬᠠᠨᠳᠢᠪᠯᠠᠭᠰᠠᠨ ᠵᠣᠭᠤᠰ ᠪᠣᠳᠠᠰ ᠢ ᠨᠡᠶᠢᠲᠡ 384 ᠭᠠᠷᠤᠶ ᠲᠦᠮᠡᠨ ᠲᠥᠭᠦᠷᠢᠭ ᠭᠥᠯᠢᠶᠡᠨ ᠠᠪᠴᠠᠶ
ᠨᠡᠶᠢᠲᠡᠯᠡᠭᠰᠡᠨ ᠴᠠᠭ᠄
2020-04-28
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ           ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠡᠶᠢᠭᠡᠮ ᠤᠨ ᠬᠠᠨᠳᠢᠪᠯᠠᠭᠰᠠᠨ ᠵᠣᠭᠤᠰ ᠪᠣᠳᠠᠰ ᠢ           ᠨᠡᠶᠢᠲᠡ 384 ᠭᠠᠷᠤᠶ ᠲᠦᠮᠡᠨ ᠲᠥᠭᠦᠷᠢᠭ ᠭᠥᠯᠢᠶᠡᠨ ᠠᠪᠴᠠᠶ       ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠦᠰ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠨ ᠬᠦᠷᠭᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠯᠠᠮᠵᠢᠯᠠᠨ ᠳᠠᠮᠵᠢᠪᠡ᠃ 2020 ᠣᠨ ᠤ 3 ᠰᠠᠷ᠎ᠠ ᠶᠢᠨ 24 ᠤ ᠡᠳᠦᠷ ᠤᠨ 11 ᠴᠠᠭ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ  ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢᠯᠠᠬᠤ ᠬᠥᠮᠦᠰ ᠤᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠨᠡᠶᠢᠲᠡ 3842246.76 ᠲᠥᠭᠦᠷᠢᠭ ᠭᠥᠯᠢᠶᠡᠨ ᠠᠪᠴᠠᠶ᠂ ᠡᠭᠦᠨ ᠳᠤ ᠬᠠᠨᠳᠢᠪᠯᠠᠭᠰᠠᠨ ᠵᠣᠭᠤᠰ 3638788.76 ᠲᠥᠭᠦᠷᠢᠭ ᠪᠠᠶᠢᠵᠤ᠂ ᠨᠡᠶᠢᠲᠡ 2764180 ᠲᠥᠭᠦᠷᠢᠭ ᠵᠠᠷᠤᠴᠠᠭᠤᠯᠪᠠ︔ ᠡᠯ᠎ᠡ ᠲᠥᠷᠥᠯ ᠤᠨ ᠡᠳ᠋ ᠪᠣᠳᠠᠰ ᠢ ᠭᠥᠯᠢᠶᠡᠨ ᠠᠪᠤᠭᠰᠠᠨ ᠥᠷᠲᠡᠭ ᠨᠢ ᠨᠡᠶᠢᠲᠡ 203458 ᠲᠥᠭᠦᠷᠢᠭ ᠪᠠᠶᠢᠵᠤ᠂ ᠨᠡᠶᠢᠳᠡ 196308 ᠲᠥᠭᠦᠷᠢᠭ ᠵᠠᠷᠤᠴᠠᠭᠤᠯᠪᠠ︔ ᠬᠠᠨᠳᠢᠪᠯᠠᠨ ᠬᠦᠷᠭᠡᠭᠴᠢ ᠶᠢᠨ ᠬᠦᠰᠡᠯ ᠡᠷᠡᠮᠡᠯᠵᠡᠯ ᠶᠣᠰᠣᠭᠠᠷ ᠵᠢᠭᠠᠨ ᠲᠣᠭᠲᠠᠭᠠᠭᠰᠠᠨ ᠨᠢᠭᠡᠴᠡ ᠳᠤ ᠰᠢᠯᠵᠢᠭᠦᠯᠦᠨ ᠥᠭᠬᠦ ᠠᠴᠠ ᠭᠠᠳᠠᠨ᠎ᠠ᠂ ᠪᠤᠰᠤᠳ ᠢ ᠨᠢ ᠴᠥᠮ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠰᠤᠮᠤ ᠰᠢᠶᠠᠩ ᠪᠠᠯᠭᠠᠰᠤ ᠵᠢᠴᠢ ᠡᠷᠡᠭᠦᠯ ᠬᠠᠮᠠᠭᠠᠯᠠᠯ᠂ ᠬᠢᠵᠢᠭ ᠢ ᠰᠡᠷᠭᠡᠶᠢᠯᠡᠬᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠢᠭᠡᠳᠦᠯᠲᠡᠶ ᠰᠢᠯᠵᠢᠭᠦᠯᠦᠨ ᠳᠣᠭᠢᠷᠠᠭᠤᠯᠤᠨ᠎ᠠ᠃                                                           ᠵᠣᠬᠢᠶᠠᠭᠴᠢ᠄ ᠵᠧᠦ ᠰᠢᠶᠣᠣ ᠸᠧᠢ                                                           ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号