ᠬᠢᠵᠢᠭ ᠤᠨ ᠪᠠᠶᠢᠳᠡᠯ ᠬᠠᠪᠤᠷ ᠤᠨ ᠤᠯᠠᠷᠢᠯ ᠤᠨ ᠲᠠᠷᠢᠮᠠᠯ ᠤᠨ ᠬᠦᠷᠢᠶᠡᠯᠡᠩ ᠤᠨ | ᠠᠮᠢᠵᠢᠷᠠᠯ ᠤᠨ ᠬᠦᠴᠦᠨ ᠢ ᠬᠠᠯᠬᠠᠯᠠᠵᠤ ᠲᠡᠶᠢᠯᠬᠦ ᠦᠭᠡᠢ | | ᠬᠢᠵᠢᠭ ᠡᠰᠡᠷᠭᠦᠴᠡᠬᠦ ᠠᠵᠢᠯ ᠢ ᠠᠳᠬᠤᠬᠤ ᠶᠢᠨ ᠬᠠᠮᠲᠤ ᠦᠢᠯᠡᠳᠪᠣᠷᠢᠯᠡᠯ ᠢ ᠠᠳᠬᠤᠨ᠎ᠠ᠂ ᠦᠢᠯᠡᠳᠪᠣᠷᠢᠯᠡᠯ ᠤᠨ | ᠡᠮᠣᠨ᠎ᠡ ᠹᠷᠣᠨᠲ ᠴᠤ ᠲᠠᠶᠢᠨ ᠤ ᠬᠢᠵᠢᠭ ᠤᠨ ᠡᠮᠦᠨ᠎ᠡ ᠹᠷᠣᠨᠲ ᠮᠥᠨ᠃ ᠣᠶᠢᠷ᠎ᠠ ᠳᠤ᠂ ᠳ᠋ᠠ ᠯᠢᠦ ᠬᠤᠣ ᠪᠠᠯᠭᠠᠰᠤᠨ ᠤ | ᠰᠢᠶᠠᠩ ᠬᠤᠶ ᠬᠤᠷᠰᠢᠶ᠎ᠠ ᠶᠢᠨ ᠣᠷᠭᠠᠨᠢᠭ ᠲᠠᠷᠢᠮᠠᠯ ᠤᠨ ᠬᠦᠷᠢᠶᠡᠯᠡᠩ ᠨᠢ ᠥᠩᠭᠡᠷᠡᠭᠰᠡᠨ ᠵᠢᠯ ᠤᠳ ᠲᠠᠢ ᠠᠳᠠᠯᠢ | ᠥᠬᠡᠶ ᠨᠢ ᠭᠡᠪᠡᠯ᠂ ᠬᠥᠳᠡᠯᠮᠦᠷᠢᠯᠡᠬᠦ ᠦᠶ᠎ᠡ ᠳᠤ ᠲᠠᠳᠠ ᠴᠥᠮ ᠠᠮᠠᠪᠴᠢ ᠵᠡᠭᠦᠵᠦ᠂ ᠬᠢᠵᠢᠭ ᠢ ᠰᠡᠷᠭᠡᠶᠢᠯᠡᠬᠦ ᠪᠠ | ᠲᠠᠷᠢᠶᠠᠯᠠᠩ ᠤᠨ ᠦᠢᠯᠳᠪᠣᠷᠢᠯᠡᠯ ᠤᠨ ᠠᠯᠢ ᠶᠢ ᠨᠢ ᠴᠦ ᠰᠠᠭᠠᠲᠠᠯ ᠥᠬᠡᠶ ᠬᠢᠵᠦ ᠴᠢᠳᠠᠭᠰᠠᠨ ᠪᠠᠶᠢᠨ᠎ᠠ᠃ | ᠳ᠋ᠠ ᠰᠢ ᠭᠸᠦ ᠲᠣᠰᠬᠤᠨ ᠤ ᠨᠢᠭᠡᠳᠦᠭᠡᠷ ᠱᠦᠵᠢ ᠬᠡᠯᠡᠭᠰᠡᠨ ᠨᠢ᠂ ︽ᠨᠢᠭᠡ ᠵᠢᠯ ᠤᠨ ᠳᠣᠲᠣᠷ᠎ᠠ᠂ ᠡᠨᠡ ᠦᠶ᠎ᠡ ᠪᠣᠯ | ᠲᠠᠷᠢᠮᠠᠯ ᠤᠨ ᠬᠦᠷᠢᠶᠡᠯᠡᠩ ᠤᠨ ᠬᠠᠮᠤᠭ ᠤᠨ ᠵᠠᠩᠭᠢᠯᠠᠭ᠎ᠠ ᠶᠢᠨ ᠤᠯᠠᠷᠢᠯ ᠪᠣᠯᠤᠨ᠎ᠠ᠂ ᠣᠲᠣ ᠬᠢᠵᠢᠭ ᠤᠨ ᠪᠡᠶᠢᠳᠡᠯ ᠢ | ᠨᠡᠯᠢᠶᠡᠳ ᠴᠢᠩᠭ᠎ᠠ ᠰᠡᠷᠭᠡᠶᠢᠯᠡᠨ ᠬᠢᠵᠠᠭᠠᠷᠯᠠᠵᠤ ᠪᠠᠶᠢᠨ᠎ᠠ᠂ ᠭᠡᠪᠡᠴᠦ ᠦᠢᠯᠡᠳᠪᠣᠷᠢᠯᠡᠯ ᠢ ᠰᠠᠭᠠᠲᠠᠭᠠᠭᠰᠠᠨ ᠥᠬᠡᠶ᠂ | ᠴᠡᠴᠡᠷᠯᠢᠭ ᠤᠨ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠬᠠᠰᠢ ᠯᠠ ᠨᠡᠯᠢᠶᠡᠳ ᠰᠠᠶᠢᠨ | ᠪᠠᠶᠢᠨ᠎ᠠ᠃ ᠪᠢᠳᠡ ᠠᠵᠢᠯ ᠬᠢᠬᠦ ᠳᠡᠭᠡᠨ ᠠᠮᠠᠪᠴᠢ ᠵᠡᠭᠦᠵᠦ᠂ ᠡᠳᠦᠷ ᠪᠦᠷᠢ ᠪᠡᠶ᠎ᠡ ᠶᠢᠨ ᠳᠤᠯᠠᠭᠠᠨ᠂ ᠰᠫᠢᠷᠲ | ᠠᠷᠢᠭᠤᠳᠬᠠᠯ ᠬᠢᠵᠦ ᠪᠡᠶᠢᠳᠠᠭ᠃ ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠬᠦ ᠶᠢᠨ ᠬᠠᠮᠲᠤ ᠲᠠᠷᠢᠶᠠᠨ ᠠᠵᠢᠯ ᠢ | ᠬᠠᠷᠰᠢᠯᠠᠬᠤ ᠦᠭᠡᠢ᠂ ᠯᠠᠪᠲᠠᠶ ᠣᠯᠣᠰ ᠲᠤ ᠶᠠᠷᠰᠢᠭ ᠲᠠᠲᠠᠬᠤ ᠦᠭᠡᠢ᠂ ᠪᠠᠰᠠ ᠥᠪᠡᠷ ᠤᠨ ᠬᠦᠴᠦ ᠪᠠᠨ ᠰᠢᠪᠬᠠᠨ | ᠤᠯᠤᠰ ᠲᠤ ᠬᠤᠪᠢ ᠨᠡᠮᠡᠷᠢ ᠦᠵᠡᠭᠦᠯᠦᠨ᠎ᠡ᠃ | ᠣᠷᠭᠠᠨᠢᠭ ᠲᠠᠷᠢᠮᠠᠯ ᠤᠨ ᠬᠦᠷᠢᠶᠡᠯᠡᠩ ᠤᠨ ᠬᠠᠷᠢᠭᠤᠴᠠᠯᠭᠠᠲᠠᠨ ᠤ ᠪᠠᠶᠠᠷᠯᠠᠭᠤᠰᠢᠲᠠᠶ ᠵᠣᠶᠢᠯ ᠭᠡᠪᠡᠯ᠂ ᠣᠶᠢᠷ᠎ᠠ ᠳᠤ | ᠡᠵᠡᠩᠨᠡᠯᠲᠡ ᠪᠠᠨ ᠰᠡᠷᠭᠦᠭᠡᠵᠦ ᠪᠣᠯᠬᠤ ᠮᠡᠳᠡᠭᠳᠡᠯ ᠢ ᠣᠯᠤᠭᠰᠠᠨ ᠪᠠᠶᠢᠨ᠎ᠠ᠂ ᠵᠣᠴᠢᠳ ᠲᠤ ᠰᠠᠨᠠᠭ᠎ᠠ ᠠᠮᠤᠷ ᠭᠤᠸ᠎ᠠ | ᠵᠢᠮᠢᠰ ᠢᠳᠡᠰᠢᠨ ᠨᠣᠭᠤᠭ᠎ᠠ ᠢᠳᠡᠭᠦᠯᠬᠦ ᠶᠢᠨ ᠲᠥᠯᠥᠭᠡ᠂ ᠲᠠᠷᠢᠮᠠᠯ ᠤᠨ ᠬᠦᠷᠢᠶᠡᠯᠡᠩ ᠴᠦ ᠨᠠᠩ ᠰᠢᠨᠵᠢᠯᠡᠬᠦ ᠣᠬᠠᠭᠠᠨᠴᠢ | ᠴᠢᠩᠭ᠎ᠠ ᠲᠡᠭᠦᠬᠦ ᠵᠢᠷᠤᠮ ᠲᠣᠭᠲᠠᠭᠠᠵᠤ᠂ ᠲᠡᠭᠦᠬᠦ ᠪᠥᠬᠦ ᠶᠠᠪᠤᠴᠠ ᠳᠤ ᠠᠮᠠᠪᠴᠢ ᠪᠠ ᠨᠢᠭᠡ ᠯᠡ ᠣᠳᠠᠭᠠᠨ ᠤ ᠴᠢᠨᠠᠷᠲᠠᠶ | ᠪᠡᠭᠡᠯᠡᠶ ᠠᠪᠴᠤ ᠶᠠᠪᠤᠬᠤ ᠬᠡᠷᠡᠭᠲᠡᠶ᠂ ᠲᠠᠷᠢᠮᠠᠯ ᠤᠨ ᠬᠦᠷᠢᠶᠡᠯᠡᠩ ᠳᠤ ᠤᠷᠤᠭᠰᠠᠨ ᠪᠥᠬᠦ ᠬᠥᠮᠦᠰ ᠡᠷᠬᠡᠪᠰᠢ ᠪᠡᠶ᠎ᠡ ᠶᠢᠨ | ᠳᠤᠯᠠᠭᠠᠨ ᠪᠠ ᠡᠷᠡᠭᠦᠯ ᠮᠡᠨᠳᠦ ᠶᠢᠨ ᠺᠣᠳ᠋ ᠤᠨ ᠰᠢᠷᠪᠢᠯᠲᠡ ᠬᠢᠬᠦ ᠬᠡᠷᠡᠭᠲᠡᠶ᠃ | ᠨᠢᠭᠡᠨ ᠤᠷᠲᠤ ᠤᠳᠠᠭᠠᠨ ᠡᠪᠦᠯ ᠤᠨ ᠠᠮᠠᠷᠠᠯᠲᠠ ᠶᠢ ᠥᠩᠭᠡᠷᠡᠭᠡᠭᠰᠡᠨ ᠤ ᠳᠠᠷᠠᠭ᠎ᠠ᠂ ᠬᠠᠪᠤᠷ ᠬᠦᠷᠴᠦ ᠢᠷᠡᠬᠦ ᠶᠢ | ᠲᠠᠭᠠᠯᠳᠣᠨ᠂ ᠭᠠᠵᠠᠷ ᠤᠨ ᠳᠤᠯᠠᠭᠠᠨ ᠥᠨᠳᠥᠷᠵᠢᠵᠦ᠂ ᠤᠷᠭᠤᠮᠠᠯ ᠤᠨ ᠥᠰᠥᠯᠲᠡ ᠳᠤ ᠳᠣᠭᠢᠷᠠᠵᠤ᠂ ᠬᠦᠷᠢᠶᠡᠯᠡᠩ ᠤᠨ | ᠭᠤᠸ᠎ᠠ ᠵᠢᠮᠢᠰ ᠢᠳᠡᠰᠢᠨ ᠨᠣᠭᠤᠭ᠎ᠠ ᠤᠷᠭᠤᠬᠤ ᠨᠢ ᠬᠥᠮᠦᠨ ᠢ ᠪᠠᠶᠠᠰᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠪᠡᠶᠢᠳᠡᠯ ᠴᠤ ᠤᠯᠠᠮ ᠢᠶᠠᠷ ᠰᠠᠶᠢᠵᠢᠷᠠᠵᠤ᠂ ᠲᠠᠷᠢᠮᠠᠯ ᠤᠨ ᠬᠦᠷᠢᠶᠡᠯᠡᠩ ᠴᠦ ᠡᠯᠪᠡᠭ ᠬᠤᠷᠢᠶᠠᠯᠲᠠ ᠣᠯᠪᠠ᠃ | | ᠵᠣᠬᠢᠶᠠᠭᠴᠢ᠄ ᠶᠢᠨ ᠢᠦᠢ ᠰᠢ᠂ ᠯᠢ ᠨᠠ | ᠣᠷᠴᠢᠭᠤᠯᠣᠭᠴᠢ᠄ ᠰᠡᠴᠡᠩᠭᠤᠸ᠎ᠠ |