ᠭᠤᠤ ᠶᠦᠩ ᠪᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ | | 4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠭᠤᠤ ᠶᠦᠩ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠰᠥᠩ ᠵᠢᠶ ᠴᠢᠩ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠼᠦᠨ ᠾᠧ᠂ | ᠨᠢᠢ ᠯᠦᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠾᠧ ᠶᠢᠩ ᠽᠢ᠂ ᠬᠤᠰᠢᠭᠤᠨ ᠰᠢᠭᠤᠳ ᠬᠠᠷᠢᠶ᠎ᠠ | ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠰᠥᠩ ᠵᠢᠶ ᠴᠢᠩ ᠣᠳᠣᠬᠠᠨ ᠤ ᠥᠷᠢ ᠥᠭᠴᠡᠭᠡ ᠶᠢ ᠨᠠᠮᠳᠠᠭᠤᠯᠬᠤ ᠠᠵᠢᠯ ᠤᠨ ᠪᠠᠶᠢᠳᠠᠯ ᠢ | ᠣᠯᠠᠮᠵᠢᠯᠠᠵᠦ᠂ ᠲᠠᠲᠠᠪᠤᠷᠢᠯᠠᠬᠤ ᠠᠯᠪᠠᠨ ᠬᠡᠷ ᠤᠨ ᠬᠠᠷᠢᠭᠤᠴᠠᠯᠭᠠᠲᠠᠨ ᠲᠥᠬᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠬᠤᠸᠠ ᠶᠤᠸᠠᠨ ᠱᠧᠩ | ᠺᠣᠮᠫᠠᠨᠢ ᠶᠢᠨ ᠬᠠᠷᠢᠭᠤᠴᠠᠯᠭᠠᠲᠠᠨ ᠬᠠᠶᠢᠷ ᠴᠢᠯᠠᠭᠤ ᠬᠡᠷᠡᠭᠯᠡᠬᠦ ᠶᠢ ᠬᠢᠨᠠᠨ ᠬᠠᠮᠢᠶᠠᠷᠬᠤ ᠠᠰᠠᠭᠤᠳᠠᠯ ᠢ ᠬᠠᠷᠢᠭᠤ | ᠮᠡᠳᠡᠭᠦᠯᠵᠦ᠂ ᠶᠠᠳᠠᠭᠤ ᠶᠢ ᠲᠡᠳᠬᠦᠬᠦ ᠠᠯᠪᠠᠨ ᠬᠡᠷ ᠤᠨ ᠬᠠᠷᠢᠭᠤᠴᠠᠯᠭᠠᠲᠠᠨ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠠᠯᠠ ᠮᠥᠩᠭᠦ ᠶᠢᠨ ᠲᠥᠷᠥᠯ ᠵᠣᠶᠢᠯ ᠤᠨ ᠠᠰᠠᠭᠤᠳᠠᠯ ᠢ ᠬᠠᠷᠢᠭᠤ | ᠮᠡᠳᠡᠭᠦᠯᠪᠡ᠃ ᠡᠯ᠎ᠡ ᠬᠠᠮᠢᠶ᠎ᠠ ᠪᠦᠬᠦᠢ ᠨᠢᠭᠡᠴᠡ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ | ᠬᠠᠷᠢᠭᠤᠴᠠᠯᠭᠠᠲᠠᠨ ᠣᠳᠣ ᠶᠢᠨ ᠠᠵᠢᠯ ᠤᠨ ᠲᠤᠬᠠᠶ ᠶᠠᠷᠢᠶ᠎ᠠ ᠲᠠᠯᠪᠢᠵᠤ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ | ᠳᠤᠷᠠᠳᠪᠠ᠃ | ᠭᠤᠤ ᠶᠦᠩ ᠪᠢᠨ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠤᠳ ᠪᠠᠶᠢᠳᠠᠯ ᠢ | ᠲᠣᠳᠣᠷᠬᠠᠢ ᠲᠠᠨᠢᠵᠤ᠂ ᠰᠡᠳᠬᠢᠮᠵᠢ ᠪᠠᠨ ᠥᠷᠭᠡᠨ ᠢᠶᠠᠷ ᠨᠡᠭᠡᠭᠡᠵᠦ᠂ ᠥᠷᠢ ᠥᠭᠴᠡᠭᠡᠨ ᠤ ᠠᠰᠠᠭᠤᠳᠠᠯ ᠢ ᠵᠥᠪ ᠢᠶᠠᠷ | ᠲᠠᠨᠢᠵᠤ᠂ ᠥᠷᠢ ᠰᠢᠷᠢ ᠪᠠᠨ ᠠᠷᠢᠯᠭᠠᠬᠤ ᠴᠢᠳᠠᠪᠤᠷᠢ ᠪᠠᠨ ᠨᠡᠮᠡᠭᠳᠡᠭᠦᠯᠵᠦ᠂ ᠨᠠᠷᠢᠨ ᠲᠠᠩᠰᠠ ᠪᠠᠨ ᠬᠢᠨᠠᠮᠠᠭᠠᠶ ᠡᠮᠬᠢᠯᠡᠵᠦ᠂ | ᠴᠠᠭ ᠤᠨ ᠵᠠᠩᠭᠢᠶᠠᠰᠤ ᠶᠣᠰᠣᠭᠠᠷ ᠡᠯ᠎ᠡ ᠵᠣᠶᠢᠯ ᠤᠨ ᠠᠵᠢᠯ ᠢᠶᠠᠨ ᠥᠷᠨᠢᠭᠦᠯᠵᠦ᠂ ᠡᠯ᠎ᠡ ᠵᠣᠶᠢᠯ ᠤᠨ ᠠᠵᠢᠯ ᠤᠨ ᠲᠡᠭᠦᠰ | ᠠᠮᠵᠢᠯᠲᠠ ᠲᠠᠢ ᠪᠡᠶᠡᠯᠡᠭᠳᠡᠬᠦ ᠶᠢ ᠠᠬᠢᠭᠤᠯᠵᠤ᠂ ᠬᠤᠰᠢᠭᠤᠨ ᠤ ᠥᠷᠢ ᠰᠢᠷᠢ ᠶᠢᠨ ᠲᠦᠭᠰᠢᠭᠦᠷᠢ ᠶᠢ ᠶᠡᠷᠣᠩᠬᠡᠢ ᠳᠡᠭᠡᠨ | ᠡᠵᠡᠮᠳᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠬᠠᠤᠯᠢ ᠪᠤᠰᠤ ᠪᠠᠷ ᠬᠠᠶᠢᠷ ᠮᠠᠯᠲᠠᠬᠤ᠂ | ᠡᠯᠡᠰᠦ ᠬᠤᠯᠠᠭᠠᠶᠢᠯᠠᠬᠤ᠂ ᠡᠯᠡᠰᠦ ᠬᠠᠳᠠᠭᠠᠯᠠᠬᠤ ᠵᠡᠷᠭᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠴᠦ᠂ ᠪᠥᠬᠦ ᠬᠤᠰᠢᠭᠤᠨ ᠤ ᠬᠠᠶᠢᠷ ᠴᠢᠯᠠᠭᠤᠨ ᠤ ᠠᠵᠢᠯ ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠬᠤ | ᠬᠡᠷᠡᠭᠲᠡᠶ᠃ | ᠭᠤᠤ ᠶᠦᠩ ᠪᠢᠨ᠂ ᠣᠳᠣᠬᠠᠨ ᠳᠤ ᠶᠠᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠦᠯ ᠵᠦᠢᠯ ᠢᠶᠠᠷ ᠬᠥᠲᠥᠯᠦᠮᠵᠢ ᠪᠣᠯᠭᠠᠵᠤ᠂ ᠪᠡᠭᠡᠵᠢᠩ | ᠥᠪᠥᠷ ᠮᠣᠩᠭᠤᠯ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠪᠣᠯᠤᠨ ᠲᠦᠷᠦᠯ ᠵᠦᠢᠯ ᠤᠨ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠤᠨ ᠪᠡᠯᠡ | ᠮᠥᠩᠭᠦ ᠶᠢᠨ ᠬᠢᠨᠠᠯᠲᠠ ᠬᠠᠮᠢᠶᠠᠷᠣᠯᠳᠠ ᠪᠣᠯᠤᠨ ᠬᠡᠷᠡᠭᠯᠡᠯᠲᠡ ᠶᠢ ᠴᠢᠩᠳᠠᠯᠠᠬᠤ ᠬᠡᠷᠡᠭᠲᠡᠢ᠃ ᠶᠠᠳᠠᠭᠤ ᠶᠢ ᠲᠡᠳᠬᠦᠬᠦ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠪᠰᠤᠷᠤᠨ ᠲᠡᠳᠬᠦᠬᠦ ᠲᠦᠷᠦᠯ ᠵᠦᠢᠯ ᠢ ᠤᠨᠢᠨ | ᠳᠡᠭᠡᠷ᠎ᠡ ᠨᠢ ᠳᠤᠬᠢᠷᠠᠭᠤᠯᠵᠤ᠂ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠳᠡᠢ᠃ ᠲᠥᠷᠥᠯ | ᠵᠣᠶᠢᠯ ᠤᠨ ᠨᠢᠭᠡᠴᠡ ᠨᠦᠭᠦᠳ ᠴᠠᠭ ᠮᠥᠴᠡ ᠶᠢ ᠵᠠᠪᠳᠤᠵᠤ᠂ ᠠᠬᠢᠴᠠ ᠪᠠᠨ ᠲᠦᠷᠭᠡᠳᠬᠡᠵᠦ᠂ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠤᠨ ᠶᠠᠳᠠᠭᠤ ᠶᠢ ᠲᠡᠳᠬᠦᠬᠦ ᠦᠷ᠎ᠡ ᠠᠰᠢᠭ ᠢ ᠡᠷᠲᠡᠬᠡᠨ ᠪᠤᠢ | ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠤ ᠶᠦᠩ ᠪᠢᠨ ᠴᠢᠬᠤᠯᠠᠴᠢᠯᠠᠭᠰᠠᠨ ᠨᠢ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ | ᠥᠭᠡᠷᠡᠴᠢᠯᠡᠨ ᠪᠡᠶᠢᠭᠤᠯᠬᠤ ᠠᠵᠢᠯ ᠨᠢ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠮᠠᠰᠢ ᠴᠢᠬᠤᠯᠠᠨ ᠠᠴᠢ ᠬᠤᠯᠪᠣᠭᠳᠠᠯ ᠲᠠᠢ ᠶᠤᠮ᠂ ᠡᠯ᠎ᠡ ᠱᠠᠲᠤ ᠡᠯ᠎ᠡ ᠰᠠᠯᠠᠭ᠎ᠠ ᠮᠥᠴᠢᠷᠤᠳ | ᠬᠠᠷᠢᠭᠤᠴᠠᠯᠭᠠᠲᠤ ᠤᠬᠠᠮᠰᠠᠷ᠂ ᠲᠣᠪᠣᠶᠢᠮ᠎ᠠ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠠᠩᠭᠢᠯᠠᠭ᠎ᠠ ᠶᠢ ᠠᠳᠬᠤᠵᠤ᠂ | ᠵᠠᠩᠭᠢᠯᠠᠭ᠎ᠠ ᠶᠢ ᠠᠳᠬᠤᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠢᠨᠡᠳᠬᠡᠬᠦ | ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠵᠣᠬᠢᠶᠠᠭᠴᠢ᠄ ᠴᠢ ᠷᠦᠢ ᠶᠢᠨ | ᠣᠷᠴᠢᠭᠤᠯᠣᠭᠴᠢ᠄ ᠰᠡᠴᠡᠩᠭᠤᠸ᠎ᠠ |