ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠯᠢᠩ ᠬᠤᠸᠠ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-04-07
        ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠯᠢᠩ ᠬᠤᠸᠠ         ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠪᠠᠶᠢᠴᠠᠭᠠᠨ         ᠰᠤᠳᠤᠯᠤᠯᠲᠠ ᠬᠢᠵᠦ ᠬᠢᠨᠠᠨ ᠵᠢᠯᠣᠭᠤᠳᠬᠤ ᠠᠵᠢᠯ ᠥᠷᠨᠢᠭᠦᠯᠪᠡ     3 ᠳ᠋ᠤᠭᠠᠷ ᠰᠠᠷ᠎ᠠ ᠶᠢᠨ 25 ᠤ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠯᠢᠩ ᠬᠤᠸᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠪᠠ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠯᠢ ᠮᠠᠨ ᠵᠥᠩ᠂ ᠬᠤᠲᠠ ᠶᠢᠨ ᠲᠠᠷᠢᠶᠠᠯᠠᠩ ᠤᠨ ᠰᠢᠨᠵᠢᠯᠡᠭᠦ ᠤᠬᠠᠭᠠᠨ ᠤ ᠬᠦᠷᠢᠶᠡᠯᠡᠩ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠠᠷᠢᠭᠤᠴᠠᠯᠭᠠᠲᠠᠳ ᠢ ᠳᠠᠭᠠᠭᠤᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠴᠠᠪ ᠤᠨ ᠨᠤᠲᠤᠭ ᠤᠨ ᠣᠨᠴᠠ ᠭᠠᠷᠤᠯᠲᠠ ᠵᠢᠨ‌‍ᠰᠦ᠋ᠯᠵᠢᠶᠡᠨ ᠳᠡᠭᠡᠷᠡᠬᠢ ᠬᠡᠲᠦ ᠳᠡᠯᠭᠡᠭᠦᠷ ᠵᠢᠴᠢ ᠨᠣᠬᠠᠶ ᠶᠢᠨ ᠬᠤᠰᠢᠭᠤᠨ ᠤ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠬᠢᠵᠦ ᠰᠢᠪᠠᠳᠠᠨ ᠵᠢᠯᠣᠭᠤᠳᠪᠠ᠃   ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠼᠦᠨ ᠾᠧ ᠵᠢᠴᠢ ᠤᠯᠠᠭᠠᠨᠬᠠᠳᠠ ᠰᠤᠮᠤ᠂ ᠠᠵᠤ ᠦᠢᠯᠡᠳᠪᠣᠷᠢ ᠪᠠ ᠮᠡᠳᠡᠭᠡ ᠵᠠᠩᠬᠢᠵᠯᠳᠠ ᠶᠢᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠤᠯᠠᠭᠠᠨᠬᠠᠳᠠ ᠰᠤᠮᠤ ᠶᠢᠨ ᠭᠤᠤᠯ ᠬᠠᠷᠢᠭᠤᠴᠠᠯᠭᠠᠲᠠᠨ ᠤᠯᠠᠭᠠᠨᠬᠠᠳᠠ ᠰᠤᠮᠤ ᠶᠢᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠬᠠᠮᠢᠶᠠᠷᠤᠯᠲᠠ ᠶᠢᠨ ᠪᠠᠶᠢᠳᠠᠯ ᠵᠢᠴᠢ ᠲᠥᠷᠥᠯ ᠵᠣᠶᠢᠯ ᠤᠨ ᠪᠦᠳᠣᠭᠡᠨ ᠪᠠᠶᠢᠭᠤᠯᠤᠯᠲᠠ ᠶᠢᠨ ᠪᠠᠶᠢᠳᠠᠯ᠂ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠲᠠᠷᠢᠮᠠᠯ ᠤᠨ ᠶᠡᠷᠦᠩᠬᠡᠶ ᠪᠠᠶᠢᠳᠠᠯ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠨᠠᠷᠢᠨ ᠮᠡᠳᠡᠭᠦᠯᠦᠯᠲᠡ ᠬᠢᠵᠦ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠲᠠᠢ ᠰᠠᠨᠠᠯ ᠢᠶᠠᠨ ᠰᠣᠯᠢᠯᠴᠠᠪᠠ᠃   ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪ ᠲᠤ ᠬᠦᠷᠴᠦ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ᠃    ᠹᠠᠨ ᠯᠢᠩ ᠬᠤᠸᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠮᠠᠯ ᠤᠨ ᠦᠢᠯᠡᠰ ᠪᠣᠯᠤᠨ ᠡᠯᠧᠺᠲᠷᠣᠨ ᠬᠤᠳᠠᠯᠳᠣᠭᠠᠨ ᠤ ᠠᠵᠤ ᠦᠢᠯᠡᠰ ᠤᠨ ᠬᠥᠭᠵᠢᠯᠲᠡ ᠶᠢ ᠮᠡᠳᠡᠷᠡᠵᠡᠶ᠃ ᠲᠡᠷᠡ ᠵᠢᠭᠠᠵᠤ ᠭᠠᠷᠭᠠᠭᠰᠠᠨ ᠨᠢ᠂ ᠲᠠᠷᠠᠭᠠᠴᠢ ᠶᠢᠨ ᠠᠯᠬᠤᠮ ᠤᠨ ᠠᠵᠤ ᠦᠢᠯᠡᠰ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠨᠠᠷᠢᠯᠢᠬᠵᠢᠭᠤᠯᠤᠭᠰᠠᠨ‌ᠬᠠᠮᠢᠶᠠᠷᠣᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠶᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠨᠣᠬᠠᠶ ᠶᠢᠨ ᠬᠤᠰᠢᠭᠤ ᠶᠢ ᠲᠠᠷᠢᠵᠤ ᠲᠡᠳᠭᠦᠭᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠨᠥᠬᠦᠪᠥᠷᠢ ᠶᠢ ᠨᠡᠮᠡᠭᠳᠡᠭᠦᠯᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠬᠥᠷᠥᠰᠥ ᠰᠢᠷᠣᠶ ᠳᠤ ᠡᠷᠦᠳᠡᠰᠦᠨ ᠪᠣᠳᠠᠰ ᠪᠠ ᠪᠢᠴᠢᠯ ᠡᠯᠧᠮᠧᠨ᠋ᠲ ᠡᠯᠪᠡᠭ ᠠᠭᠤᠯᠤᠭᠳᠠᠬᠤ ᠣᠨᠴᠠᠯᠢᠭ ᠲᠠᠢ ᠤᠶᠠᠯᠳᠤᠭᠤᠯᠤᠨ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠢ ᠴᠣᠭᠴᠠᠯᠠᠵᠤ᠂ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠢᠳᠡᠪᠬᠢᠲᠡᠶ ᠠᠬᠢᠭᠤᠯᠬᠤ ᠶᠢ ᠬᠦᠰᠡᠵᠦ ᠪᠠᠶᠢᠨ᠎ᠠ  ᠭᠡᠵᠡᠢ᠃                                              ᠵᠣᠬᠢᠶᠠᠭᠴᠢ᠄ ᠯᠢ ᠰᠢᠤᠸᠠᠨ                                              ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号