ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠤᠯᠠᠭᠠᠨᠬᠠᠳᠠ ᠶᠢᠨ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ ᠱᠠᠯᠠᠪᠳᠠᠭᠤᠯᠤᠨ ᠵᠢᠯᠣᠭᠤᠳᠴᠤ ᠦᠢᠯᠡᠳᠪᠣᠷᠢᠯᠡᠯ ᠢᠶᠠᠨ ᠰᠡᠷᠭᠦᠭᠡᠵᠦ ᠬᠠᠪᠤᠷ ᠤᠨ ᠲᠠᠷᠢᠶᠠᠯᠠᠭ᠎ᠠ ᠶᠢ ᠲᠤᠰᠠᠯᠠᠪᠠ
ᠨᠡᠶᠢᠲᠡᠯᠡᠭᠰᠡᠨ ᠴᠠᠭ᠄
2020-04-29
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ       ᠲᠣᠪᠴᠢᠶ᠎ᠠ ᠤᠯᠠᠭᠠᠨᠬᠠᠳᠠ ᠶᠢᠨ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ       ᠱᠠᠯᠠᠪᠳᠠᠭᠤᠯᠤᠨ ᠵᠢᠯᠣᠭᠤᠳᠴᠤ ᠦᠢᠯᠡᠳᠪᠣᠷᠢᠯᠡᠯ ᠢᠶᠠᠨ ᠰᠡᠷᠭᠦᠭᠡᠵᠦ ᠬᠠᠪᠤᠷ ᠤᠨ ᠲᠠᠷᠢᠶᠠᠯᠠᠭ᠎ᠠ ᠶᠢ       ᠲᠤᠰᠠᠯᠠᠪᠠ     ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠬᠢᠵᠢᠭ ᠤᠨ ᠪᠡᠶᠢᠳᠡᠯ ᠢ ᠠᠷᠭᠠᠴᠠᠬᠤ ᠶᠢᠨ ᠲᠥᠯᠥᠭᠡ᠂ 4 ᠰᠠᠷ᠎ᠠ ᠶᠢᠨ 22 ᠤ ᠡᠳᠦᠷ᠂ ᠰᠤᠷᠪᠤᠯᠵᠢᠯᠠᠭᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠮᠡᠷᠭᠡᠵᠢᠯ ᠤᠨ ᠠᠵᠢᠯᠲᠠᠨ ᠲᠠᠢ ᠬᠠᠮᠲᠤ ᠤᠯᠠᠭᠠᠨᠬᠠᠳᠠ ᠰᠤᠮᠤᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠪᠠ᠃   ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ‌‍ᠤᠨ ᠨᠢᠭᠡ ᠤᠳᠠᠭᠠᠨ ᠤ ᠳᠠᠶᠢᠯᠠᠯᠳᠤᠭᠠᠨ ᠪᠠᠶᠢᠵᠤ᠂ ᠮᠠᠨ ᠤ ᠬᠤᠰᠢᠭᠤᠨ ᠤ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠲᠠᠢ ᠰᠢᠭᠤᠳ ᠬᠤᠯᠪᠣᠭᠳᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠤᠯᠭ᠎ᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠭᠠᠨᠬᠠᠳᠠ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠣᠷᠢᠯᠡᠯ ᠤᠨ ᠳᠤᠮᠳᠠ ᠢᠯᠡᠷᠡᠭᠰᠡᠨ ᠬᠦᠴᠢᠷ ᠠᠰᠠᠭᠤᠳᠠᠯ ᠪᠠ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ ᠰᠢᠢᠳᠪᠣᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠣᠷᠢᠯᠡᠯ ᠤᠨ ᠤᠷᠤᠭᠰᠢᠲᠠᠶ᠂ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠵᠤ᠂ ᠴᠢᠨᠠᠷ ᠰᠠᠶᠢᠲᠠᠶ ᠪᠡᠶᠡᠯᠡᠭᠦᠯᠵᠡᠶ᠃    ᠬᠠᠪᠤᠷ ᠤᠨ ᠬᠤᠭᠤᠰ ᠭᠡᠷ ᠪᠣᠯᠭᠠᠨ ᠶᠠᠭᠠᠷᠠᠤ᠂ ᠤᠷᠢᠳᠠᠪᠠᠷ ᠭᠤᠸᠠ ᠪᠤᠷᠴᠠᠭ ᠲᠠᠷᠢᠵᠤ ᠳᠠᠷᠠᠭ᠎ᠠ ᠨᠢ ᠴᠢᠬᠢ ᠰᠠᠭᠤᠯᠭᠠᠨ᠎ᠠ᠃ ᠨᠢᠭᠡ ᠡᠪᠦᠯ ᠰᠤᠯᠠ ᠲᠠᠯᠪᠢᠭᠰᠠᠨ ᠲᠠᠷᠢᠶᠠᠯᠠᠩ ᠤᠨ ᠮᠧᠬᠠᠨᠢᠭ ᠴᠤ ︽ᠰᠡᠷᠭᠦᠬᠦ︾ ᠦᠶ᠎ᠡ᠂ ᠮᠠᠰᠢᠨ ᠤ ᠱᠤᠤᠭᠢᠶᠠᠨ ᠢ ᠳᠠᠭᠠᠯᠳᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠪᠡ᠃ ᠤᠯᠠᠭᠠᠨᠬᠠᠳᠠ ᠰᠤᠮᠤ ᠶᠢᠨ ᠲᠠᠷᠢᠶᠠᠨ ᠦᠵᠦᠭᠦᠷ ᠨᠢ ᠰᠢᠨ᠎ᠡ ᠬᠡᠯᠪᠡᠷᠢ ᠲᠠᠢ᠂ ᠥᠪᠡᠷᠮᠢᠴᠡ ᠣᠨᠴᠠᠯᠢᠭ ᠲᠠᠢ ᠬᠠᠪᠤᠷ ᠤᠨ ᠲᠠᠷᠢᠶᠠᠯᠠᠭ᠎ᠠ ᠶᠢᠨ ᠵᠢᠷᠤᠭ ᠨᠢᠭᠡᠨᠲᠡ ᠳᠡᠯᠭᠡᠭᠳᠡᠪᠡ᠃    ᠬᠠᠪᠤᠷ ᠤᠨ ᠲᠠᠷᠢᠶᠠᠯᠠᠭ᠎ᠠ ᠶᠢᠨ ᠦᠢᠯᠡᠳᠪᠣᠷᠢᠯᠡᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠠᠷᠢᠶᠠᠯᠠᠩ ᠤᠨ ᠮᠡᠷᠭᠡᠵᠢᠯᠲᠡᠨ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠴᠢᠨ ᠡᠷᠦᠬᠡ ᠳᠤ ᠮᠡᠷᠭᠡᠵᠢᠯ ᠤᠨ ᠤᠬᠠᠭᠤᠯᠭ᠎ᠠ ᠶᠢᠨ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠣᠷᠢᠯᠡᠯ ᠥᠷᠨᠢᠭᠦᠯᠬᠦ ᠶᠢ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠴᠤ᠂ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠢ ᠤᠯᠠᠮᠵᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠪᠠ᠃                                     ᠵᠣᠬᠢᠶᠠᠭᠴᠢ᠄ ᠰᠦᠯᠳᠡ   ᠯᠢᠶᠠᠩ ᠸᠧᠨ ᠯᠦᠩ                                     ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号