ᠶᠡᠷᠦᠩᠬᠡᠶ ᠰᠠᠶᠢᠳ ᠯᠢ ᠺᠧ ᠴᠢᠶᠠᠩ ᠤᠨ ᠰᠣᠷᠪᠣᠯᠵᠢᠯᠠᠭᠴᠢᠳ ᠤᠨ ᠬᠤᠷᠠᠯ ᠲᠤᠬᠠᠶ ᠶᠢᠨ | ᠴᠠᠭ ᠲᠤ ᠨᠡᠪᠲᠡᠷᠡᠭᠦᠯᠪᠡ ︵ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ | ᠲᠥᠪ ᠲᠧᠯᠸᠢᠰ ᠤᠨ ᠰᠤᠷᠪᠤᠯᠵᠢᠯᠠᠭᠴᠢ︶ | | ︵ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠥᠪ ᠲᠧᠯᠸᠢᠰ ᠤᠨ ᠰᠤᠷᠪᠤᠯᠵᠢᠯᠠᠭᠴᠢ︶ | ᠶᠡᠷᠦᠩᠬᠡᠶ ᠰᠡᠶᠢᠳ᠂ ᠲᠠ ᠰᠠᠶᠢᠨ ᠦᠦ︖ ᠲᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠨᠡ ᠵᠢᠯ ᠤᠨ | ᠳᠤᠮᠳᠠᠳᠤ ᠤᠯᠤᠰ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠪᠠ ᠠᠪᠤᠷᠠᠨ ᠲᠤᠰᠠᠯᠠᠬᠤ ᠬᠡᠪᠴᠢᠶ᠎ᠡ ᠶᠢ | ᠲᠣᠳᠣᠷᠬᠠᠶᠢᠯᠠᠨ ᠥᠭᠦᠯᠡᠵᠡᠶ᠃ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ | ᠡᠳᠡᠭᠡᠷ ᠪᠡᠯᠡ ᠮᠥᠩᠭᠦ ᠶᠢ ᠠᠵᠤ ᠠᠬᠤᠶᠢᠯᠠᠯ ᠳᠤ ᠵᠢᠩᠬᠢᠨᠢ ᠠᠰᠢᠭ ᠬᠦᠷᠲᠡᠭᠡᠬᠦ ᠪᠤᠢ︖ ᠬᠤᠭᠤᠰᠣᠨ ᠡᠷᠭᠢᠬᠦ ᠠᠴᠠ | ᠵᠠᠶᠢᠯᠠᠰᠬᠢᠨ᠎ᠡ︖ ᠮᠥᠨ ᠴᠦ ᠮᠠᠨ ᠤ ᠡᠩ ᠤᠨ ᠠᠷᠠᠳ ᠲᠦᠮᠡᠨ ᠳᠤ ᠦᠨᠡᠨ ᠪᠣᠳᠠᠲᠠᠶ ᠲᠥᠷᠥᠭᠳᠡᠯ ᠥᠭᠭᠦᠨ᠎ᠡ᠃ | ︵ᠯᠢ ᠺᠧ ᠴᠢᠶᠠᠩ︶ ᠡᠨᠡ ᠪᠣᠯ ᠨᠢᠭᠡ ᠤᠳᠠᠭᠠᠨ ᠤ ᠤᠷᠢᠳ ᠡᠮᠦᠨ᠎ᠡ ᠭᠠᠷᠤᠭ᠎ᠠ ᠦᠭᠡᠢ ᠳᠠᠭᠠᠷᠢᠯᠲᠠ ᠪᠣᠯᠤᠨ᠎ᠠ᠃ | ᠪᠢᠳᠡ ᠬᠥᠩᠭᠡᠨ ᠲᠡᠷᠭᠡ ᠲᠠᠨᠢᠯ ᠵᠠᠮ ᠢᠶᠠᠷ ᠶᠠᠪᠤᠵᠤ ᠪᠣᠯᠬᠤ ᠦᠭᠡᠢ᠃ ᠡᠶᠢᠮᠦ ᠠᠴᠠ ᠪᠢᠳᠡ ᠲᠦᠷᠦ ᠶᠢᠨ | ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠬᠡᠷᠡᠭᠳᠡᠢ᠃ ᠪᠢ ᠰᠠᠶ᠋ᠢ ᠶᠠᠷᠢᠵᠠᠶ᠂ ᠮᠠᠨ ᠤ | ᠭᠠᠷᠭᠠᠭᠰᠠᠨ ᠬᠡᠪᠴᠢᠶᠡᠵᠢᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢ ᠬᠦᠴᠢᠷᠳᠡᠯ ᠢ ᠨᠠᠮᠳᠠᠭᠤᠯᠬᠤ ᠪᠠᠨ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠭᠡᠳᠡᠭ ᠨᠢ ᠠᠵᠢᠯ ᠣᠯᠭᠤᠯᠲᠠ ᠶᠢ ᠲᠣᠭᠳᠠᠪᠣᠷᠢᠵᠢᠭᠤᠯᠬᠤ᠂ | ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠬᠤᠯᠠᠴᠢᠯᠠᠳᠠᠭ᠃ ᠡᠨᠡ ᠨᠢ ᠭᠤᠣᠯᠳᠠᠭᠤ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠳᠤ ᠲᠦᠰᠢᠭᠯᠡᠬᠦ ᠶᠠᠪᠤᠳᠠᠯ ᠪᠢᠰᠢ᠃ ᠤᠴᠢᠷ ᠨᠢ ᠣᠳᠣ ᠳᠤᠮᠳᠠᠳᠤ ᠤᠯᠤᠰ ᠤᠨ | ᠠᠵᠤ ᠠᠬᠤᠢ ᠶᠢᠨ ᠪᠦᠲᠦᠴᠡ ᠳᠤ ᠮᠠᠰᠢ ᠶᠡᠭᠡ ᠬᠤᠪᠢᠷᠠᠯᠲᠠ ᠭᠠᠷᠴᠤ᠂ ᠬᠡᠷᠡᠭᠯᠡᠭᠡᠨᠢ ᠠᠵᠤ ᠠᠬᠤᠶ ᠶᠢᠨ ᠨᠡᠮᠡᠭᠳᠡᠯ ᠤᠨ | ᠳᠤᠮᠳᠠ ᠭᠤᠤᠯ ᠳᠠᠶᠢᠴᠢᠯᠠᠬᠤ ᠦᠢᠯᠡᠳᠣᠯ ᠦᠵᠡᠭᠦᠯᠵᠦ ᠪᠠᠶᠢᠬᠤ ᠪᠦᠭᠡᠳ ᠳᠤᠮᠳᠠ ᠵᠢᠵᠢᠭ ᠪᠢᠴᠢᠯ ᠠᠵᠤ | ᠠᠬᠤᠶᠢᠯᠠᠯ ᠨᠢ ᠠᠵᠢᠯ ᠣᠯᠭᠤᠯᠲᠠ ᠶᠢ ᠰᠢᠩᠭᠡᠭᠡᠨ ᠠᠪᠬᠤ ᠶᠠᠪᠤᠴᠠ ᠳᠤ 90% ᠠᠴᠠ ᠳᠡᠭᠡᠭᠰᠢᠬᠢ ᠶᠢ ᠡᠵᠡᠯᠡᠵᠦ | ᠪᠠᠶᠢᠨ᠎ᠠ᠃ ᠮᠠᠨ ᠤ ᠡᠨᠡ ᠤᠳᠠᠭᠠᠨ ᠤ ᠠᠪᠤᠭᠰᠠᠨ ᠬᠡᠪᠴᠢᠶᠡᠲᠦ ᠴᠢᠨᠠᠷᠲᠠᠶ ᠲᠥᠷᠥ ᠶᠢᠨ ᠪᠣᠳᠣᠯᠭ᠎ᠠ 70% | ᠣᠷᠴᠢᠮ ᠤᠨ ᠪᠡᠯᠡ ᠮᠥᠩᠭᠦ ᠶᠢ ᠬᠡᠷᠡᠭᠯᠡᠭᠡᠳ ᠰᠠᠭᠤᠭᠠᠯᠢ ᠠᠷᠠᠳ ᠤᠨ ᠣᠷᠣᠯᠭ᠎ᠠ ᠶᠢ ᠨᠡᠯᠢᠶᠡᠳ ᠰᠢᠭᠤᠳ | ᠲᠣᠯᠭᠠᠭᠤᠷᠢᠯᠠᠬᠤ ᠪᠣᠯᠤᠨ᠎ᠠ᠂ ᠤᠴᠢᠷ ᠨᠢ ᠢᠩᠭᠢᠵᠦ ᠬᠢᠪᠡᠯ ᠬᠡᠷᠡᠭᠯᠡᠭᠡ ᠶᠢ ᠠᠬᠢᠭᠤᠯᠵᠤ᠂ ᠵᠠᠬ᠎ᠠ ᠳᠡᠯᠭᠡᠭᠦᠷ ᠢ | ᠲᠡᠶᠢᠴᠢᠯᠠᠵᠦ ᠴᠢᠳᠠᠨ᠎ᠠ᠃ ᠲᠡᠷᠡ ᠮᠥᠷᠲᠡᠭᠡᠨ ᠬᠢᠵᠢᠭ ᠤᠨ ᠪᠠᠶᠢᠳᠠᠯ ᠠᠴᠠ ᠪᠣᠯᠵᠤ᠂ ᠪᠢᠳᠡᠨ ᠳᠤ ᠮᠠᠰᠢ ᠶᠡᠭᠡ ᠬᠦᠴᠢᠷ | ᠠᠰᠠᠭᠤᠳᠠᠯ ᠲᠤᠯᠭᠠᠷᠠᠵᠤ ᠪᠠᠶᠢᠨ᠎ᠠ᠂ ᠳᠠᠷᠤᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠨᠢ | ᠬᠡᠷᠡᠭᠯᠡᠭᠡ ᠶᠢ ᠬᠤᠷᠢᠭᠯᠠᠬᠤ ᠪᠣᠯᠤᠨ᠎ᠠ᠃ ᠪᠢᠳᠡ ᠡᠶᠢᠮᠦ ᠴᠢᠭᠯᠡᠯ ᠢᠶᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ | ᠠᠬᠢᠭᠤᠯᠬᠤ ᠨᠢ ᠮᠥᠨ ᠴᠦ ᠵᠠᠬ᠎ᠠ ᠲᠡᠯᠭᠡᠭᠦᠷᠴᠢᠯᠡᠭᠰᠡᠨ ᠥᠭᠡᠷᠡᠴᠢᠯᠡᠯᠲᠡ ᠳᠤ ᠬᠠᠨᠳᠤᠭᠰᠠᠨ ᠶᠠᠪᠤᠳᠠᠯ ᠪᠣᠯᠤᠨ᠎ᠠ᠃ | ᠳᠠᠷᠠᠭᠠᠯᠠᠪᠠᠯ᠂ ᠪᠢᠳᠡ ᠲᠦᠷᠦ ᠶᠢᠨ ᠪᠤᠳᠤᠯᠭ᠎ᠠ ᠪᠡᠯᠡ ᠮᠥᠩᠭᠦ ᠶᠢ ᠣᠷᠣᠨ ᠨᠤᠲᠤᠭ ᠲᠤ ᠰᠢᠭᠤᠳ ᠬᠦᠷᠭᠡᠵᠦ᠂ | ᠦᠨᠳᠦᠰᠦᠨ ᠱᠠᠲᠤᠨ ᠳᠤ ᠰᠢᠭᠤᠳ ᠬᠦᠷᠭᠡᠵᠦ᠂ ᠠᠷᠠᠳ ᠤᠨ ᠠᠮᠢᠳᠤᠷᠠᠯ ᠳᠤ ᠰᠢᠭᠤᠳ ᠬᠦᠷᠭᠡᠬᠦ ᠬᠡᠷᠡᠭᠲᠡᠶ ᠭᠡᠵᠦ | ᠴᠢᠬᠤᠯᠠᠴᠢᠯᠡᠪᠡ᠃ ᠰᠢᠨ᠎ᠡ ᠪᠠᠷ ᠨᠡᠮᠡᠭᠳᠡᠭᠰᠡᠨ ᠤᠯᠠᠭᠠᠨ ᠲᠤᠭ᠎ᠠ ᠪᠠ ᠬᠢᠵᠢᠭ ᠢ ᠡᠰᠡᠷᠭᠦᠴᠡᠬᠦ ᠤᠯᠤᠰ ᠤᠨ | ᠵᠢᠭᠡᠯᠡᠯᠭᠡ ᠶᠢᠨ ᠪᠡᠯᠡ ᠮᠥᠩᠭᠦ ᠶᠢ ᠪᠦᠬᠦᠨ ᠢ ᠣᠷᠣᠨ ᠨᠤᠲᠤᠭ ᠲᠤ ᠰᠢᠯᠵᠢᠭᠦᠯᠦᠨ ᠥᠭᠴᠦ᠂ ᠮᠤᠵᠢ ᠳᠤ ᠮᠥᠨ ᠴᠦ ︽ | ᠵᠠᠮ ᠥᠩᠭᠡᠷᠡᠬᠦ ᠡᠳ᠋ ᠤᠨ ᠰᠠᠬᠢᠭᠤᠯᠰᠤᠨ︾ ᠦᠨᠳᠦᠰᠦᠨ ᠱᠠᠲᠤᠨ ᠳᠤ ᠰᠢᠭᠤᠳ ᠬᠦᠷᠳᠡᠭ ᠶᠤᠮ᠃ ᠦᠨᠳᠦᠰᠦᠨ | ᠱᠠᠲᠤᠨ ᠳᠤ ᠡᠨᠡ ᠵᠣᠭᠤᠰ ᠢ ᠬᠡᠷᠡᠭᠯᠡᠵᠦ ᠪᠣᠯᠤᠨ᠎ᠠ ᠦᠦ ᠭᠡᠵᠦ ᠵᠠᠷᠢᠮ ᠬᠥᠮᠦᠨ ᠠᠰᠠᠭᠤᠵᠤ ᠮᠡᠳᠡᠨ᠎ᠡ᠃ ᠪᠢᠳᠡ ᠣᠳᠣ | ᠨᠢᠭᠡᠨ ᠣᠨᠴᠠᠭᠠᠢ ᠰᠢᠯᠵᠢᠭᠦᠯᠦᠨ ᠥᠭᠬᠦ ᠲᠣᠭᠲᠠᠴᠠ ᠶᠢ ᠠᠪᠴᠤ᠂ ᠡᠳᠡᠭᠡᠷ ᠵᠣᠭᠤᠰ ᠢ ᠪᠦᠬᠦᠨ ᠢ ᠠᠵᠤ ᠠᠬᠤᠶᠢᠯᠠᠯ | ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠣᠷᠣᠭᠤᠯᠵᠦ᠂ ᠨᠡᠶᠢᠭᠡᠮ ᠤᠨ ᠪᠠᠲᠤᠯᠠᠭ᠎ᠠ᠂ ᠨᠠᠭᠠᠳᠤ | ᠵᠠᠬ᠎ᠠ ᠶᠢᠨ ᠪᠠᠲᠤᠯᠠᠭ᠎ᠠ᠂ ᠠᠵᠢᠯ ᠠᠯᠳᠠᠯᠲᠠ᠂ ᠨᠠᠰᠤᠵᠢᠯ ᠤᠨ ᠠᠰᠠᠷᠠᠮᠵᠢ ᠪᠣᠯᠤᠨ ᠣᠨᠴᠠ ᠬᠦᠴᠢᠷᠳᠡᠯᠲᠡᠶ ᠬᠥᠮᠦᠰ ᠤᠨ | ᠪᠡᠶ᠎ᠡ ᠳᠡᠭᠡᠷ᠎ᠡ ᠪᠠᠭᠤᠯᠭᠠᠨ᠎ᠠ᠃ ᠦᠨᠡᠨ ᠨᠡᠷ᠎ᠡ ᠶᠢᠨ ᠳᠦᠷᠢᠮ ᠢ ᠲᠣᠭᠲᠠᠭᠠᠵᠤ᠂ ᠡᠳᠡᠭᠡᠷ ᠨᠢ ᠴᠥᠮ ᠪᠠᠶᠢᠴᠠᠭᠠᠬᠤ | ᠳᠠᠩᠰᠠ ᠲᠠᠢ᠂ ᠬᠤᠳᠠᠯ ᠳᠠᠩᠰᠠ ᠬᠢᠵᠦ ᠤᠭᠲᠤ ᠪᠣᠯᠬᠤ ᠦᠭᠡᠢ᠂ ᠨᠢᠷᠤᠭᠤ ᠶᠢ ᠬᠤᠯᠠᠭᠤᠵᠤ ᠲᠤᠯᠭᠠᠭᠤᠷᠢ ᠶᠢ ᠰᠣᠯᠢᠵᠤ | ᠶᠠᠭᠠᠬᠢᠭᠰᠠᠨ ᠴᠤ ᠪᠣᠯᠬᠤ ᠦᠭᠡᠢ᠃ ᠪᠢᠳᠡ ᠨᠢᠳᠦ ᠪᠠᠨ ᠪᠦᠯᠲᠡᠶᠢᠯᠭᠡᠨ ᠪᠠᠶᠢᠴᠠᠭᠠᠬᠤ ᠪᠥᠭᠡᠳ ᠨᠡᠶᠢᠭᠡᠮ ᠤᠨ ᠬᠢᠨᠠᠯᠲᠠ | ᠲᠠᠯᠪᠢᠬᠤ ᠶᠢ ᠴᠤ ᠪᠠᠶᠠᠷᠯᠠᠨ ᠤᠭᠲᠤᠨ᠎ᠠ᠃ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠶᠢᠨ ᠡᠴᠦᠰ ᠤᠨ ᠦᠷ᠎ᠡ | ᠪᠦᠲᠦᠮᠵᠢ ᠶᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠠᠷᠠᠳ ᠤᠯᠠᠨ ᠳᠤ ᠮᠡᠳᠡᠷᠡᠭᠦᠯᠬᠦ ᠬᠡᠷᠡᠭᠲᠡᠶ᠃ ᠲᠥᠪ | ᠵᠠᠰᠠᠭ ᠤᠨ ᠣᠷᠳᠣᠨ ᠡᠨᠡ ᠤᠳᠠᠭ᠎ᠠ ᠲᠦᠷᠦᠭᠦᠯᠡᠨ ᠠᠷᠪᠢᠯᠠᠨ ᠭᠠᠮᠨᠠᠵᠤ᠂ ᠪᠢᠳᠡ ᠲᠥᠪ ᠤᠨ ᠰᠠᠯᠠᠭ᠎ᠠ ᠮᠥᠴᠢᠷ ᠤᠨ | ᠪᠠᠴᠢᠮ ᠬᠡᠷᠡᠭᠴᠡᠭᠡᠨ ᠤ ᠪᠤᠰᠤ ᠲᠣᠭᠲᠠᠮᠠᠯ ᠪᠤᠰᠤ ᠵᠠᠷᠤᠯᠭ᠎ᠠ ᠶᠢ ᠬᠠᠭᠠᠰ ᠠᠴᠠ ᠳᠡᠭᠡᠭᠰᠢ ᠪᠠᠭᠠᠰᠬᠠᠵᠤ᠂ ᠪᠡᠯᠡ | ᠮᠥᠩᠭᠦ ᠶᠢ ᠦᠨᠳᠦᠰᠦᠨ ᠱᠠᠲᠤᠨ ᠤ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠳᠤ ᠰᠢᠯᠵᠢᠭᠦᠯᠦᠨ ᠬᠡᠷᠡᠭᠯᠡᠭᠦᠯᠪᠡ᠃ | ᠡᠯ᠎ᠡ ᠱᠠᠲᠤᠨ ᠤ ᠵᠠᠰᠠᠭ ᠤᠨ ᠣᠷᠳᠣᠨ ᠴᠥᠮ ᠠᠷᠪᠢᠯᠠᠨ ᠭᠠᠮᠨᠠᠵᠤ ᠠᠮᠢᠳᠤᠷᠠᠬᠤ ᠬᠡᠷᠡᠭᠲᠡᠶ᠂ ᠬᠡᠯᠪᠡᠷᠢ ᠶᠢᠨ ᠦᠵᠡᠯ | ᠭᠠᠷᠭᠠᠵᠤ ᠵᠣᠭᠤᠰ ᠵᠠᠷᠤᠬᠤ ᠶᠠᠪᠤᠳᠠᠯ ᠢ ᠶᠡᠭᠡ ᠪᠠᠷ ᠬᠢᠵᠦ ᠤᠬᠳᠤ ᠪᠣᠯᠬᠤ ᠦᠭᠡᠢ᠃ | ᠰᠠᠶ᠋ᠢ ᠪᠢ ᠬᠡᠷᠡᠭᠯᠡᠭᠡ ᠪᠠᠨ ᠥᠷᠭᠡᠳᠬᠡᠬᠦ ᠲᠤᠬᠠᠢ ᠨᠡᠯᠢᠶᠡᠳ ᠠᠷᠪᠢᠨ ᠶᠠᠷᠢᠭᠰᠠᠨ ᠶᠤᠮ᠃ ᠭᠡᠪᠡᠴᠦ ᠪᠡᠯᠡ | ᠣᠷᠣᠭᠤᠯᠬᠤ ᠦᠭᠡᠢ ᠭᠡᠰᠡᠨ ᠬᠡᠷᠡᠭ ᠪᠢᠰᠢ᠂ ᠪᠢᠳᠡ ᠪᠠᠰᠠ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠭᠡᠬᠦ | ᠬᠡᠷᠡᠭᠲᠡᠶ᠃ ᠡᠨᠡ ᠤᠳᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠣᠶᠢᠯ ᠤᠨ ᠵᠢᠭᠡᠯᠡᠯᠭᠡ ᠶᠢᠨ | ᠲᠡᠮᠳᠡᠭᠲᠦ 16000 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠰᠡᠨ ᠤ ᠳᠡᠭᠡᠷ᠎ᠡ ᠪᠠᠰᠠ ᠵᠠᠷᠢᠮ ᠤᠯᠤᠰ ᠤᠨ | ᠵᠢᠭᠡᠯᠡᠯᠭᠡ ᠶᠢ ᠨᠡᠮᠡᠵᠡᠶ᠃ 2 ᠲᠦᠮᠡᠨ ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠠᠶᠢᠬᠤ ᠨᠢ ᠬᠡᠪᠴᠢᠶᠡᠲᠦ | ᠴᠢᠨᠠᠷᠲᠠᠶ ᠲᠦᠷᠦ ᠶᠢᠨ ᠪᠣᠳᠣᠯᠭ᠎ᠠ ᠶᠢᠨ ᠵᠠᠭᠤᠨ ᠤ ᠬᠤᠷᠢ ᠭᠤᠴᠢ ᠶᠢ ᠡᠵᠡᠯᠡᠵᠦ ᠪᠠᠶᠢᠨ᠎ᠠ᠃ ᠮᠠᠨ ᠤ ᠪᠡᠯᠡ | ᠣᠷᠣᠭᠤᠯᠤᠯᠲᠠ ᠶᠢᠨ ᠭᠤᠣᠯᠳᠠᠯᠭ᠎ᠠ ᠪᠣᠯ ︽ᠬᠤᠶᠠᠷ ᠰᠢᠨ᠎ᠡ ᠨᠢᠭᠡ ᠬᠦᠨᠳᠦ︾ ᠪᠣᠯᠤᠨ᠎ᠠ᠂ ᠳᠠᠷᠤᠶ ᠰᠢᠨ᠎ᠡ ᠮᠠᠶ᠋ᠢᠭ ᠤᠨ | ᠰᠠᠭᠤᠷᠢ ᠪᠡᠯᠡᠳᠬᠡᠮᠵᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠠᠯᠲᠠ ᠪᠣᠯᠤᠨ ᠤᠯᠤᠰ ᠤᠨ ᠠᠵᠤ ᠠᠬᠤᠶ | ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠣᠶᠢᠯ ᠪᠣᠯᠬᠤ ᠮᠥᠷᠲᠡᠭᠡᠨ | ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠨ᠎ᠡ᠃ ᠡᠳᠡᠭᠡᠷ ᠪᠡᠯᠡ ᠮᠥᠩᠭᠦ ᠪᠠᠷ ᠨᠡᠶᠢᠭᠡᠮ ᠤᠨ ᠪᠡᠯᠡ ᠮᠥᠩᠭᠦ ᠶᠢᠨ | ᠣᠷᠣᠭᠤᠯᠤᠯᠲᠠ ᠶᠢ ᠬᠥᠳᠡᠯᠭᠡᠨ᠎ᠡ᠃ ᠲᠥᠷᠥᠯ ᠵᠦᠢᠯ ᠨᠢ ᠦᠷ᠎ᠡ ᠠᠰᠢᠭ ᠲᠠᠢ᠂ ᠠᠴᠢ ᠬᠠᠷᠢᠭᠤᠯᠤᠯᠲᠠ ᠲᠠᠢ ᠪᠠᠶᠢᠵᠤ᠂ | ᠰᠢᠨᠵᠢᠯᠡᠬᠦ ᠤᠬᠠᠭᠠᠨᠴᠢ ᠨᠣᠳᠠᠯᠠᠯᠳᠠ ᠬᠢᠵᠦ᠂ ᠵᠢᠮ᠎ᠡ ᠶᠣᠰᠣ ᠪᠠᠷ ᠠᠵᠢᠯᠯᠠᠪᠠᠯ᠂ ᠠᠷᠬᠠᠭ ᠦᠯᠡᠳᠡᠬᠦ ᠦᠭᠡᠢ᠃ ᠲᠡᠯᠠᠷᠬᠠᠯᠡ᠃ | | ᠣᠷᠴᠢᠭᠤᠯᠣᠭᠴᠢ᠄ ᠰᠡᠴᠡᠩᠭᠤᠸ᠎ᠠ |