ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠰᠢᠭᠤᠨ ᠤ ᠨᠠᠮ ᠤᠨ | ᠬᠤᠷᠢᠶᠠᠨ ᠤ ᠭᠤᠤᠯ ᠳᠤᠭᠤᠶᠢᠯᠠᠩ ᠤᠨ ᠰᠣᠷᠣᠯᠴᠠᠬᠤ ᠬᠤᠷᠠᠯ ᠬᠤᠷᠠᠯᠳᠤᠭᠤᠯᠪᠠ | | 4 ᠰᠠᠷ᠎ᠠ ᠶᠢᠨ 24 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ | ᠭᠤᠤᠯ ᠲᠣᠭᠤᠶᠢᠯᠡᠩ ᠤᠨ ᠰᠤᠷᠤᠯᠴᠠᠯᠭ᠎ᠠ ᠶᠢᠨ ᠬᠤᠷᠠᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠵᠤ᠂ ᠬᠤᠰᠢᠭᠤᠨ ᠤ | ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩ ᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤ ᠴᠢᠩ | ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠣᠷᠢᠳᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠪᠠ᠃ | ᠰᠤᠷᠤᠯᠴᠠᠬᠤ ᠬᠤᠷᠠᠯ ᠨᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠢ ᠹᠧᠩ | ᠴᠢᠨ ᠢ ᠣᠷᠢᠵᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠢ ᠪᠠᠭᠰᠢ ᠶᠠᠳᠠᠭᠤ ᠠᠴᠠ | ᠠᠩᠭᠢᠵᠢᠷᠠᠭᠤᠯᠬᠤ ᠪᠣᠭᠤᠮᠳᠠ ᠰᠢᠪᠲᠤᠯᠬᠤ ᠠᠵᠢᠯ ᠢ ᠥᠷᠨᠢᠭᠦᠯᠦᠭᠰᠡᠨ ᠪᠡᠶᠢᠳᠡᠯ ᠤᠨ ᠲᠣᠭᠤᠷᠢᠨ ᠳᠤ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢᠨ ᠪᠣᠳᠠᠲᠤ ᠪᠡᠶᠢᠳᠡᠯ ᠵᠢᠴᠢ ᠥᠷᠭᠡᠨ ᠣᠯᠠᠨ ᠺᠠᠳ᠋ᠷ ᠤᠨ ᠦᠵᠡᠯ | ᠰᠠᠨᠠᠭ᠎ᠠ ᠪᠣᠯᠤᠨ ᠠᠵᠢᠯ ᠤᠨ ᠪᠣᠳᠠᠳᠦ ᠪᠡᠶᠢᠳᠡᠯ ᠲᠠᠢ ᠨᠢᠭᠲᠠ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠳᠠ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠵᠥᠷᠢᠴᠡᠯ᠂ ᠬᠦᠴᠢᠷᠳᠡᠯ | ᠪᠣᠯᠤᠨ ᠥᠷᠢᠰᠥᠯᠳᠦᠭᠡᠨ ᠵᠡᠷᠭᠡ ᠲᠠᠯ᠎ᠠ ᠪᠠᠷ ᠲᠤᠰᠬᠠᠶ ᠰᠡᠳᠦᠪᠲᠦ ᠬᠢᠴᠢᠶᠡᠯᠯᠡᠭᠡ ᠬᠢᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠡᠨᠡ ᠵᠢᠯ ᠤᠨ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠴᠢᠬᠤᠯᠠ ᠠᠴᠢ ᠬᠤᠯᠪᠣᠭᠳᠠᠯ᠂ ᠡᠷᠬᠡᠪᠰᠢ ᠪᠡᠶᠡᠯᠡᠭᠦᠯᠬᠦ | ᠬᠠᠷᠠᠯᠲᠠ ᠡᠭᠦᠷᠭᠡ ᠪᠣᠯᠤᠨ ᠲᠤᠯᠭᠠᠷᠠᠵᠤ ᠪᠠᠶᠢᠭ᠎ᠠ ᠬᠦᠴᠢᠷᠳᠡᠯ ᠥᠷᠢᠰᠥᠯᠳᠦᠭᠡᠨ ᠢ ᠭᠦᠨᠵᠡᠭᠡᠢ ᠲᠠᠨᠢᠵᠤ᠂ ᠦᠵᠡᠯ | ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨᠬᠦ ᠨᠢᠭᠡᠳᠬᠡᠵᠦ᠂ ᠨᠡᠩ ᠴᠢᠩᠭ᠎ᠠ ᠠᠵᠢᠯ ᠤᠨ ᠡᠷᠴᠢᠮ᠂ ᠨᠡᠩ ᠥᠨᠳᠥᠷ ᠠᠵᠢᠯ ᠤᠨ ᠪᠠᠷᠢᠮᠵᠢᠶ᠎ᠠ ᠪᠠᠷ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠᠶᠢ ᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ | ᠲᠠᠯ᠎ᠠ ᠶᠢᠨ ᠢᠯᠠᠯᠲᠠ ᠶᠢ ᠲᠡᠮᠡᠴᠡᠨ ᠤᠯᠬᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠡᠶᠢᠯᠠᠯᠳᠣᠭᠠᠨ ᠪᠣᠯ ᠬᠠᠲᠠᠭᠤ ᠳᠠᠶᠢᠯᠠᠯᠳᠤᠭᠠᠨ ᠮᠥᠨ᠂ ᠪᠢᠳᠡ ᠡᠷᠬᠡᠪᠰᠢ ᠰᠡᠷᠭᠡᠭ ᠢᠶᠠᠷ ᠲᠠᠨᠢᠵᠤ ᠠᠪᠬᠤ ᠬᠡᠷᠡᠭᠲᠡᠶ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠤᠲᠠ ᠶᠢ ᠰᠢᠪᠲᠤᠯᠤᠨ ᠡᠵᠡᠯᠡᠬᠦ | ᠰᠢᠪᠲᠤᠯᠤᠯᠲᠠ ᠶᠢᠨ ᠱᠠᠲᠤᠨ ᠳᠤ ᠣᠷᠣᠵᠤ᠂ ᠡᠭᠦᠷᠭᠡ ᠮᠥᠨ ᠬᠦ ᠲᠦᠢᠯ ᠤᠨ ᠪᠡᠷᠬᠡ ᠬᠠᠲᠠᠭᠤᠵᠢᠯᠲᠠᠶ ᠪᠠᠶᠢᠵᠤ᠂ | ᠲᠣᠯᠭᠠᠷᠠᠵᠦ ᠪᠠᠶᠢᠭ᠎ᠠ ᠨᠢ ᠴᠥᠮ ᠶᠠᠳᠠᠭᠤ ᠶᠢᠨ ᠳᠣᠲᠣᠷᠠᠬᠢ ᠶᠠᠳᠠᠭᠤ᠂ ᠬᠦᠴᠢᠷᠳᠡᠯ ᠤᠨ ᠳᠣᠲᠣᠷᠠᠬᠢ ᠬᠦᠴᠢᠷ | ᠪᠡᠷᠬᠡᠰᠢᠶᠡᠯ ᠢ ᠠᠷᠭᠠᠴᠠᠭᠠᠵᠤ ᠪᠠᠶᠢᠭ᠎ᠠ ᠶᠠᠪᠤᠳᠠᠯ ᠮᠥᠨ᠂ ︽ᠠᠮᠤᠰᠬᠢᠵᠦ︾ ︽ᠬᠥᠯ ᠠᠮᠠᠷᠠᠬᠤ︾ ᠪᠣᠳᠣᠯ ᠪᠠᠶᠢᠵᠤ | ᠪᠣᠯᠬᠤ ᠥᠬᠡᠶ᠂ ᠨᠠᠩ ᠴᠤ ︽ᠫᠤᠤ ᠰᠤᠮᠤ ᠪᠠᠨ ᠬᠥᠮᠥᠷᠭᠡ ᠳᠤ ᠣᠷᠣᠭᠤᠯᠵᠤ︾᠂ ᠶᠠᠳᠠᠭᠤ ᠠᠴᠠ | ᠠᠩᠬᠢᠵᠢᠷᠠᠭᠤᠯᠣᠭᠰᠠᠨ ᠣᠯᠠᠨ ᠲᠦᠮᠡᠨ ᠢ ᠳᠠᠬᠢᠨ ᠶᠠᠳᠠᠭᠤᠷᠠᠬᠤ ᠵᠠᠮ ᠳᠤ ᠣᠷᠣᠭᠤᠯᠵᠤ ᠪᠣᠯᠬᠤ ᠥᠬᠡᠶ᠃ ︽ | ᠴᠠᠭᠠᠷᠠᠭᠰᠠᠨ︾ ᠳᠠᠶᠢᠨ ᠤ ︽ᠶᠠᠳᠠᠭᠤ︾ ᠶᠢᠨ ᠬᠦᠴᠦᠨ ᠴᠢᠳᠠᠯ ᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ | ᠰᠤᠷᠲᠠᠯ᠂ ᠴᠠᠭᠠᠷᠠᠭᠰᠠᠨ ᠴᠢᠳᠠᠪᠤᠷᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠪᠦᠬᠦ ᠲᠠᠯ᠎ᠠ ᠶᠢᠨ ᠢᠯᠠᠯᠲᠠ ᠶᠢ ᠵᠣᠷᠢᠭᠲᠠᠢ ᠲᠡᠮᠡᠴᠡᠨ ᠤᠯᠬᠤ ᠬᠡᠷᠡᠭᠲᠡᠢ᠃ | ᠵᠣᠬᠢᠶᠠᠭᠴᠢ᠄ ᠦᠵᠦᠮ᠎ᠡ | ᠣᠷᠴᠢᠭᠤᠯᠣᠭᠴᠢ᠄ ᠰᠡᠴᠡᠩᠭᠤᠸ᠎ᠠ |