ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠣᠨᠣᠪᠴᠢᠲᠠᠶ ᠰᠠᠶᠢᠲᠤᠷ ᠬᠢᠪᠡ | | ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠰᠢ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠨᠢᠮᠪᠠᠶ ᠲᠣᠬᠢᠷᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨ᠎ᠡ ᠲᠢᠲᠢᠮ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠵᠦ | ᠰᠢᠢᠳᠪᠤᠷᠢᠯᠡᠬᠦ ᠠᠵᠢᠯ ᠢ ᠰᠠᠶᠢᠲᠤᠷ ᠬᠢᠬᠦ ᠲᠤᠬᠠᠶ ᠡᠯ᠎ᠡ ᠵᠣᠶᠢᠯ ᠤᠨ ᠰᠢᠢᠳᠪᠤᠷᠢᠯᠡᠬᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠨᠳᠡᠯᠡᠨ ᠢᠶᠠᠷ ᠬᠤᠯᠪᠣᠭᠠᠯᠠᠨ | ᠬᠥᠳᠡᠯᠦᠯᠴᠡᠬᠦ᠂ ᠭᠤᠯᠳᠤ ᠪᠠᠷ ᠬᠠᠮᠵᠢᠯᠴᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠡᠵᠡᠮᠳᠡᠬᠦ᠂ ᠨᠢᠭᠡᠳᠦᠯᠲᠡᠶ ᠲᠥᠯᠥᠪᠯᠡᠨ | ᠠᠬᠢᠭᠤᠯᠬᠤ ᠶᠢ ᠪᠠᠷᠢᠮᠲᠠᠯᠠᠵᠤ᠂ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ᠂ ᠰᠢᠨ᠎ᠡ ᠶᠢ ᠡᠭᠦᠳᠴᠦ | ᠠᠬᠢᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠢᠳᠪᠤᠷᠢᠯᠡᠬᠦ ᠡᠯ᠎ᠡ ᠵᠣᠶᠢᠯ ᠤᠨ | ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠪᠠ᠃ | ᠨᠢᠭᠡ᠂ ᠨᠢᠭᠡᠨ ᠢᠵᠢ ᠥᠨᠳᠥᠷ ᠪᠦᠲᠦᠮᠵᠢᠲᠡᠶ ᠵᠢᠯᠣᠭᠤᠳᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ | ᠶᠢ ᠦᠨᠡᠨᠬᠦ ᠡᠭᠦᠷᠭᠡᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠨ | ᠬᠤᠰᠢᠭᠤᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠤᠳᠤᠷᠢᠳᠬᠤ ᠳᠤᠭᠤᠶᠢᠯᠠᠩ᠂ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠠ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢ ᠴᠠᠭ ᠲᠤᠬᠠᠶ ᠳᠤᠨᠢ | ᠪᠠᠶᠢᠭᠤᠯᠵᠤ᠂ ᠵᠢᠯᠣᠭᠤᠳᠬᠤ ᠭᠠᠵᠠᠷ ᠳᠣᠤᠷ᠎ᠠ 9 ᠠᠵᠢᠯᠯᠠᠬᠤ ᠳᠤᠭᠤᠶᠢᠯᠠᠩ ᠪᠠᠶᠢᠭᠤᠯᠵᠠᠶ᠃ 12 ᠨᠡᠷᠡᠰ ᠰᠢᠯᠢᠳᠡᠭ | ᠬᠦᠴᠦᠨ ᠢ ᠲᠥᠪᠯᠡᠷᠡᠭᠦᠯᠦᠨ ᠠᠵᠢᠯᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ | ᠵᠣᠬᠢᠴᠠᠭᠤᠯᠤᠨ ᠵᠢᠯᠣᠭᠤᠳᠴᠤ᠂ ᠤᠷᠢᠳ ᠬᠤᠵᠢᠳ ᠣᠯᠠᠨ ᠤᠳᠠᠭ᠎ᠠ ᠤᠳᠤᠷᠢᠳᠬᠤ ᠳᠤᠭᠤᠶᠢᠯᠠᠩ᠂ ᠵᠢᠯᠣᠭᠤᠳᠤᠨ | ᠲᠣᠬᠢᠷᠠᠭᠤᠯᠬᠤ᠂ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠬᠦᠷᠬᠡ ᠪᠣᠯᠭᠠᠵᠤ᠂ | ᠬᠢᠵᠢᠭ ᠤᠨ ᠪᠠᠶᠢᠳᠠᠯ ᠢ ᠵᠠᠳᠠᠯᠤᠨ ᠰᠤᠳᠤᠯᠵᠤ᠂ ᠪᠦᠬᠦ ᠬᠤᠰᠢᠭᠤᠨ ᠤ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ | ᠪᠠᠶᠢᠷᠢᠯᠠᠭᠤᠯᠵᠠᠶ᠃ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠦ ᠶᠢᠨ ᠪᠣᠳᠣᠯᠭ᠎ᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠣᠨᠣᠪᠴᠢᠲᠠᠢ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠢ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ᠂ | ᠡᠯ᠎ᠡ ᠬᠠᠮᠢᠶ᠎ᠠ ᠪᠥᠬᠦᠶ ᠨᠢᠭᠡᠴᠡ ᠴᠥᠮ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠵᠢᠯᠣᠭᠤᠳᠬᠤ | ᠰᠢᠰᠲ᠋ᠧᠮᠵᠢ ᠶᠢ ᠪᠠᠶᠢᠭᠤᠯᠵᠤ᠂ ᠭᠤᠤᠯ ᠬᠠᠷᠢᠭᠤᠴᠠᠯᠭᠠᠲᠠᠨ ᠨᠥᠬᠦᠳ ᠵᠢᠴᠢ ᠺᠠᠲᠠᠷᠴᠤᠳ ᠠᠵᠢᠯᠲᠠᠨ ᠠᠵᠢᠯᠴᠢᠨ | ᠴᠥᠮ ᠠᠵᠢᠯ ᠤᠨ ᠪᠠᠶᠢᠷᠢ ᠳᠤ ᠣᠴᠢᠵᠤ ᠬᠦᠴᠦ ᠪᠠᠨ ᠬᠠᠮᠲᠤᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠲᠦᠮᠵᠢᠲᠡᠶ ᠪᠠᠬᠢᠵᠢᠭᠦᠯᠪᠡ᠃ | ᠬᠤᠶᠠᠷ᠂ ᠬᠤᠶᠠᠷ ᠱᠠᠲᠤᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠤᠳᠠᠳᠠᠶᠢᠵᠢᠭᠤᠯᠤᠨ᠎ᠠ | ᠨᠢᠭᠡ ᠳᠤ᠂ ᠬᠤᠰᠢᠭᠤ ᠱᠠᠲᠤᠨ ᠤ ᠱᠠᠲᠤᠨ ᠳᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠰᠢᠶᠠᠩ ᠤᠨ ᠪᠠᠶᠢᠩᠭᠤ ᠶᠢᠨ | ᠭᠡᠰᠢᠭᠦᠨ ᠲᠠᠢ ᠬᠤᠯᠪᠤᠭᠳᠠᠵᠤ ᠬᠠᠮᠤᠭ ᠲᠡᠷᠢᠭᠦᠨ ᠳᠤ ᠰᠤᠮᠤ ᠰᠢᠶᠠᠩ ᠪᠠᠯᠭᠠᠰᠤ ᠲᠠᠢ ᠬᠤᠯᠪᠣᠭᠠᠯᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠶᠢ ᠵᠢᠯᠣᠭᠤᠳᠤᠨ ᠰᠢᠮᠳᠠᠭᠤᠯᠵᠤ᠂ | ᠪᠤᠰᠤᠳ ᠭᠠᠵᠠᠷ ᠤᠨ ᠲᠡᠰ ᠤᠨ ᠤᠳᠤᠷᠢᠳᠤᠯᠭ᠎ᠠ ᠡᠮᠦᠨ᠎ᠡ ᠨᠢ ᠱᠠᠯᠠᠪᠳᠠᠭᠤᠯᠤᠨ ᠵᠢᠯᠣᠭᠤᠳᠴᠤ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠪᠠ ᠲᠣᠰᠬᠤᠨ ᠤ ᠳᠤᠭᠤᠶᠢᠯᠠᠩ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ᠎ᠠ᠃ ᠬᠤᠶᠠᠷ ᠲᠤ | ᠰᠢᠶᠠᠩ ᠤᠨ ᠱᠠᠲᠤᠨ ᠤ ᠳᠠᠪᠬᠤᠷᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ︵ | ᠬᠤᠰᠢᠭᠤ ᠳᠤ ᠰᠠᠭᠤᠭ᠎ᠠ︶ ᠪᠠᠶᠢᠭᠤᠯᠤᠯᠭ᠎ᠠ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠲᠤᠰ ᠭᠠᠵᠠᠷ ᠣᠷᠣᠨ᠂ | ᠲᠤᠰ ᠰᠠᠯᠠᠭ᠎ᠠ ᠮᠥᠴᠢᠷ ᠤᠨ ᠢᠶᠠᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠ ᠠᠵᠢᠯ ᠲᠥᠷᠥᠯ ᠤᠨ ᠬᠠᠮᠢᠶᠠᠷᠤᠨ ᠡᠵᠡᠮᠳᠡᠬᠦ | ᠵᠠᠷᠴᠢᠮ ᠢ ᠪᠠᠷᠢᠮᠲᠠᠯᠠᠨ᠂ ︽ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ︾ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ | ᠭᠤᠷᠪᠠ᠂ ᠭᠤᠷᠪᠠᠨ ᠵᠣᠶᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠤᠨ᠎ᠠ | ᠨᠢᠭᠡ ᠳᠤ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠡᠮᠦᠷ | ᠵᠠᠮ᠂ ᠵᠠᠰᠠᠮᠠᠯ ᠵᠠᠮ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭ᠎ᠠ᠂ ᠡᠷᠡᠭᠦᠯ | ᠬᠠᠮᠠᠭᠠᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠭᠠᠯᠲᠤ ᠲᠡᠷᠭᠡᠨ ᠥᠷᠲᠡᠭᠡ᠂ ᠵᠠᠰᠠᠮᠠᠯ ᠵᠠᠮ ᠤᠨ ᠺᠠᠷᠲ | ᠳᠡᠭᠡᠷ᠎ᠡ ᠲᠦᠷ ᠴᠠᠭ ᠤᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠴᠢᠭ ᠪᠠᠶᠢᠷᠢᠯᠠᠭᠤᠯᠵᠤ᠂ ᠨᠠᠭᠠᠰᠢ ᠴᠠᠭᠠᠰᠢ ᠶᠠᠪᠤᠵᠤ | ᠪᠠᠶᠢᠭ᠎ᠠ ᠬᠥᠮᠦᠰ᠂ ᠢᠯᠠᠩᠭᠤᠶ᠎ᠠ ᠬᠤᠪᠧᠶ ᠶᠢᠨ ᠨᠤᠲᠤᠭ ᠲᠠᠭᠠᠨ ᠪᠤᠴᠠᠭᠰᠠᠳ ᠲᠤ ᠬᠢᠨᠠᠨ ᠬᠡᠮᠵᠢᠯᠲᠡ ᠬᠢᠵᠦ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠬᠤᠶᠠᠷ ᠲᠤ᠂ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠬᠤᠰᠢᠭᠤ ᠰᠢᠭᠤᠳ ︵ᠬᠤᠰᠢᠭᠤᠨ ᠳᠤ ᠰᠠᠭᠤᠭᠰᠠᠨ︶ ᠠᠯᠪᠠᠨ ᠪᠠᠶᠢᠭᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠲᠠ ᠪᠠᠯᠭᠠᠰᠤᠨ ᠤ ᠵᠢᠵᠢᠭ ᠲᠣᠭᠤᠷᠢᠭ ᠢ ᠳᠠᠭᠠᠭᠠᠴᠢᠯᠠᠨ | ᠬᠤᠯᠪᠣᠭᠠᠯᠠᠬᠤ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠪᠦᠬᠦ ᠬᠤᠰᠢᠭᠤᠨ ᠤ 112 ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ 172 ᠬᠤᠲᠠ ᠪᠠᠯᠭᠠᠰᠤᠨ ᠤ ᠵᠢᠵᠢᠭ ᠲᠣᠭᠤᠷᠢᠭ ᠢ ᠳᠠᠭᠠᠭᠠᠴᠢᠯᠠᠨ | ᠬᠤᠯᠪᠣᠭᠠᠯᠠᠭᠤᠯᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ ᠰᠠᠶᠢᠨ ᠳᠤᠷ᠎ᠠ ᠶᠢᠨ | ᠠᠵᠢᠯᠯᠠᠭᠴᠢ᠂ ᠠᠳᠠᠯ ᠠᠬᠤᠶ᠂ ᠨᠡᠶᠢᠭᠡᠮ ᠲᠣᠭᠤᠷᠢᠭ ᠤᠨ ᠠᠵᠢᠯᠳᠠᠨ ᠢ ᠵᠤᠬᠢᠶᠠᠨ ᠪᠠᠶᠢᠭᠤᠯᠤᠨ ᠵᠢᠵᠢᠭ ᠲᠣᠭᠤᠷᠢᠭ ᠲᠤ | ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯᠯᠠᠭ᠎ᠠ ᠬᠢᠵᠦ᠂ 49 ᠰᠦᠯᠵᠢᠶᠡᠨ ᠤ ᠳᠠᠷᠤᠭ᠎ᠠ᠂ 430 | ᠠᠰᠠᠷ ᠤᠨ ᠳᠠᠷᠤᠭ᠎ᠠ᠂ 1291 ᠨᠢᠭᠡᠴᠢ ᠶᠢᠨ ᠳᠠᠷᠤᠭ᠎ᠠ ᠶᠢ ᠰᠣᠩᠭᠤᠨ ᠲᠣᠮᠢᠯᠠᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ᠂ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠵᠡᠷᠭᠡ ᠤᠯᠠᠨ ᠲᠦᠮᠡᠨ ᠤ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠪᠡ᠃ ᠬᠡᠪᠢᠰ ᠮᠠᠶ᠋ᠢᠭ᠂ ᠣᠯᠠᠨ ᠤᠳᠠᠭ᠎ᠠ᠂ | ᠬᠥᠳᠡᠯᠦᠩᠭᠦᠶ ᠬᠢᠨᠠᠨ ᠡᠵᠡᠮᠳᠡᠯ ᠢᠶᠠᠷ ᠳᠠᠮᠵᠢᠨ᠂ ᠡᠳᠦᠷ ᠲᠤᠲᠤᠮ ᠤᠨ ᠬᠢᠨᠠᠨ ᠡᠵᠡᠮᠳᠡᠯ ᠢ ᠨᠢᠭᠡ ᠡᠷᠦᠬᠡ | ᠣᠷᠬᠢᠭᠳᠠᠭᠤᠯᠬᠤ ᠦᠭᠡᠢ᠂ ᠨᠢᠭᠡ ᠬᠥᠮᠦᠨ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ 87 ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ︽ᠬᠤᠰᠢᠭᠤᠴᠢ | ᠠᠩᠭᠢ︾ ᠶᠢ ᠪᠠᠶᠢᠭᠤᠯᠵᠤ᠂ ᠪᠦᠬᠦᠨ ᠢ ᠲᠦᠷ ᠴᠠᠭ ᠤᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠴᠡᠭ ᠭᠠᠷᠭᠠᠵᠤ᠂ | ᠲᠣᠣᠷᠵᠢᠭᠤᠯᠬᠤ᠂ ᠬᠡᠪᠢᠰᠦᠨ ᠬᠠᠮᠢᠶᠠᠷᠤᠯᠲᠠ ᠪᠠ ᠺᠠᠳ᠋ᠷ ᠤᠨ ︽ᠨᠢᠭᠡ ᠶᠢ ᠨᠢᠭᠡ︾ ᠪᠠᠷ ᠬᠤᠪᠸᠢ ᠳᠠᠬᠢ | ᠨᠤᠲᠤᠭ ᠲᠠᠭᠠᠨ ᠪᠤᠴᠠᠭᠰᠠᠨ ᠬᠥᠮᠦᠰ ᠢ ᠳᠠᠭᠠᠴᠢᠯᠠᠨ ᠬᠤᠯᠪᠣᠭᠠᠯᠠᠭᠤᠯᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠬᠤ᠂ ᠣᠯᠠᠨ ᠢᠶᠠᠷ ᠢᠶᠠᠨ ᠰᠡᠷᠭᠡᠶᠢᠯᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠠᠴᠠ ᠭᠠᠳᠠᠨᠠᠬᠢ ᠬᠥᠮᠦᠰ᠂ ᠢᠯᠠᠩᠭᠤᠶ᠎ᠠ ᠬᠤᠪᠸᠢ ᠳᠠᠬᠢ | ᠨᠤᠲᠤᠭ ᠲᠠᠭᠠᠨ ᠪᠤᠴᠠᠭᠰᠠᠨ ᠬᠥᠮᠦᠰ ᠪᠠ ᠠᠷᠭ᠎ᠠ ᠵᠠᠮ ᠬᠤᠪᠸᠢ ᠶᠢᠨ ᠮᠠᠨ ᠤ ᠬᠤᠰᠢᠭᠤᠨ ᠠᠴᠠ ᠢᠷᠡᠭᠰᠡᠨ | ᠬᠥᠮᠦᠰ ᠢ ᠬᠥᠮᠦᠨ ᠪᠦᠬᠦᠨ ᠳᠠᠩᠰᠠᠯᠠᠵᠤ᠂ ᠬᠥᠮᠦᠨ ᠪᠦᠬᠦᠨ ᠨᠢᠭᠡ ᠬᠤᠪᠢ ᠵᠠᠬᠢᠳᠠᠯ ᠢᠯᠡᠭᠡᠵᠦ᠂ ᠬᠥᠮᠦᠨ ᠪᠦᠬᠦᠨ | ᠮᠥᠷ ᠢᠶᠠᠨ ᠮᠡᠳᠡᠭᠦᠯᠦᠨ᠎ᠡ᠃ | ᠳᠥᠷᠪᠡ᠂ ᠳᠥᠷᠪᠡᠨ ᠵᠤᠶᠢᠯ ᠤᠨ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠠᠷᠭ᠎ᠠ ᠬᠡᠮᠵᠢᠶ᠎ᠡ ᠶᠢ ᠪᠥᠬᠦ ᠬᠦᠴᠦ | ᠪᠠᠷ ᠳᠥᠯᠭᠢᠨ ᠠᠬᠢᠭᠤᠯᠤᠨ᠎ᠠ | ᠨᠢᠭᠡ ᠳᠤ᠂ ︽ᠲᠦᠷᠪᠡᠨ ᠡᠷᠳᠡ︾ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠡᠯ᠎ᠡ | ᠰᠤᠮᠤ ᠰᠢᠶᠠᠩ ᠪᠠᠯᠭᠠᠰᠤ᠂ ᠡᠯ᠎ᠡ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠭᠡᠴᠢ᠂ ᠠᠵᠤ ᠠᠬᠤᠶᠢᠯᠠᠯ ᠤᠨ | ᠤᠶᠢᠯᠡᠳᠪᠤᠷᠢ ᠠᠭᠤᠷᠬᠠᠶ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠯᠳᠠᠪᠤᠷᠢᠲᠤ ᠡᠪᠡᠳᠴᠢᠨ ᠢ ᠡᠷᠲᠡ | ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ︽ᠳᠦᠷᠪᠡᠨ ᠡᠷᠲᠡ︾ ᠠᠷᠭ᠎ᠠ | ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠲᠠᠷᠬᠠᠬᠤ ᠶᠢ ᠰᠡᠷᠭᠡᠶᠢᠯᠡᠬᠦ | ᠬᠡᠷᠡᠭᠲᠡᠶ᠃ | ᠬᠤᠶᠠᠷ ᠲᠤ᠂ ᠴᠢᠭ ᠲᠣᠭᠲᠠᠭᠠᠨ ᠠᠪᠤᠷᠠᠨ ᠵᠠᠰᠠᠬᠤ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠡᠮᠨᠡᠯᠭᠡ ᠶᠢᠨ ᠬᠤᠷᠢᠶ᠎ᠠ ᠮᠠᠨ ᠤ ᠬᠤᠰᠢᠭᠤᠨ ᠤ ᠲᠣᠭᠲᠠᠭᠰᠠᠨ | ᠴᠢᠭ ᠲᠤ ᠠᠪᠤᠷᠠᠨ ᠵᠠᠰᠠᠬᠤ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠡᠬᠢᠯᠡᠭᠰᠡᠨ ᠠᠴᠠ ᠨᠠᠰᠢ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠷᠡ | ᠳᠠᠷᠤᠶ ᠳᠤᠨᠢ ᠡᠬᠢᠯᠡᠭᠦᠯᠵᠦ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠠᠵᠢᠯ ᠲᠣᠬᠢᠷᠠᠭᠤᠯᠵᠤ᠂ | ᠤᠳᠤᠷᠢᠳᠬᠤ ᠳᠤᠭᠤᠶᠢᠯᠠᠩ ᠪᠠᠶᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ | ᠡᠷᠲᠡ ᠢᠯᠡᠷᠡᠭᠦᠯᠦᠨ᠂ ᠡᠷᠲᠡ ᠲᠤᠰᠠᠭᠠᠷᠯᠠᠬᠤ ᠶᠢ ᠡᠷᠡᠰ ᠪᠡᠶᠡᠯᠡᠭᠦᠯᠵᠦ᠂ ᠰᠢᠨ᠎ᠡ ᠲᠢᠲᠢᠮ ᠠᠭᠤᠰᠬᠢᠨ ᠦᠷᠪᠢᠰᠦᠯ ᠤᠨ | ᠡᠮᠨᠡᠯᠭᠡ ᠶᠢᠨ ᠬᠤᠷᠢᠶ᠎ᠠ ᠳᠤ ᠡᠬᠦᠰᠴᠤ ᠮᠡᠳᠡᠬᠦ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠨ᠂ ᠰᠢᠨ᠎ᠡ ᠲᠢᠲᠢᠮ | ᠠᠭᠤᠰᠬᠢᠨ ᠦᠷᠪᠢᠰᠦᠯ ᠤᠨ ᠲᠠᠷᠬᠠᠬᠤ ᠪᠠ ᠲᠠᠷᠬᠠᠬᠤ ᠶᠢ ᠡᠷᠡᠰ ᠬᠤᠷᠢᠭᠯᠠᠬᠤ ᠬᠡᠷᠡᠭᠲᠡᠶ᠃ ᠬᠠᠯᠠᠭᠤᠷᠠᠬᠤ ᠡᠭᠦᠳᠡᠨ | ᠡᠮᠨᠡᠯᠭᠡ ᠳᠤ ᠰᠢᠨ᠎ᠡ ᠲᠢᠲᠢᠮ ᠤᠨ ᠠᠭᠤᠰᠬᠢᠨ ᠦᠷᠪᠢᠰᠦᠯ ᠢ ᠵᠢᠭᠰᠠᠭᠠᠨ ᠪᠠᠶᠢᠴᠠᠭᠠᠵᠤ ᠢᠯᠭᠠᠨ ᠲᠣᠳᠣᠯᠠᠬᠤ ᠠᠵᠢᠯ ᠢ | ᠭᠤᠤᠯᠳᠠᠯᠭ᠎ᠠ ᠲᠠᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠣᠷᠣᠨ ᠢ ᠪᠠᠶᠢᠷᠢᠯᠠᠭᠤᠯᠬᠤ ᠬᠡᠷᠡᠭᠲᠡᠶ᠃ ᠡᠭᠦᠨ ᠤ | ᠬᠠᠮᠲᠤ ᠬᠤᠰᠢᠭᠤ᠂ ᠰᠢᠶᠠᠩ᠂ ᠲᠣᠰᠬᠤᠨ ᠤ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠪᠠ ᠰᠣᠷᠢᠯᠲᠠ ᠶᠢ ᠥᠷᠨᠢᠭᠦᠯᠪᠡ᠃ | ᠭᠤᠷᠪᠠ ᠳᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠬᠡᠮᠵᠢᠬᠦ ᠴᠢᠳᠠᠪᠤᠷᠢ ᠶᠢ | ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠱᠠᠭᠠᠷᠳᠠᠯᠭ᠎ᠠ ᠶᠣᠰᠣᠭᠠᠷ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠤᠳᠤᠷᠢᠳᠬᠤ | ᠳᠤᠭᠤᠶᠢᠯᠠᠩ ᠪᠠᠶᠢᠭᠤᠯᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠬᠤ ᠡᠭᠦᠳᠡᠨ ᠡᠮᠨᠡᠯᠭᠡ᠂ | ᠲᠦᠷᠭᠡᠨ ᠤᠷᠤᠰᠬᠠᠯ ᠢ ᠲᠣᠬᠢᠷᠠᠭᠤᠯᠬᠤ᠂ ᠠᠷᠢᠯᠭᠠᠬᠤ᠂ ᠡᠳ᠋ ᠪᠣᠳᠠᠰ ᠢ ᠪᠠᠲᠤᠯᠠᠬᠤ ᠵᠡᠷᠭᠡ ᠠᠵᠢᠯ ᠢ ᠪᠦᠬᠦ ᠲᠠᠯ᠎ᠠ ᠪᠠᠷ | ᠵᠢᠷᠤᠮᠵᠢᠭᠤᠯᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠲᠤᠰᠠᠭᠠᠷᠯᠠᠬᠤ ᠲᠠᠯᠠᠪᠤᠷ ᠢ ᠴᠡᠪᠡᠷᠯᠡᠬᠦ ᠪᠠ | ᠠᠷᠢᠭᠤᠳᠬᠠᠬᠤ ᠵᠡᠷᠭᠡ ᠠᠵᠢᠯ ᠤᠨ ᠳᠦᠷᠢᠮ ᠢ ᠪᠠᠶᠢᠭᠤᠯᠪᠠ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ | ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠰᠢᠢᠳᠪᠤᠷᠢᠯᠡᠬᠦ᠂ ᠬᠠᠯᠠᠭᠤᠷᠠᠭᠰᠠᠨ ᠡᠪᠡᠳᠴᠢᠲᠡᠨ ᠢ ᠰᠢᠯᠵᠢᠭᠦᠯᠦᠨ | ᠲᠡᠭᠡᠭᠡᠪᠦᠷᠢᠯᠡᠬᠦ ᠵᠡᠷᠭᠡ ᠠᠵᠢᠯ ᠤᠨ ᠴᠤᠪᠤᠷᠠᠯ ᠢ ᠲᠤᠳᠤᠷᠬᠠᠶᠢᠯᠠᠵᠤ᠂ ᠬᠠᠯᠠᠭᠤᠷᠠᠭᠰᠠᠨ ᠵᠢᠴᠢ ᠠᠮᠢᠰᠬᠤᠯ ᠤᠨ ᠵᠠᠮ ᠤᠨ | ᠬᠠᠯᠳᠠᠪᠤᠷᠢᠯᠠᠭᠰᠠᠨ ᠡᠪᠡᠳᠴᠢᠲᠡᠨ ᠢ ᠵᠢᠭᠰᠠᠭᠠᠨ ᠪᠠᠶᠢᠴᠠᠭᠠᠬᠤ ᠬᠦᠰᠦᠨᠦᠭᠲᠦ ᠶᠢ ᠵᠣᠬᠢᠶᠠᠭᠰᠠᠨ ᠪᠥᠭᠡᠳ ᠪᠡᠶ᠎ᠡ ᠪᠠᠨ | ᠳᠠᠭᠠᠭᠠᠭᠰᠠᠨ ᠣᠷᠣᠨ ᠪᠦᠰᠡ ᠳᠤ ᠬᠠᠯᠠᠭᠤᠷᠠᠭᠰᠠᠨ ᠡᠭᠦᠳᠡᠨ ᠡᠮᠨᠡᠯᠭᠡ᠂ ᠦᠯᠡᠳᠡᠭᠡᠨ ᠠᠵᠢᠭᠯᠠᠬᠤ ᠲᠤᠰᠠᠭᠠᠷᠯᠠᠬᠤ | ᠲᠠᠰᠤᠭ ᠭᠠᠷᠭᠠᠵᠤ᠂ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠶᠢ ᠬᠥᠮᠦᠨ ᠳᠤᠨᠢ | ᠬᠦᠷᠦᠭᠦᠯᠦᠨ᠎ᠡ᠃ ᠡᠭᠦᠨ ᠤ ᠬᠠᠮᠲᠤ᠂ ᠬᠡᠷ ᠪᠦᠯᠢ ᠶᠢᠨ ᠡᠮᠴᠢ ᠶᠢᠨ ᠤᠶᠢᠯᠡᠳᠤᠯ ᠢ ᠢᠳᠡᠪᠬᠢᠲᠡᠶ ᠪᠠᠳᠠᠷᠠᠭᠤᠯᠵᠤ᠂ | ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠨ ᠡᠵᠡᠮᠳᠡᠬᠦ ᠠᠵᠢᠯᠲᠠᠨ ᠲᠠᠢ ᠬᠠᠮᠵᠢᠯᠴᠠᠨ ᠨᠡᠭᠦᠳᠡᠯ ᠬᠥᠮᠦᠰ ᠤᠨ | ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠬᠡᠷ ᠲᠡᠭᠡᠨ ᠰᠠᠭᠤᠵᠤ ᠲᠤᠰᠠᠭᠠᠷᠯᠠᠨ ᠠᠵᠢᠭᠯᠠᠬᠤ ᠠᠵᠢᠯ ᠢ ᠥᠷᠨᠢᠭᠦᠯᠵᠦ᠂ | ᠬᠠᠯᠠᠭᠤᠷᠠᠭᠰᠠᠨ ᠵᠢᠴᠢ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ | ᠳᠠᠷᠤᠶ ᠲᠦᠷᠭᠡᠨ ᠳᠡᠭᠡᠭᠰᠢ ᠮᠡᠳᠡᠭᠦᠯᠦᠨ᠎ᠡ᠃ | ᠳᠥᠷᠪᠡ ᠳᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 16 ᠰᠠᠯᠠᠭ᠎ᠠ ᠤᠷᠤᠰᠬᠠᠯ | ᠲᠣᠬᠢᠷᠠᠭᠤᠯᠬᠤ ᠳᠤᠭᠤᠶᠢᠯᠠᠩ ᠪᠠᠶᠢᠭᠤᠯᠵᠤ᠂ ᠵᠢᠷᠤᠮᠵᠢᠭᠰᠠᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠬᠠᠯᠠᠭᠤᠷᠠᠬᠤ | ᠵᠢᠴᠢ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠰᠡᠵᠢᠭ ᠲᠠᠢ ᠡᠪᠡᠳᠴᠢᠲᠡᠨ ᠤ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠨᠢᠭᠲᠠ ᠪᠠᠶᠢᠴᠠᠭᠠᠭᠰᠠᠳ ᠢ ᠨᠢᠭᠲᠠ ᠵᠢᠭᠰᠠᠭᠠᠨ | ᠪᠠᠶᠢᠴᠠᠭᠠᠵᠤ᠂ ᠨᠢᠭᠲᠠ ᠬᠠᠷᠢᠯᠴᠠᠭᠰᠠᠳ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠲᠤᠰᠠᠭᠠᠷᠯᠠᠨ | ᠠᠵᠢᠭᠯᠠᠬᠤ ᠠᠵᠢᠯ ᠢ ᠡᠷᠡᠰ ᠰᠠᠶᠢᠲᠤᠷ ᠬᠢᠵᠦ᠂ ᠬᠠᠯᠳᠠᠪᠤᠷᠢᠯᠠᠬᠤ ᠡᠬᠢ ᠰᠤᠷᠪᠤᠯᠵᠢ ᠶᠢ ᠡᠷᠲᠡ ᠢᠯᠡᠷᠡᠭᠦᠯᠬᠦ ᠶᠢ ᠡᠷᠡᠰ | ᠪᠡᠶᠡᠯᠡᠭᠦᠯᠵᠦ᠂ ᠬᠠᠯᠠᠳᠪᠤᠷᠢᠯᠠᠬᠤ ᠡᠬᠢ ᠰᠤᠷᠪᠤᠯᠵᠢ ᠶᠢ ᠬᠢᠵᠠᠭᠠᠷᠯᠠᠨ᠂ ᠬᠠᠯᠳᠠᠪᠤᠷᠢᠯᠠᠬᠤ ᠠᠷᠭ᠎ᠠ ᠵᠠᠮ ᠢ ᠲᠡᠰᠦᠯᠵᠦ᠂ | ᠬᠠᠯᠳᠠᠪᠤᠷᠢᠳᠤ ᠡᠪᠡᠳᠴᠢᠨ ᠤ ᠲᠠᠷᠬᠠᠬᠤ ᠶᠢ ᠰᠡᠷᠭᠡᠶᠢᠯᠡᠨ᠎ᠡ᠃ ᠬᠠᠮᠢᠶᠠᠷᠤᠯᠲᠠ ᠡᠵᠡᠮᠰᠢᠯ ᠠᠴᠠ ᠮᠤᠯᠲᠤᠷᠠᠬᠤ ᠶᠠᠪᠤᠳᠠᠯ | ᠭᠠᠷᠬᠤ ᠠᠴᠠ ᠡᠷᠡᠰ ᠵᠠᠶᠢᠯᠠᠰᠬᠢᠨ᠎ᠡ᠃ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠤᠰᠠᠳᠬᠠᠬᠤ ᠠᠵᠢᠯ ᠢ ᠵᠢᠯᠤᠭᠤᠳᠤᠨ ᠪᠣᠯᠪᠠᠰᠤᠷᠠᠭᠤᠯᠬᠤ ᠶᠢ ᠢᠳᠡᠪᠬᠢᠲᠡᠶ ᠴᠢᠩᠭᠠᠳᠬᠠᠵᠤ᠂ ᠰᠢᠨᠵᠢᠯᠡᠬᠦ | ᠤᠬᠠᠭᠠᠨᠴᠢ ᠡᠮᠬᠢ ᠵᠢᠷᠤᠮ ᠲᠠᠢ ᠰᠡᠷᠭᠡᠶᠢᠯᠡᠨ ᠡᠵᠡᠮᠳᠡᠬᠦ ᠣᠷᠴᠢᠨ ᠲᠣᠭᠤᠷᠢᠨ ᠪᠠ ᠠᠮᠤᠷ ᠲᠦᠪᠰᠢᠨ ᠠᠷᠢᠭᠤᠨ ᠴᠡᠪᠡᠷ | ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠲᠥᠯᠥᠪᠵᠢᠭᠦᠯᠪᠡ ᠳᠣᠤᠷ᠎ᠠ᠂ ︽1234︾ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠣᠳᠣ ᠪᠣᠯᠲᠠᠯ ᠠ᠂ | ᠲᠣᠰ ᠬᠤᠰᠢᠭᠤ ᠨᠢ ᠣᠨᠣᠰᠢᠯᠠᠭᠰᠠᠨ ᠡᠪᠡᠳᠴᠢᠲᠡᠨ ᠪᠤᠶᠤ ᠰᠡᠵᠢᠭᠯᠡᠯᠲᠡᠶ ᠡᠪᠡᠳᠴᠢᠲᠡᠨ ᠢ 1 ᠢᠯᠡᠷᠡᠭᠦᠯᠦᠭᠡ ᠥᠬᠡᠶ᠂ | ᠪᠥᠬᠦ ᠬᠤᠰᠢᠭᠤᠨ ᠤ ᠡᠯ᠎ᠡ ᠵᠣᠶᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠᠴᠢᠮ | ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠢᠵᠢᠭ ᠤᠨ | ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠲᠣᠰ ᠬᠤᠰᠢᠭᠤ ᠠᠶᠤᠯᠲᠠᠢ ᠭᠠᠵᠠᠷ ᠣᠷᠣᠨ ᠤ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠠᠪᠴᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠯᠢᠭ | ᠤᠨᠤᠪᠴᠢᠲᠠᠢ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ | ᠶᠡᠷᠦᠩᠬᠡᠶ ᠪᠠᠶᠢᠯᠳᠤᠭᠠᠨ᠂ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ | ᠵᠣᠬᠢᠶᠠᠭᠴᠢ᠄ ᠴᠢᠶᠣᠣ ᡁᠢ ᠳ᠋ᠦᠩ | ᠣᠷᠴᠢᠭᠤᠯᠣᠭᠴᠢ᠄ ᠡᠷᠳᠡᠨᠢᠴᠢᠮᠡᠭ | |