ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠬᠤ ᠵᠢᠴᠢ ᠬᠠᠤᠯᠢ ᠪᠤᠰᠤ ᠬᠡᠪᠯᠡᠭᠳᠡᠬᠦᠨ ᠢ ᠲᠥᠪᠯᠡᠷᠡᠭᠦᠯᠦᠨ ᠤᠰᠠᠳᠬᠠᠬᠤ ᠬᠥᠳᠡᠯᠭᠡᠭᠡᠨ ᠵᠢᠴᠢ ᠮᠡᠳᠡᠯᠭᠡ ᠶᠢᠨ ᠪᠦᠳᠣᠭᠡᠭᠳᠡᠭᠦᠨ ᠤ ᠥᠮᠴᠢᠯᠡᠬᠦ ᠡᠷᠬᠡ ᠶᠢᠨ ︽ᠨᠣᠭᠤᠭᠠᠨ ᠨᠣᠮ ᠤᠨ ᠱᠣᠰᠢᠭ᠎ᠠ︾ ᠶᠢᠨ ᠤᠬᠠᠭᠤᠯᠭ᠎ᠠ ᠶᠢᠨ ᠭᠠᠷᠠᠭ ᠤᠨ ᠬᠥᠳᠡᠯᠭᠡᠭᠡᠨ ᠶᠠᠪᠣᠭᠳᠠᠭᠤᠯᠵᠡᠢ
ᠨᠡᠶᠢᠲᠡᠯᠡᠭᠰᠡᠨ ᠴᠠᠭ᠄
2020-04-29
       ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠷᠬᠡ ᠳᠤ ᠬᠠᠯᠳᠠᠨ ᠬᠡᠪᠯᠡᠯ        ᠬᠤᠯᠠᠭᠠᠶᠢᠯᠠᠬᠤ ᠵᠢᠴᠢ ᠬᠠᠤᠯᠢ ᠪᠤᠰᠤ ᠬᠡᠪᠯᠡᠭᠳᠡᠬᠦᠨ ᠢ ᠲᠥᠪᠯᠡᠷᠡᠭᠦᠯᠦᠨ        ᠤᠰᠠᠳᠬᠠᠬᠤ ᠬᠥᠳᠡᠯᠭᠡᠭᠡᠨ ᠵᠢᠴᠢ ᠮᠡᠳᠡᠯᠭᠡ ᠶᠢᠨ ᠪᠦᠳᠣᠭᠡᠭᠳᠡᠭᠦᠨ ᠤ ᠥᠮᠴᠢᠯᠡᠬᠦ ᠡᠷᠬᠡ ᠶᠢᠨ        ︽ᠨᠣᠭᠤᠭᠠᠨ ᠨᠣᠮ ᠤᠨ ᠱᠣᠰᠢᠭ᠎ᠠ︾ ᠶᠢᠨ ᠤᠬᠠᠭᠤᠯᠭ᠎ᠠ ᠶᠢᠨ ᠭᠠᠷᠠᠭ ᠤᠨ ᠬᠥᠳᠡᠯᠭᠡᠭᠡᠨ        ᠶᠠᠪᠣᠭᠳᠠᠭᠤᠯᠵᠡᠢ        4 ᠰᠠᠷ᠎ᠠ ᠶᠢᠨ 26 ᠤ ᠡᠳᠦᠷ ᠤᠨ ︽ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠣᠷ︾ ᠢ ᠳᠤᠷᠠᠰᠬᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠤᠯᠠᠭᠠᠨᠴᠠᠪ ᠬᠤᠲᠠ ᠶᠢᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠵᠢᠴᠢ ᠬᠠᠤᠯᠢ ᠪᠤᠰᠤ ᠬᠡᠪᠯᠡᠭᠳᠡᠬᠦᠨ ᠢ ᠲᠥᠪᠯᠡᠷᠡᠭᠦᠯᠦᠨ ᠣᠰᠠᠳᠬᠠᠬᠤ ᠠᠵᠢᠯᠯᠠᠭ᠎ᠠ ᠶᠢᠨ ᠬᠤᠪᠢᠶᠠᠷᠢ ᠬᠤᠷᠠᠯ ᠤᠨ ᠲᠠᠯᠠᠪᠠᠶ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︿ᠨᠣᠭᠤᠭᠠᠨ ᠪᠢᠴᠢᠭ ᠤᠨ ᠱᠣᠰᠢᠭ᠎ᠠ﹀ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ︾ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ‌‍ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ︽ᠱᠠᠯᠢᠭ ᠵᠠᠪᠬᠠᠶ ᠵᠣᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠰᠢᠤ ᠴᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ︽ᠱᠠᠯᠢᠭ ᠵᠠᠪᠬᠠᠶ ᠵᠣᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ‌‍ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠮᠢ ᠶᠧᠦ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃   ᠵᠠᠩ ᠰᠢᠤ ᠴᠢᠩ ᠴᠢᠬᠤᠯᠠᠴᠢᠯᠠᠭᠰᠠᠨ ᠨᠢ᠂ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ︾ ᠪᠠᠷ ᠬᠠᠷᠠᠯᠲᠠ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠡᠯ᠎ᠡ ᠵᠣᠶᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠭᠦᠳᠦᠨ ᠪᠦᠲᠦᠭᠡᠯᠲᠡ ᠳᠤ ᠠᠰᠢᠭᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠳᠠᠢ᠃ ᠵᠣᠬᠢᠶᠠᠨ ᠪᠠᠶᠢᠭᠤᠯᠬᠤ ᠴᠢᠳᠠᠮᠵᠢ ᠶᠢ ᠴᠢᠩᠭᠠᠳᠬᠠᠵᠤ᠂ ︽ᠱᠠᠯᠢᠭ ᠵᠠᠪᠬᠠᠶ ᠵᠣᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠮᠠᠨ ᠤ  ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃    ᠠᠷᠠᠳ ᠣᠯᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠮᠡᠳᠡᠬᠦ ᠨᠣᠷᠮ᠎ᠠ  ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠰᠣᠶᠣᠯ ᠰᠣᠨᠢᠨ ᠮᠡᠳᠡᠭᠡ ᠬᠡᠪᠯᠡᠯ ᠤᠨ ᠵᠠᠬ᠎ᠠ ᠳᠡᠯᠭᠡᠭᠦᠷ ᠤᠨ ᠡᠷᠡᠭᠦᠯ ᠴᠢᠭᠢᠷᠠᠭ᠂ ᠡᠮᠬᠢ ᠵᠢᠷᠤᠮ ᠲᠠᠢ᠂ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠵᠡᠭᠡᠯᠢ ᠭᠤᠳᠤᠮᠵᠢ ᠪᠠᠷ ᠨᠠᠰᠢ ᠴᠠᠰᠢ ᠶᠠᠪᠤᠵᠤ ᠪᠠᠶᠢᠭ᠎ᠠ ᠶᠠᠪᠠᠭᠠᠨ ᠬᠥᠮᠦᠨ ᠳᠤ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠯᠲᠠ ᠬᠢᠪᠡ᠃ ᠲᠣᠰ ᠤᠳᠠᠭᠠᠨ ᠤ ᠠᠵᠢᠯᠯᠠᠭ᠎ᠠ ᠨᠢ ︽ᠱᠠᠯᠢᠭ ᠵᠠᠪᠬᠠᠶ ᠵᠣᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠲᠠᠢ ᠤᠶᠠᠯᠳᠤᠭᠰᠠᠨ ᠪᠥᠭᠡᠳ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠵᠢᠴᠢ ᠬᠠᠤᠯᠢ ᠪᠤᠰᠤ ᠬᠡᠪᠯᠡᠭᠳᠡᠬᠦᠨ ᠢ 160 ᠭᠠᠷᠤᠶ ᠳᠡᠪᠲᠡᠷ ᠲᠥᠪᠯᠡᠷᠡᠭᠦᠯᠦᠨ ᠤᠰᠠᠳᠬᠠᠭᠰᠠᠨ ᠪᠠᠶᠢᠨ᠎ᠠ᠃                                               ᠵᠣᠬᠢᠶᠠᠭᠴᠢ᠄ ᠯᠢ ᠰᠢᠤᠸᠠᠨ                                               ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号