ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | 2019 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠪᠠᠶᠢᠳᠠᠯ ᠤᠨ ᠲᠤᠬᠠᠶ ᠮᠡᠳᠡᠭᠦᠯᠦᠯᠲᠡ | ᠬᠤᠲᠠ ᠶᠢᠨ ᠵᠠᠰᠠᠭ ᠤᠨ ᠣᠷᠳᠣᠨ᠄ | 2019 ᠣᠨ ᠠᠴᠠ ᠨᠠᠰᠢ᠂ ᠮᠠᠨ ᠤ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠠᠨ ᠰᠤᠷᠤᠯᠴᠠᠨ ᠲᠤᠭᠤᠰᠢᠯᠠᠭᠤᠯᠵᠤ᠂ ᠪᠥᠬᠦ ᠲᠠᠯ᠎ᠠ ᠪᠠᠷ ᠬᠠᠤᠯᠢ | ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠪᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︾ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ | ᠴᠢᠩᠭᠠᠳᠬᠠᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠤᠶ᠎ᠠ᠂ ᠣᠲᠣ ᠠᠵᠢᠯ ᠢᠶᠠᠨ | ᠥᠷᠨᠢᠭᠦᠯᠦᠭᠰᠡᠨ ᠪᠠᠶᠢᠳᠠᠯ ᠢ ᠳᠣᠤᠷᠠᠬᠢ ᠮᠡᠲᠦ ᠮᠡᠳᠡᠭᠦᠯᠦᠶ᠎ᠡ᠄ | ᠨᠢᠭᠡ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠭᠰᠡᠨ | ᠪᠡᠶᠢᠳᠡᠯ | ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠬᠦ ᠬᠡᠷᠡᠭᠲᠡᠶ᠃ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠡᠶᠢᠭᠤᠯᠣᠯᠳᠠ ᠶᠢᠨ ᠠᠵᠢᠯᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢ ᠪᠥᠬᠦ ᠲᠠᠯ᠎ᠠ ᠪᠠᠷ | ᠬᠠᠤᠯᠢ ᠪᠠᠷ ᠬᠤᠰᠢᠭᠤ ᠪᠠᠨ ᠵᠠᠰᠠᠬᠤ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠡᠶᠢᠭᠤᠯᠣᠯᠳᠠ ᠶᠢᠨ | ᠨᠢᠭᠡᠳᠦᠭᠡᠷ ᠬᠠᠷᠢᠭᠤᠴᠠᠯᠭᠠᠲᠠᠨ ᠪᠣᠯᠭᠠᠵᠤ᠂ ᠲᠤᠰᠬᠠᠶ ᠰᠡᠳᠦᠪᠲᠦ ᠬᠤᠷᠠᠯ ᠬᠤᠷᠡᠯᠳᠣᠭᠤᠯᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠣᠯᠳᠠ ᠳᠤ ᠬᠢᠨᠠᠯᠲᠠ ᠲᠠᠯᠪᠢᠬᠤ᠂ | ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠢ ᠰᠣᠳᠣᠯᠣᠨ ᠳᠣᠭᠢᠷᠠᠭᠤᠯᠤᠨ᠎ᠠ᠃ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠣᠷᠣᠭᠤᠯᠵᠤ᠂ ᠶᠡᠷᠦᠩᠬᠡᠶᠢᠯᠡᠭᠰᠡᠨ ᠬᠢᠨᠠᠨ ᠰᠢᠯᠭᠠᠬᠤ ᠭᠦᠢᠴᠡᠳᠭᠡᠬᠦ ᠲᠤᠭ᠎ᠠ ᠶᠢᠨ ᠰᠢᠰᠲ᠋ᠧᠮᠵᠢ ᠳᠤ ᠣᠷᠣᠭᠤᠯᠵᠦ᠂ ᠡᠯ᠎ᠡ | ᠨᠢᠭᠡᠴᠡ ᠶᠢᠨ ᠠᠵᠢᠯ ᠤᠨ ᠡᠭᠦᠷᠭᠡ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠤᠯᠪᠣᠭᠳᠠᠯ | ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠣᠷᠢᠯᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠢ ᠲᠠᠰᠤᠷᠠᠯᠲᠠ ᠦᠭᠡᠢ ᠨᠡᠮᠡᠭᠳᠡᠭᠦᠯᠵᠦ᠂ | ᠰᠠᠯᠠᠭ᠎ᠠ ᠮᠥᠴᠢᠷ ᠤᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠦᠨᠡᠨᠬᠦ ᠪᠠᠲᠤᠯᠠᠵᠤ᠂ | ᠬᠠᠮᠵᠢᠯᠴᠠᠨ ᠲᠦᠯᠬᠢᠨ ᠠᠬᠢᠭᠤᠯᠬᠤ ᠬᠡᠷᠡᠭᠲᠡᠶ᠃ ︽ᠬᠠᠤᠯᠢ ᠤᠬᠠᠭᠤᠯᠭ᠎ᠠ ᠶᠢᠨ ᠰᠦᠯᠵᠢᠶᠡᠨ ᠳᠡᠭᠡᠷᠡᠬᠢ︾ | ᠰᠤᠷᠤᠯᠴᠠᠯᠭ᠎ᠠ ᠶᠢᠨ ᠲᠠᠪᠴᠠᠩ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠠᠤᠯᠢ | ᠴᠠᠭᠠᠵᠠ ᠶᠢᠨ ᠮᠡᠳᠡᠯᠭᠡᠶᠢᠨ ᠰᠤᠷᠤᠯᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ ᠤ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ | ᠪᠤᠳᠤᠯᠢᠶᠠᠨᠲᠠᠶ ᠠᠰᠠᠭᠤᠳᠠᠯ ᠢ ᠰᠢᠢᠳᠪᠣᠷᠢᠯᠡᠬᠦ᠂ ᠪᠥᠬᠦ ᠲᠠᠯ᠎ᠠ ᠶᠢ ᠡᠵᠡᠮᠳᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠣᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠪᠦᠷᠢᠨᠰᠢᠭᠦᠯᠬᠦ ᠬᠡᠷᠡᠭᠲᠡᠶ᠃ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠣᠷᠢᠳᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠢ ᠴᠢᠩᠭ᠎ᠠ ᠵᠢᠷᠣᠮᠵᠢᠭᠤᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤᠪᠠᠷ | ᠶᠠᠷᠢᠯᠴᠠᠨ ᠲᠣᠭᠳᠠᠭᠠᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠨ ᠲᠣᠭᠲᠠᠭᠠᠵᠤ᠂ | ᠵᠠᠰᠠᠭ ᠵᠠᠬᠢᠷᠭᠠᠨ ᠤ ᠰᠢᠢᠳᠪᠣᠷᠢᠳᠦ ᠪᠣᠳᠣᠯᠭ᠎ᠠ ᠲᠣᠭᠲᠠᠭᠠᠬᠤ ᠳᠦᠷᠢᠮ ᠨᠢ ᠰᠢᠨᠵᠢᠯᠡᠬᠦ ᠤᠬᠠᠭᠠᠨᠴᠢ᠂ ᠳᠡᠰ | ᠳᠠᠷᠠᠭᠠᠯᠠᠯ ᠨᠢ ᠵᠦᠶ ᠶᠣᠰᠣᠨ ᠤ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨᠬᠦ | ᠪᠠᠳᠣᠯᠠᠬᠦ ᠬᠡᠷᠡᠭᠲᠡᠶ᠃ ᠴᠢᠬᠤᠯᠠ ᠶᠡᠭᠡ ᠠᠰᠠᠭᠤᠳᠠᠯ ᠢ ᠬᠠᠮᠲᠤᠪᠠᠷ ᠰᠢᠢᠳᠪᠣᠷᠢᠳᠦ ᠪᠣᠳᠣᠯᠭ᠎ᠠ ᠲᠣᠭᠲᠠᠭᠠᠬᠤ ᠳᠦᠷᠢᠮ᠂ | ᠲᠤᠰᠬᠠᠶ ᠮᠡᠷᠭᠡᠵᠢᠯᠳᠠᠨ ᠠᠴᠠ ᠥᠭᠬᠦ ᠳᠦᠷᠢᠮ᠂ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠳᠦᠷᠢᠮ ᠢ ᠤᠯᠠᠮ ᠨᠢᠭᠡ | ᠠᠯᠬᠤᠮ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠰᠢᠢᠳᠪᠣᠷᠢᠳᠦ ᠪᠣᠳᠣᠯᠭ᠎ᠠ ᠲᠣᠭᠲᠠᠭᠠᠬᠤ ᠳᠦᠷᠢᠮ ᠪᠠ ᠳᠡᠰ | ᠲᠠᠷᠠᠭᠠᠯᠠᠯ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠰᠢᠢᠳᠪᠣᠷᠢᠳᠦ ᠪᠣᠳᠣᠯᠭ᠎ᠠ ᠶᠢᠨ ᠰᠢᠨᠵᠢᠯᠡᠬᠦ | ᠣᠬᠠᠭᠠᠨᠴᠢᠯᠠᠯᠳᠠ᠂ ᠠᠷᠠᠳᠴᠢᠯᠠᠯᠲᠠ᠂ ᠬᠠᠤᠯᠢ ᠪᠠᠷ ᠵᠠᠰᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | ᠵᠠᠰᠠᠭ ᠤᠨ ᠣᠷᠳᠣᠨ ᠤ ᠬᠠᠤᠯᠢ ᠵᠥᠪᠯᠡᠭᠴᠢ ᠶᠢᠨ ᠳᠦᠷᠢᠮ ᠢ ᠨᠠᠷᠢᠨ ᠬᠢᠨᠠᠮᠠᠭᠠᠢ ᠨᠡᠶᠢᠳᠠᠪᠣᠷᠢᠵᠢᠭᠤᠯᠬᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠬᠠᠣᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠳᠤᠮᠳᠠᠬᠢ ᠢᠳᠡᠪᠬᠢᠲᠡᠢ ᠦᠢᠯᠡᠳᠦᠯ ᠢ ᠭᠦᠢᠴᠡᠳ | ᠪᠠᠳᠠᠷᠠᠭᠤᠯᠵᠦ᠂ ᠬᠤᠰᠢᠭᠤᠨ ᠤ ᠵᠠᠰᠠᠭ ᠤᠨ ᠣᠷᠳᠣᠨ ᠬᠢᠭᠡᠳ ᠪᠡᠭᠡᠵᠢᠩ ᠤᠨ ᠳ᠋ᠠ ᠴᠧᠩ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠲᠠᠢ ᠬᠠᠤᠯᠢ ᠴᠠᠭᠠᠵᠠ ᠶᠢᠨ ᠵᠥᠪᠯᠡᠯᠭᠡ ᠥᠭᠬᠦ ᠬᠡᠯᠡᠯᠴᠡᠭᠡᠷ ᠲᠣᠭᠲᠠᠭᠰᠠᠨ ᠪᠥᠭᠡᠳ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠶᠠᠷ ᠠᠯᠪᠠᠨ ᠲᠤᠰᠢᠶᠠᠯᠲᠤ ᠬᠠᠤᠯᠢᠴᠢ ᠶᠢ ᠤᠷᠢᠨ ᠬᠡᠷᠡᠭᠯᠡᠪᠡ᠃ | ᠠᠷᠠᠯᠵᠢᠶᠠᠴᠢᠨ ᠤᠷᠢᠵᠤ ᠪᠠᠯᠠ ᠲᠠᠲᠠᠬᠤ᠂ ᠰᠢᠢᠳᠪᠣᠷᠢᠳᠦ ᠪᠣᠳᠣᠯᠭ᠎ᠠ ᠲᠣᠭᠲᠠᠭᠠᠬᠤ ᠨᠤᠲᠠᠯᠠᠯᠲᠠ ᠬᠢᠬᠦ᠂ ᠵᠢᠷᠣᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ᠂ ᠴᠢᠬᠤᠯᠠ ᠶᠡᠭᠡ ᠪᠣᠳᠠᠲᠠᠶ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠶᠢ ᠬᠢᠨᠠᠨ ᠪᠠᠶᠢᠴᠠᠭᠠᠬᠤ᠂ ᠭᠡᠷ᠎ᠡ ᠶᠢ ᠬᠢᠨᠠᠨ ᠪᠠᠶᠢᠴᠠᠭᠠᠬᠤ᠂ ᠬᠡᠷᠡᠭ ᠢ ᠬᠢᠨᠠᠨ ᠪᠡᠶᠢᠴᠠᠭᠠᠬᠤ᠂ ᠵᠠᠬᠢᠳᠠᠯ | ᠰᠤᠷᠪᠤᠯᠵᠢᠯᠠᠯ ᠢ ᠭᠥᠯᠢᠶᠡᠨ ᠠᠪᠬᠤ ᠵᠡᠷᠭᠡ ᠡᠯ᠎ᠡ ᠲᠥᠷᠥᠯ ᠤᠨ ᠬᠠᠤᠯᠢ ᠳᠤ ᠬᠤᠯᠪᠣᠭᠳᠠᠬᠤ᠂ ᠵᠠᠷᠭᠤᠳᠤ ᠬᠤᠯᠪᠣᠭᠳᠠᠬᠤ | ᠬᠡᠷᠡᠭ ᠶᠠᠪᠤᠳᠠᠯ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠣᠷᠢᠳᠦ ᠪᠣᠳᠣᠯᠭ᠎ᠠ ᠲᠣᠭᠲᠠᠭᠠᠬᠤ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠳᠡᠢ ᠦᠢᠯᠡᠳᠣᠯ | ᠦᠵᠡᠭᠦᠯᠪᠡ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠷᠢᠭᠤᠴᠠᠯᠭᠠᠲᠠᠨ ᠵᠢᠴᠢ ᠬᠤᠯᠪᠣᠭᠳᠠᠯ ᠪᠥᠬᠦᠶ | ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠡᠷᠭᠡ | ᠬᠤᠯᠪᠣᠭᠳᠠᠯ ᠪᠥᠬᠦᠶ ᠴᠢᠬᠤᠯᠠ ᠶᠡᠭᠡ ᠬᠡᠷᠡᠭ ᠶᠠᠪᠤᠳᠠᠯ ᠤᠨ ᠶᠠᠷᠢᠯᠴᠠᠭᠠᠨ ᠳᠤ ᠰᠤᠯᠠ ᠣᠷᠣᠯᠴᠠᠪᠠ᠃ 2019 | ᠣᠨ ᠳᠤ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠵᠠᠰᠠᠭ ᠤᠨ ᠣᠷᠳᠣᠨ ᠤ | ᠬᠠᠣᠯᠢ ᠳᠤ ᠬᠤᠯᠪᠣᠭᠳᠠᠭᠰᠠᠨ ᠵᠣᠶᠢᠯᠡᠰ ᠤᠨ ᠴᠢᠬᠤᠯᠠ ᠶᠡᠭᠡ ᠰᠢᠢᠳᠪᠣᠷᠢᠳᠦ ᠪᠣᠳᠣᠯᠭ᠎ᠠ᠂ ᠵᠠᠰᠠᠭ ᠤᠨ ᠣᠷᠳᠣᠨ ᠤ | ᠭᠡᠷ᠎ᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠵᠠᠰᠠᠭ ᠵᠠᠬᠢᠷᠭᠠᠨ ᠤ ᠵᠠᠷᠭᠤ ᠳᠤ | 62 ᠤᠳᠠᠭ᠎ᠠ ᠣᠷᠣᠯᠴᠠᠪᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ | ᠬᠢᠨᠠᠨ ᠪᠠᠶᠢᠴᠠᠭᠠᠯᠲᠠ ᠶᠢ ᠴᠢᠩᠭᠠᠳᠬᠠᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠭᠰᠠᠨ ᠰᠢᠨᠵᠢᠯᠡᠬᠦ | ᠤᠬᠠᠭᠠᠨᠴᠢ ᠴᠢᠨᠠᠷ᠂ ᠲᠦᠷᠢᠮ ᠤᠨ ᠴᠢᠨᠠᠷ᠂ ᠵᠢᠷᠤᠮᠵᠢᠭᠰᠠᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠪᠥᠬᠦ ᠵᠢᠯ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡ 14 ᠬᠤᠪᠢ | ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ 35 ᠬᠤᠪᠢ ᠭᠡᠷ᠎ᠡ ᠶᠢᠨ ᠵᠥᠪᠯᠡᠯᠴᠡᠭᠡᠷ ᠢ | ᠬᠢᠨᠠᠨ ᠪᠠᠶᠢᠴᠠᠭᠠᠪᠠ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠡᠷᠡᠭᠳᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠲᠠᠢ | ᠤᠶᠠᠯᠳᠤᠭᠤᠯᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠣᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠲᠠᠷᠢᠶᠠᠯᠡᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠵᠡᠷᠭᠡ 11 ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠳᠠᠬᠢ ᠵᠠᠰᠠᠭ ᠵᠠᠬᠢᠷᠭᠠᠨ ᠤ ᠡᠷᠬᠡ ᠶᠢ ᠲᠥᠷᠥ ᠲᠠᠷᠬᠠᠭᠠᠭᠰᠨ ︹ 2019 ︺ 6 ᠳ᠋ᠤᠭᠠᠷ ᠲᠣᠭᠠᠲᠤ | ᠪᠢᠴᠢᠭ ᠮᠠᠲ᠋ᠧᠷᠢᠶᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 709 ᠳ᠋ᠦᠭᠡᠷ ᠲᠣᠭᠠᠲᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 710 ᠳ᠋ᠤᠭᠠᠷ ᠲᠣᠭᠠᠲᠤ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 714 ᠳ᠋ᠦᠭᠡᠷ ᠲᠣᠭᠠᠲᠤ ᠵᠠᠰᠠᠭ ᠵᠠᠬᠢᠷᠭᠠᠨ ᠤ ᠡᠷᠬᠡ ᠲᠠᠢ ᠨᠠᠷᠢᠨ ᠨᠢᠭᠲᠠ ᠬᠠᠷᠢᠴᠠᠭᠤᠯᠤᠨ᠂ ᠬᠦᠴᠦᠨ ᠥᠬᠡᠶ | ᠪᠣᠯᠭᠠᠬᠤ᠂ ᠭᠥᠯᠢᠶᠡᠨ ᠠᠪᠬᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠪᠠ᠃ ᠨᠢᠭᠡ ᠳᠤ᠂ ︽ᠣᠯᠠᠨ | ᠦᠨᠡᠮᠯᠡᠯ ᠢ ᠨᠢᠭᠡᠳᠬᠡᠬᠦ︾ ᠳᠦᠷᠢᠮ ᠢ ᠪᠦᠬᠦ ᠲᠠᠯ᠎ᠠ ᠪᠠᠷ ᠠᠬᠢᠭᠤᠯᠵᠤ᠂ ᠪᠦᠬᠦ ᠬᠤᠰᠢᠭᠤᠨ ᠤ ︽ᠣᠯᠠᠨ ᠦᠨᠡᠮᠯᠡᠯ ᠢ | ᠨᠢᠭᠡᠳᠬᠡᠬᠦ︾ ᠠᠵᠤ ᠠᠬᠤᠶᠢᠯᠠᠯ 1216 ᠡᠷᠦᠬᠡ ᠪᠣᠯᠪᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠨᠡᠶᠢᠲᠡᠯᠡᠭᠰᠡᠨ ᠠᠵᠤ ᠦᠢᠯᠡᠳᠪᠣᠷᠢ ᠬᠤᠳᠠᠯᠳᠣᠭᠠᠨ ᠤ ᠳᠡᠩᠰᠡᠯᠡᠨ ᠲᠡᠮᠳᠡᠭᠯᠡᠬᠦ ᠶᠢᠨ | ᠤᠷᠢᠳᠠᠴᠢ ᠬᠢᠨᠠᠨ ᠵᠥᠪᠰᠢᠶᠡᠷᠡᠬᠦ ᠵᠣᠶᠢᠯᠡᠰ ᠤᠨ 159 ᠵᠣᠶᠢᠯ ᠢ ᠬᠤᠵᠢᠭᠤ ᠬᠢᠨᠠᠨ ᠵᠥᠪᠰᠢᠶᠡᠷᠡᠬᠦ ᠪᠣᠯᠭᠠᠨ | ᠥᠭᠡᠷᠡᠴᠢᠯᠡᠬᠦ᠂ ᠠᠵᠤ ᠦᠢᠯᠡᠳᠪᠣᠷᠢ ᠬᠤᠳᠠᠯᠳᠤᠭᠠᠨ ᠤ ᠳᠡᠩᠰᠡᠯᠡᠨ ᠲᠡᠮᠳᠡᠭᠯᠡᠭᠦᠯᠬᠦ ᠶᠢᠨ ᠤᠷᠢᠳᠠᠴᠢ ᠬᠢᠨᠠᠨ | ᠵᠥᠪᠰᠢᠶᠡᠷᠡᠯ ᠢ ᠦᠯᠡᠳᠡᠭᠡᠬᠦ᠂ ᠠᠵᠤ ᠠᠬᠤᠶᠢᠯᠠᠯ ᠢ ᠬᠤᠪᠢᠷᠠᠭᠤᠯᠬᠤ᠂ ᠳᠡᠩᠰᠡᠯᠡᠨ ᠲᠡᠮᠳᠡᠭᠯᠡᠭᠦᠯᠬᠦ ᠶᠢᠨ ᠤᠷᠢᠳᠠᠴᠢ ᠬᠢᠨᠠᠨ | ᠵᠥᠪᠰᠢᠶᠡᠷᠡᠯ ᠢ ᠬᠦᠴᠦᠨ ᠥᠬᠡᠶ ᠪᠣᠯᠭᠠᠬᠤ 31 ᠵᠣᠶᠢᠯ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠᠶᠢᠨ ᠲᠦᠷᠭᠡᠨ ᠵᠥᠪᠰᠢᠶᠡᠷᠡᠨ ᠣᠷᠣᠭᠤᠯᠬᠤ ᠳᠤ ᠲᠥᠬᠦᠮ ᠦᠵᠡᠭᠦᠯᠪᠡ᠃ ᠭᠤᠷᠪᠠ ᠳᠤ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠨ᠎ᠡ ᠶᠢ ᠡᠭᠦᠳᠴᠦ ᠠᠬᠢᠭᠤᠯᠣᠨ᠎ᠠ᠃ ᠪᠥᠬᠦ | ᠬᠤᠰᠢᠭᠤᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠦᠢᠯᠡᠴᠢᠯᠡᠭᠡᠨ ᠤ ᠵᠣᠶᠢᠯᠡᠰ ᠢ ᠪᠦᠬᠦᠨ ᠢ ᠡᠭᠦᠳᠡᠨ ᠰᠦᠯᠵᠢᠶᠡᠨ ᠥᠷᠲᠡᠭᠡ ᠳᠤ ᠣᠷᠣᠭᠤᠯᠵᠤ᠂ ᠵᠠᠰᠠᠭ ᠤᠨ | ᠶᠠᠪᠣᠳᠠᠯ ᠤᠨ ᠲᠥᠪ ᠲᠤ ᠣᠷᠣᠵᠤ ᠰᠠᠭᠤᠭᠠᠳ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠦᠨ᠂ ᠠᠵᠢᠯ ᠶᠠᠪᠤᠳᠠᠯ ᠭᠦᠢᠴᠡᠳᠭᠡᠬᠦ ᠳᠤ ᠰᠦᠯᠵᠢᠶᠡᠨ ᠥᠷᠲᠡᠭᠡ ᠪᠠᠷ ᠪᠠᠶᠢᠴᠠᠭᠠᠨ ᠯᠠᠪᠯᠠᠬᠤ᠂ ᠭᠤᠶᠤᠴᠢᠯᠠᠨ | ᠮᠡᠳᠡᠭᠦᠯᠬᠦ᠂ ᠪᠠᠭᠤᠯᠭᠠᠨ ᠠᠪᠬᠤ ᠪᠠᠷ ᠳᠡᠮᠵᠢᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠦᠪᠰᠢᠶᠡᠷᠡᠬᠦ ᠡᠷᠭᠡ | ᠵᠦᠢᠯᠡᠰ ᠢ ᠢᠳᠡᠪᠬᠢᠲᠡᠶ ᠢᠯᠭᠠᠷᠠᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠣᠶᠢᠯ ᠢ 12 ᠵᠣᠶᠢᠯ᠂ | ᠦᠢᠯᠡᠴᠢᠯᠡᠭᠡᠨ ᠤ ᠲᠥᠷᠥᠯ ᠵᠣᠶᠢᠯ ᠢ 61 ᠵᠣᠶᠢᠯ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠳᠣᠷᠣᠭᠰᠢ ᠪᠠᠭᠤᠯᠭᠠᠭᠰᠠᠨ ᠲᠥᠷᠥᠯ ᠵᠣᠶᠢᠯ ᠢ 122 ᠵᠣᠶᠢᠯ ᠪᠣᠯᠭᠠᠨ ᠬᠤᠪᠢᠷᠠᠭᠤᠯᠵᠤ᠂ ᠠᠵᠢᠯ | ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠦᠭᠦᠮᠴᠢᠯᠡᠵᠤ᠂ ᠬᠢᠨᠠᠨ ᠵᠥᠪᠰᠢᠶᠡᠷᠡᠬᠦ | ᠭᠤᠭᠴᠤᠭ᠎ᠠ ᠶᠢ ᠴᠣᠮᠬᠠᠳᠬᠠᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ᠡᠩ ᠤᠨ ᠵᠣᠶᠢᠯᠡᠰ ᠤᠨ | ᠨᠢᠭᠡᠳᠦᠭᠡᠷ ᠰᠢᠭᠦᠯᠲᠡ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠳᠡᠢ ᠪᠠᠷ ᠲᠦᠯᠬᠢᠨ | ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠨᠡᠶᠢᠳᠡᠯᠡᠬᠦ ᠳᠦᠷᠢᠮ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ | ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ | ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ | ᠠᠵᠢᠯ ᠤᠨ ᠪᠠᠶᠢᠷᠢ ᠶᠢᠨ ᠦᠨᠡᠮᠯᠡᠯ ᠤᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠷᠬᠡ | ᠲᠤᠰᠢᠶᠠᠯ ᠠᠴᠠ ᠪᠠᠨ ᠳᠠᠪᠠᠭᠰᠠᠨ᠂ ᠪᠣᠳᠠᠲᠤ ᠶᠠᠪᠤᠳᠠᠯ ᠨᠢ ᠲᠣᠳᠣᠷᠬᠠᠶ ᠦᠭᠡᠢ᠂ ᠭᠡᠷᠡᠴᠢ ᠪᠠᠷᠢᠮᠲᠠ ᠨᠢ ᠭᠦᠢᠴᠡᠳ ᠪᠤᠰᠤ᠂ | ᠬᠠᠤᠯᠢ ᠴᠠᠭᠠᠵᠠ ᠶᠢ ᠬᠡᠷᠡᠭᠯᠡᠭᠰᠡᠨ ᠨᠢ ᠵᠥᠪ ᠪᠤᠰᠤ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠦᠭᠡᠢ᠂ ᠰᠢᠢᠳᠭᠡᠨ | ᠲᠣᠷᠭᠠᠭᠰᠠᠨ ᠨᠢ ᠵᠣᠬᠢᠰ ᠦᠭᠡᠢ ᠬᠠᠤᠯᠢ ᠬᠡᠷᠡᠭᠵᠢᠭᠦᠯᠬᠦ ᠬᠡᠷᠡᠭ ᠭᠠᠷᠬᠤ ᠶᠢ ᠲᠠᠰᠤ ᠵᠣᠭᠰᠣᠭᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠨᠢ ᠲᠥᠪ ᠭᠤᠤᠯᠴᠢ᠂ ᠢᠯᠡ ᠲᠣᠳᠣ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ | ︵ᠲᠠᠪᠤ︶ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠨ᠎ᠠ᠃ ᠨᠠᠮ ᠤᠨ | ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ | ᠬᠢᠨᠠᠯᠲᠠ᠂ ᠬᠠᠤᠯᠢ ᠪᠠᠷᠢᠬᠤ ᠬᠢᠨᠠᠯᠲᠠ ᠪᠠ ᠤᠯᠠᠨ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠵᠦ᠂ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ | ᠠᠵᠢᠯ ᠤᠨ ᠮᠡᠳᠡᠭᠦᠯᠦᠯᠲᠡ ᠬᠢᠬᠦ ᠲᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃ 2019 ᠣᠨ ᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ 15 ᠤᠳᠠᠭ᠎ᠠ ᠲᠤᠰᠬᠠᠶ ᠮᠡᠳᠡᠭᠦᠯᠦᠯᠲᠡ ᠬᠢᠵᠦ᠂ ᠬᠤᠰᠢᠭᠤᠨ | ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠭᠰᠡᠨ ᠰᠠᠨᠠᠯ ᠢ | ᠬᠤᠰᠢᠭᠤᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠵᠣᠶᠢᠯ ᠳᠠᠷᠠᠭᠠᠯᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ 6 | ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ | | ︵ᠵᠢᠷᠭᠤᠭ᠎ᠠ︶ ᠬᠠᠤᠯᠢᠵᠢᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠡᠷᠡᠰ ᠨᠡᠶᠢᠳᠠᠪᠣᠷᠢᠵᠢᠭᠤᠯᠵᠦ᠂ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠶ᠂ ᠬᠠᠮᠤᠭ ᠤᠨ | ᠲᠤᠯᠭᠠᠮ᠎ᠠ ᠬᠦᠰᠡᠯ ᠱᠠᠭᠠᠷᠳᠠᠯᠭ᠎ᠠ ᠪᠠ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ | ᠭᠤᠭᠴᠤᠭ᠎ᠠ ᠪᠠ ᠠᠰᠠᠭᠤᠳᠠᠯ ᠤᠨ ᠲᠣᠳᠠᠭᠳᠠᠯ ᠢ ᠬᠠᠷᠠᠭᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ | ᠦᠢᠯᠡᠴᠢᠯᠡᠭᠡᠨ ᠤ ᠳᠡᠭᠡᠭᠰᠢᠯᠡᠯᠲᠡ ᠶᠢ ᠳᠣᠪᠤᠶᠢᠯᠭᠠᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠣᠷᠰᠢᠯᠭ᠎ᠠ ᠰᠠᠶᠢᠨ | ᠬᠢᠳᠡᠯ ᠢᠶᠠᠷ ᠪᠠᠷᠢᠮᠵᠢᠶ᠎ᠠ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ | ᠬᠥᠭᠵᠢᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ︽ᠬᠡᠨ ᠬᠡᠷᠡᠭᠵᠢᠭᠦᠯᠪᠡᠯ᠂ ᠲᠡᠷᠡ ᠨᠡᠶᠢᠲᠡᠯᠡᠬᠦ᠂ | ᠲᠡᠷᠡ ᠲᠣᠭᠲᠠᠭᠠᠬᠤ᠂ ᠲᠡᠷᠡ ᠢᠯᠭᠠᠷᠠᠭᠤᠯᠬᠤ︾ ᠵᠠᠷᠴᠢᠮ ᠶᠣᠰᠣᠭᠠᠷ᠂ ᠡᠯ᠎ᠡ ᠲᠥᠷᠥᠯ ᠤᠨ ᠭᠡᠷᠡᠴᠢᠯᠡᠬᠦ ᠵᠣᠶᠢᠯᠡᠰ ᠢ | ᠬᠢᠨᠠᠮᠠᠭᠠᠶ ᠡᠮᠬᠢᠯᠡᠵᠦ᠂ ᠠᠵᠤ ᠠᠬᠤᠶᠢᠯᠠᠯ ᠪᠠ ᠣᠯᠠᠨ ᠲᠤ ᠮᠡᠨ ᠢ ᠲᠦᠪᠡᠭᠳᠡᠭᠦᠯᠵᠦ ᠪᠠᠶᠢᠭ᠎ᠠ ︽ᠲᠦᠭᠵᠢᠷᠡᠯ︾ ᠤᠨ | ᠠᠰᠠᠭᠤᠳᠠᠯ ᠪᠠ ᠡᠷᠭᠢᠯᠲᠡ ᠶᠢᠨ ᠭᠡᠷᠡᠴᠢ᠂ ᠳᠠᠪᠬᠤᠷᠳᠠᠭᠤᠯᠤᠨ ᠭᠡᠷᠡᠴᠢᠯᠡᠬᠦ ᠵᠣᠶᠢᠯᠡᠰ ᠢ ᠪᠥᠬᠦ ᠲᠠᠯ᠎ᠠ ᠪᠠᠷ | ᠢᠯᠭᠠᠷᠠᠭᠤᠯᠤᠨ᠎ᠠ᠃ | ︵ᠳᠣᠯᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ 2019 ᠣᠨ ᠪᠣᠯ ︽ᠳᠣᠯᠣᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠳᠤᠮᠳᠠ ᠬᠤᠭᠤᠴᠠᠭ᠎ᠠ ᠪᠠᠶᠢᠵᠤ᠂ ᠣᠯᠣᠰ ᠤᠨ ᠦᠨᠳᠦᠰᠦᠨ ᠬᠠᠤᠯᠢ ᠶᠢᠨ ᠡᠳᠦᠷ᠂ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ ᠪᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠷ᠎ᠠ ᠵᠡᠷᠭᠡ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠭᠦᠢᠴᠡᠳ ᠠᠰᠢᠭᠯᠠᠵᠦ᠂ ᠦᠨᠳᠦᠰᠦᠨ ᠬᠠᠤᠯᠢ ᠶᠢᠨ ᠰᠤᠷᠤᠯᠴᠠᠯᠭ᠎ᠠ | ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠭᠤᠷᠪᠠᠨ ᠰᠠᠷ᠎ᠠ ᠶᠢᠨ ᠨᠠᠢᠮᠠ ᠤ ᠡᠮᠡᠭᠲᠡᠶᠢᠴᠦᠳ ᠤᠨ ᠪᠠᠶᠠᠷ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠦ᠂ ᠤᠯᠤᠰ ᠤᠨ ᠠᠮᠤᠷ ᠲᠦᠪᠰᠢᠨ ᠤ ᠡᠳᠦᠷ᠂ ᠬᠤᠤᠷ ᠴᠠᠭᠠᠵᠠᠯᠠᠬᠤ | ᠡᠳᠦᠷ᠂ ᠠᠷᠠᠳ ᠢᠷᠭᠡᠨ ᠤ ᠶᠣᠰᠣ ᠮᠣᠷᠠᠯ ᠤᠨ ᠣᠬᠠᠭᠤᠯᠭ᠎ᠠ ᠶᠢᠨ ᠡᠳᠦᠷ᠂ ᠬᠠᠤᠯᠢ ᠪᠠᠷ ᠵᠠᠰᠠᠵᠤ ᠶᠠᠳᠠᠭᠤ ᠶᠢ | ᠲᠡᠳᠬᠦᠬᠦ ᠡᠳᠦᠷ ᠵᠡᠷᠭᠡ ᠶᠢ ᠠᠰᠢᠭᠯᠠᠨ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠶᠡᠷᠦᠩᠬᠡᠶ ᠳᠦᠷᠢᠮ᠂ ᠡᠷᠡᠭᠦᠤ ᠶᠢᠨ ᠬᠠᠤᠯᠢ᠂ ᠬᠥᠳᠡᠯᠮᠦᠷᠢ ᠶᠢᠨ | ᠭᠡᠷ᠎ᠡ ᠶᠢᠨ ᠬᠠᠤᠯᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ ᠵᠡᠷᠭᠡ ᠪᠠᠶᠢᠩᠭᠤ ᠬᠡᠷᠡᠭᠯᠡᠭᠳᠡᠬᠦ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠶᠢ ᠨᠡᠶᠢᠳᠡ 87 ᠤᠳᠠᠭ᠎ᠠ | ᠥᠷᠨᠢᠭᠦᠯᠵᠦ᠂ ᠤᠬᠠᠭᠤᠯᠬᠤ ᠮᠠᠲ᠋ᠧᠷᠢᠶᠠᠯ ᠢ ᠨᠡᠶᠢᠳᠡ 40000 ᠭᠠᠷᠤᠶ ᠬᠤᠪᠢ ᠲᠠᠷᠬᠠᠭᠠᠪᠠ᠃ | ᠬᠤᠶᠠᠷ᠂ ᠣᠷᠣᠰᠢᠵᠤ ᠪᠠᠶᠢᠭ᠎ᠠ ᠭᠤᠤᠯ ᠠᠰᠠᠭᠤᠳᠠᠯ | ᠨᠢᠭᠡ ᠪᠣᠯ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠣᠭᠡᠨ ᠪᠡᠶᠢᠭᠤᠯᠣᠯᠳᠠ ᠤᠨ ᠰᠠᠯᠠᠭ᠎ᠠ ᠮᠦᠴᠢᠷ | ᠤᠨ ᠬᠤᠭᠤᠷᠣᠨᠳᠠᠬᠢ ᠲᠦᠯᠬᠢᠨ ᠠᠬᠢᠭᠤᠯᠬᠤ ᠦᠷ᠎ᠡ ᠪᠣᠳᠣᠮᠵᠢ ᠨᠢ ᠲᠡᠭᠰᠢ ᠦᠭᠡᠢ᠃ ᠬᠤᠶᠠᠷ ᠪᠣᠯ ᠵᠠᠷᠢᠮ ᠴᠢᠬᠤᠯᠠ | ᠶᠡᠭᠡ ᠰᠢᠢᠳᠪᠣᠷᠢᠳᠦ ᠪᠤᠳᠤᠯᠭ᠎ᠠ ᠶᠢᠨ ᠵᠣᠶᠢᠯᠡᠰ ᠢ ᠮᠡᠳᠡᠭᠦᠯᠬᠦ ᠲᠦᠷᠢᠮ ᠢ ᠮᠥᠨ ᠯᠡ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠭᠤᠷᠪᠠ ᠪᠣᠯ ᠬᠡᠰᠡᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠨᠢᠭᠡᠴᠢ ᠶᠢᠨ ᠬᠠᠤᠯᠢ ᠬᠡᠷᠡᠭᠵᠢᠭᠦᠯᠬᠦ ᠴᠢᠳᠠᠪᠣᠷᠢ ᠪᠠ ᠬᠢᠷᠢ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠳᠥᠷᠪᠡ ᠪᠣᠯ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠠᠵᠢᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ | ᠳᠤᠮᠳᠠ ᠰᠢᠨ᠎ᠡ ᠠᠰᠠᠭᠤᠳᠠᠯ᠂ ᠰᠢᠨ᠎ᠡ ᠬᠦᠴᠢᠷᠳᠡᠯ ᠢ ᠠᠷᠭᠠᠴᠠᠬᠤ ᠡᠮᠦᠨ᠎ᠡ᠂ ᠭᠦᠨᠵᠡᠭᠡᠶ ᠰᠢᠨ᠎ᠡ ᠶᠢ ᠡᠭᠦᠳᠬᠦ ᠬᠠᠶᠢᠨ | ᠰᠦᠪᠡᠭᠴᠢᠯᠡᠯᠲᠡ ᠪᠠᠷ ᠳᠤᠲᠠᠮᠠᠭ ᠪᠠᠶᠢᠨ᠎ᠠ᠃ | ᠭᠤᠷᠪᠡ᠂ 2020 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠲᠥᠯᠥᠪᠯᠡᠭᠡ | 2020 ᠣᠨ ᠳᠤ᠂ ᠠᠵᠢᠯ ᠤᠨ ᠶᠡᠭᠡ ᠲᠠᠯ᠎ᠠ ᠲᠠᠢ ᠤᠶᠠᠯᠳᠤᠭᠤᠯᠤᠨ᠂ ᠲᠣᠭᠲᠠᠴᠠ ᠳᠤ ᠰᠢᠨ᠎ᠡ ᠶᠢ ᠡᠭᠦᠳᠴᠦ᠂ | ᠨᠡᠶᠢᠳᠠᠪᠣᠷᠢᠵᠢᠭᠤᠯᠣᠯᠳᠠ ᠶᠢ ᠬᠦᠴᠦᠲᠡᠶ ᠠᠳᠬᠤᠵᠤ᠂ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠠ | ᠄ | ᠨᠢᠭᠡ ᠳᠤ᠂ ᠣᠳᠣᠷᠢᠳᠣᠯᠭ᠎ᠠ ᠶᠢᠨ ᠵᠣᠬᠢᠶᠠᠨ ᠪᠡᠶᠢᠭᠤᠯᠣᠯᠳᠠ ᠪᠠᠨ ᠴᠢᠭᠭᠠᠳᠬᠠᠵᠦ᠂ ᠠᠵᠢᠯ ᠤᠨ ᠲᠦᠷᠢᠮ ᠢᠶᠠᠨ | ᠦᠷᠬᠦᠯᠵᠢᠯᠡᠨ ᠲᠡᠭᠦᠯᠳᠠᠷᠵᠢᠭᠦᠯᠣᠨᠠ᠃ | ᠬᠤᠶᠡᠷ ᠲᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠣᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠣᠨ᠎ᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ | ᠰᠢᠢᠳᠪᠣᠷᠢᠳᠦ ᠪᠣᠳᠣᠯᠭ᠎ᠠ ᠲᠣᠭᠲᠠᠭᠠᠬᠤ ᠦᠢᠯᠠᠭᠠᠭᠳᠠᠬᠤᠨ ᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠦᠢᠯᠡᠳᠣᠯ ᠢ ᠭᠦᠢᠴᠡᠳ ᠪᠠᠳᠠᠷᠠᠭᠤᠯᠤᠨ᠂ ᠣᠯᠠᠨ ᠨᠡᠶᠢᠲᠡ ᠪᠠᠷ ᠢᠶᠠᠨ ᠣᠷᠣᠯᠴᠠᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠪᠠ ᠬᠠᠮᠲᠤᠪᠠᠷ ᠶᠠᠷᠢᠯᠴᠠᠨ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠰᠢᠢᠳᠪᠣᠷᠢᠳᠦ ᠪᠣᠳᠣᠯᠭ᠎ᠠ | ᠲᠣᠭᠲᠠᠭᠠᠨ᠎ᠠ᠃ ᠠᠶᠤᠯ ᠲᠦᠭᠰᠢᠭᠦᠷᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠣᠷᠢᠳᠦ ᠪᠣᠳᠣᠯᠭ᠎ᠠ ᠶᠢ ᠮᠥᠷᠳᠡᠨ ᠬᠠᠷᠢᠭᠤ ᠲᠤᠰᠬᠠᠬᠤ ᠪᠠ ᠬᠠᠷᠢᠭᠤᠴᠠᠯᠭ᠎ᠠ ᠨᠡᠬᠡᠮᠵᠢᠯᠡᠬᠦ | ᠲᠣᠭᠳᠠᠴᠠ ᠶᠢ ᠲᠡᠭᠦᠯᠳᠡᠷᠵᠢᠭᠦᠯᠦᠨ᠂ ᠰᠢᠢᠳᠪᠣᠷᠢᠳᠦ ᠪᠣᠳᠣᠯᠭ᠎ᠠ ᠶᠢ ᠬᠡᠷᠡᠭᠵᠢᠭᠦᠯᠦᠭᠰᠡᠨ ᠪᠡᠶᠢᠳᠡᠯ᠂ ᠰᠢᠢᠳᠪᠣᠷᠢᠳᠦ | ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠬᠡᠷᠡᠭᠲᠡᠶ᠃ | ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠣᠮᠵᠢᠭᠤᠯᠣᠨ᠎ᠠ᠃ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢᠶᠢᠨ | ᠥᠭᠡᠷᠡᠴᠢᠯᠡᠯᠲᠡ ᠳᠤ 8 ᠬᠠᠣᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠵᠤ᠂ ᠬᠤᠰᠢᠭᠤ ᠲᠣᠰ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠰᠢᠰᠲ᠋ᠧᠮ ᠢ ᠭᠦᠢᠴᠡᠳ ᠬᠡᠷᠡᠭᠯᠡᠨ᠂ ᠬᠠᠤᠯᠢ | ᠬᠡᠷᠡᠭᠵᠢᠭᠦᠯᠬᠦ ᠡᠩᠨᠡᠭᠡ ᠶᠢᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ | ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠪᠠᠷ ᠵᠠᠰᠠᠬᠤ ᠬᠢᠨᠠᠨ ᠬᠠᠷᠭᠤᠭᠤᠯᠬᠤ ᠲᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ | ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠵᠤ᠂ ᠬᠡᠪ ᠰᠤᠷᠲᠠᠯ ᠰᠢᠯᠢᠳᠡᠭ᠂ ᠬᠡᠪ ᠴᠢᠨᠠᠷ ᠰᠠᠶᠢᠲᠠᠶ ᠬᠠᠤᠯᠢ ᠬᠡᠷᠡᠭᠵᠢᠭᠦᠯᠬᠦ ᠲᠡᠮᠦᠷ | ᠴᠡᠷᠢᠭ ᠢ ᠴᠢᠷᠮᠠᠶᠢᠨ ᠪᠠᠶᠢᠭᠤᠯᠤᠨ᠎ᠠ᠃ | ᠲᠦᠷᠪᠡ ᠳᠤ᠂ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠵᠤ᠂ ᠬᠠᠤᠯᠢ ᠪᠠᠷ | ᠵᠠᠰᠠᠬᠤ ᠤᠬᠠᠮᠰᠠᠷ ᠢ ᠲᠡᠭᠡᠭᠰᠢᠯᠡᠭᠦᠯᠣᠨ᠎ᠡ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠠᠮᠲᠤ ᠪᠠᠷ ᠬᠠᠤᠯᠢ | ᠰᠤᠷᠤᠯᠴᠠᠬᠤ ᠲᠦᠷᠢᠮ ᠢ ᠦᠷᠭᠦᠯᠵᠢᠯᠡᠨ ᠨᠡᠶᠢᠳᠠᠪᠣᠷᠢᠵᠢᠭᠤᠯᠵᠦ᠂ ᠤᠳᠤᠷᠢᠳᠬᠤ ᠪᠠᠭ ᠤᠨ ᠪᠦᠷᠢᠯᠳᠦᠬᠦᠨ ᠤ | ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ ᠬᠥᠭᠵᠢᠯᠲᠡ ᠶᠢ ᠲᠦᠯᠬᠢᠨ | ᠠᠬᠢᠭᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ | ᠬᠠᠨᠳᠤᠯᠭᠠᠲᠤ ᠴᠢᠨᠠᠷ ᠲᠠᠢ᠂ ᠪᠠᠶᠢᠩᠭᠤ ᠶᠢᠨ ᠴᠢᠨᠠᠷ ᠲᠠᠢ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠳᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠦ᠂ | ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠲᠡᠭᠡᠭᠰᠢᠯᠡᠭᠦᠯᠵᠦ᠂ | ᠤᠬᠠᠮᠰᠠᠷ ᠠᠴᠠ ᠪᠠᠨ ᠬᠠᠤᠯᠢ ᠴᠠᠭᠠᠵᠠ ᠶᠢ ᠵᠢᠷᠤᠮᠯᠠᠨ ᠬᠡᠷᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠶᠢᠨ ᠬᠠᠮᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠰᠠᠶᠢᠨ ᠰᠠᠶᠢᠬᠠᠨ ᠬᠠᠤᠯᠢ ᠴᠠᠭᠠᠵᠠ ᠶᠢᠨ | ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ | ᠲᠠᠪᠤ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠨᠠᠨ ᠰᠢᠯᠭᠠᠯᠳᠠ ᠶᠢ ᠪᠦᠬᠦ | ᠲᠠᠯ᠎ᠠ ᠪᠠᠷ ᠥᠷᠨᠢᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠢᠨᠠᠨ ᠰᠢᠯᠭᠠᠵᠤ | ᠦᠨᠡᠯᠡᠬᠦ ᠭᠦᠢᠴᠡᠳᠭᠡᠯ ᠲᠤᠭ᠎ᠠ ᠶᠢᠨ ᠬᠤᠪᠢ ᠶᠢᠨ ᠵᠢᠩ ᠢ ᠦᠷᠭᠦᠯᠵᠢᠯᠡᠨ ᠨᠡᠮᠡᠭᠳᠡᠭᠦᠯᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠡᠶᠢᠭᠤᠯᠣᠯᠳᠠ ᠶᠢ ᠵᠢᠯ ᠳᠠᠷᠠᠭᠠᠯᠠᠨ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ | ︵ᠬᠠᠷᠢᠯᠴᠠᠬᠤ ᠬᠥᠮᠦᠨ᠄ ᠦ᠋ ᠳ᠋ᠦᠩ᠃ ᠬᠠᠷᠢᠯᠴᠠᠬᠤ ᠤᠲᠠᠰᠤ᠄ 18504848950︶ | ᠣᠷᠴᠢᠭᠤᠯᠣᠭᠴᠢ᠄ ᠰᠡᠴᠡᠩᠭᠤᠸ᠎ᠠ |