ᠶᠡᠷᠦᠩᠬᠡᠶ ᠰᠠᠶᠢᠳ ᠯᠢ ᠺᠧ ᠴᠢᠶᠠᠩ ᠤᠨ ᠰᠣᠷᠪᠣᠯᠵᠢᠯᠠᠭᠴᠢᠳ ᠤᠨ ᠬᠤᠷᠠᠯ ᠲᠤᠬᠠᠶ ᠶᠢᠨ ᠴᠠᠭ ᠲᠤ ᠨᠡᠪᠳᠡᠷᠠᠭᠦᠯᠪᠡ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ︶
ᠨᠡᠶᠢᠲᠡᠯᠡᠭᠰᠡᠨ ᠴᠠᠭ᠄
2020-05-29
         ᠶᠡᠷᠦᠩᠬᠡᠶ ᠰᠠᠶᠢᠳ ᠯᠢ ᠺᠧ ᠴᠢᠶᠠᠩ ᠤᠨ ᠰᠣᠷᠪᠣᠯᠵᠢᠯᠠᠭᠴᠢᠳ ᠤᠨ ᠬᠤᠷᠠᠯ ᠲᠤᠬᠠᠶ ᠶᠢᠨ ᠴᠠᠭ ᠲᠤ          ᠨᠡᠪᠳᠡᠷᠠᠭᠦᠯᠪᠡ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ︶         ︵ᠰᠢᠨᠬᠤᠸᠠ ᠬᠤᠷᠢᠶᠠᠨ ᠤ ᠰᠤᠷᠪᠤᠯᠵᠢᠯᠠᠭᠴᠢ︶ ᠶᠡᠷᠦᠩᠬᠡᠶ ᠰᠠᠶᠢᠳ ᠲᠠ ᠰᠠᠶᠢᠨ ᠦᠦ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠶᠠᠷᠢᠬᠤ ᠳᠤ ᠪᠢᠳᠡ ᠳᠠᠪᠲᠠᠮᠵᠢ ᠬᠠᠮᠤᠭ ᠤᠨ ᠥᠨᠳᠥᠷ ᠭᠡᠳᠡᠭ ᠦᠭᠡ ᠪᠣᠯ ᠳᠠᠷᠤᠶ ︽ᠲᠣᠭᠲᠠᠭᠤᠨ ᠪᠠᠶᠢᠯᠭᠠᠬᠤ︾ ᠪᠠ ︽ᠪᠠᠲᠤᠯᠠᠭ᠎ᠠ ᠲᠠᠢ ᠪᠠᠶᠢᠯᠭᠠᠬᠤ︾ ᠭᠡᠰᠡᠨ ᠦᠭᠡ ᠪᠣᠯᠤᠨ᠎ᠠ᠂ ᠶᠡᠷᠦᠩᠬᠡᠶ ᠰᠠᠶᠢᠳ ᠡᠨᠡ ᠨᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠲᠠᠢ ᠶᠠᠮᠠᠷ ᠬᠠᠷᠢᠴᠠᠭ᠎ᠠ ᠲᠠᠢ ᠪᠤᠢ︖ ᠵᠠᠰᠠᠭ ᠤᠨ ᠣᠷᠳᠣᠨ ᠤ ᠡᠨᠡ ᠲᠠᠯ᠎ᠠ ᠪᠠᠷ ᠬᠢ ᠭᠤᠤᠯᠳᠠᠯᠭ᠎ᠠ ᠨᠢ ᠶᠠᠭᠤ ᠪᠤᠢ︖     ︵ᠯᠢ ᠺᠧ ᠴᠢᠶᠠᠩ︶ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢᠯᠭ᠎ᠠ ᠬᠠᠷᠠᠭᠤᠯᠣᠭᠰᠠᠨ ᠨᠢ᠂ ᠬᠦᠴᠢᠷ ᠪᠡᠷᠬᠡᠰᠢᠶᠡᠯ ᠲᠠᠢ ᠪᠣᠯᠬᠤ ᠲᠤᠲᠤᠮ ᠥᠭᠡᠷᠡᠴᠢᠯᠡᠯᠲᠡ ᠶᠢ ᠤᠯᠠᠮ ᠪᠠᠷᠢᠮᠲᠠᠯᠠᠬᠤ ᠬᠡᠷᠡᠭᠲᠡᠶ᠂ ᠮᠠᠨ ᠤ ᠬᠤᠷᠸ᠎ᠠ ᠲᠥᠷᠥ ᠶᠢᠨ ᠪᠣᠳᠣᠯᠭ᠎ᠠ ᠳᠤ ᠳᠤᠷᠠᠳᠤᠭᠰᠠᠨ ᠲᠣᠭᠲᠠᠭᠤᠨ ᠪᠠ ᠪᠠᠲᠤᠯᠠᠭ᠎ᠠ ᠶᠢ ᠵᠠᠬ᠎ᠠ ᠳᠡᠯᠭᠡᠭᠦᠷ ᠤᠨ ᠭᠤᠤᠯ ᠴᠣᠭᠴᠠ ᠪᠠᠷ ᠲᠤᠯᠭᠠᠭᠤᠷᠢᠯᠠᠳᠠᠭ᠃ ᠲᠡᠷᠡᠴᠢᠯᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠪᠠ ᠠᠩᠬᠠᠷᠤᠯ ᠲᠠᠯᠪᠢᠵᠤ ᠪᠠᠶᠢᠭ᠎ᠠ ᠶᠠᠪᠣᠳᠡᠯ ᠢ ᠲᠣᠭᠤᠷᠢᠨ ᠬᠢᠵᠦ ᠪᠠᠶᠢᠨ᠎ᠠ᠂ ᠡᠨᠡ ᠨᠢ ᠲᠡᠷᠡ ᠴᠢᠭ ᠢᠶᠠᠷ ᠢᠶᠠᠨ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠳᠠ ᠶᠢᠨ ᠠᠷᠭ᠎ᠠ ᠬᠢᠳᠡᠯ ᠮᠥᠨ᠃     ᠪᠢᠳᠡ ᠶᠠᠭᠤᠨ ᠤ ᠡᠮᠦᠨ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠮᠢᠳᠤᠯᠢᠭ ᠪᠣᠯᠭᠠᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠵᠢᠩᠬᠢᠨᠢ ᠠᠯᠲᠠ ᠮᠥᠩᠭᠦ ᠨᠢ ᠭᠤᠣᠯᠳᠠᠭᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠨᠠᠮᠳᠠᠭᠤᠯᠵᠤ᠂ ᠲᠡᠳᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠢᠩᠬᠢᠨᠢ ᠠᠯᠲᠠ ᠮᠥᠩᠭᠦ ᠶᠢ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠣᠷᠢ ᠬᠤᠳᠠᠯᠳᠤᠭᠠᠨ ᠤ ᠡᠷᠦᠬᠡ ᠶᠢᠨ ᠪᠡᠶ᠎ᠡ ᠳᠡᠭᠡᠷ᠎ᠡ ᠪᠠᠭᠤᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠨᠡ ᠤᠳᠠᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠦᠭᠡ ᠠᠭᠤᠯᠨ ᠢ ᠦᠯᠡᠳᠡᠭᠡᠵᠦ ᠢᠷᠡᠭᠡᠳᠦᠶ ᠶᠢ ᠲᠡᠮᠡᠴᠡᠨ ᠣᠯᠤᠨ᠎ᠠ ᠭᠡᠵᠡᠶ᠃ ᠪᠢᠳᠡᠨ ᠳᠤ ᠤᠳᠤ 1 ᠳ᠋ᠦᠩᠰᠢᠭᠤᠷ 2000 ᠲᠦᠮᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠᠶᠢᠨ᠎ᠠ᠂ ᠲᠡᠳᠡ ᠪᠣᠯ ᠳᠠᠷᠤᠶ ᠬᠦᠭᠡ ᠠᠭᠤᠯᠨ ᠪᠣᠯᠤᠨ᠎ᠠ᠃ ᠲᠡᠳᠡᠨ ᠢ ᠦᠯᠡᠳᠡᠭᠡᠪᠡᠯ ᠳᠠᠷᠤᠶ ᠢᠷᠡᠭᠡᠳᠦᠶ ᠶᠢ ᠣᠯᠵᠤ ᠴᠢᠳᠠᠨ᠎ᠠ᠃     ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠦᠷᠭᠦᠯᠵᠢᠯᠡᠨ ᠠᠮᠢᠳᠤᠷᠠᠭᠤᠯᠬᠤ ᠪᠠᠷ ᠪᠠᠷᠠᠬᠤ ᠦᠭᠡᠢ᠂ ᠨᠡᠩ ᠴᠢᠬᠤᠯᠠ ᠨᠢ ︽ᠪᠠᠭᠤᠯᠭᠠᠬᠤ ᠬᠠᠮᠢᠶᠠᠷᠬᠤ ᠰᠢᠯᠢᠳᠡᠭᠵᠢᠭᠦᠯᠬᠦ︾ ᠥᠭᠡᠷᠡᠴᠢᠯᠡᠯᠲᠡ ᠪᠠᠷ ᠳᠠᠮᠵᠢᠭᠤᠯᠤᠨ ᠲᠡᠳᠡᠨ ᠢ ᠢᠳᠡᠪᠠᠬᠢᠵᠢᠭᠦᠯᠬᠦ ᠶᠠᠪᠤᠳᠠᠯ ᠪᠣᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠲᠡᠳᠡᠭᠡᠷ ᠵᠤᠬᠢᠰ ᠦᠭᠡᠢ ᠵᠤᠷᠰᠢᠯ ᠢ ᠡᠪᠳᠡᠵᠦ᠂ ᠲᠡᠳᠡᠨ ᠢ ᠡᠷᠬᠡ ᠲᠡᠭᠰᠢ ᠪᠠᠷ ᠥᠷᠢᠰᠥᠯᠳᠦᠭᠦᠯᠦᠨ᠎ᠡ᠃ ᠡᠨᠡ ᠬᠦ ᠠᠷᠭ᠎ᠠ ᠬᠡᠮᠵᠢᠶ᠎ᠡ ᠨᠢ ᠦᠵᠡᠬᠦ ᠳᠤ ᠬᠡᠯᠪᠡᠷᠢ ᠦᠭᠡᠢ ᠰᠢᠭ᠂ ᠭᠡᠪᠡᠴᠦ ᠢᠯᠡ ᠡᠳ᠋ ᠪᠠᠶᠠᠯᠢᠭ ᠢ ᠡᠭᠦᠳᠦᠨ ᠪᠦᠲᠦᠭᠡᠵᠦ ᠴᠢᠳᠠᠪᠠᠯ ᠵᠢᠩᠬᠢᠨᠢ ᠠᠯᠲᠠ ᠮᠥᠩᠭᠦᠨ ᠤ ᠣᠷᠣᠭᠤᠯᠤᠯᠲᠠ ᠠᠴᠠ ᠳᠣᠣᠷ᠎ᠠ ᠦᠭᠡᠢ ᠶᠤᠮ᠃     ᠳᠠᠬᠢᠪᠠᠯ ᠰᠢᠨ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠩ ᠤᠯᠠᠨ ᠤᠷᠭᠤᠭᠤᠯᠬᠤ ᠬᠡᠷᠡᠭᠲᠡᠶ᠃ ᠣᠯᠠᠨ ᠤ ᠮᠡᠳᠡᠭᠡᠵᠢ ᠪᠠᠷ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠠᠷᠭᠠᠴᠠᠬᠤ ᠳᠤᠮᠳᠠ᠂ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ᠂ ᠲᠦᠷᠭᠡᠨ ᠬᠦᠷᠭᠡᠬᠦ᠂ ᠡᠭᠦᠯᠡᠨ ᠠᠯᠪᠠᠨ ᠠᠵᠢᠯ ᠬᠢᠬᠦ ᠵᠡᠷᠭᠡ ᠵᠠᠷᠢᠮ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ‌ᠨᠢ ᠰᠥᠷᠭᠡᠤ ᠪᠠᠶᠢᠳᠠᠯ ᠢᠶᠠᠷ ᠨᠡᠮᠡᠭᠳᠡᠵᠦ᠂ ᠵᠡᠷᠢᠮ ᠡᠵᠡᠩᠨᠡᠯᠲᠡ ᠶᠢᠨ ᠣᠷᠣᠯᠭ᠎ᠠ ᠨᠢ ᠭᠤᠷᠪᠠᠨ ᠤ ᠬᠤᠶᠠᠷ ᠬᠤᠪᠢ ᠪᠠᠷ ᠨᠡᠮᠡᠭᠳᠡᠵᠡᠶ᠃ ᠲᠡᠷᠡ ᠮᠥᠷᠲᠡᠭᠡᠨ ᠣᠳᠣ ᠰᠢᠨ᠎ᠡ ᠡᠵᠡᠩᠨᠡᠯᠲᠡ ᠶᠢᠨ ᠪᠡᠶᠢᠳᠡᠯ ᠪᠠᠰᠠ ᠲᠠᠰᠤᠷᠠᠯᠲᠠ ᠦᠭᠡᠢ ᠭᠠᠷᠴᠤ᠂ ᠡᠨᠡ ᠨᠢ ᠮᠠᠨ ᠤ ᠡᠳᠡᠭᠡᠷ ᠵᠢᠯ ᠤᠨ ᠲᠤᠷᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠦᠭᠡᠷᠡᠴᠢᠯᠡᠯᠳᠠ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠠᠶ᠃ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠠᠬᠢᠭᠤᠯᠵᠤ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠥᠷᠨᠢᠭᠦᠯᠬᠦ ᠨᠢ ᠴᠥᠮ ᠬᠤᠯᠪᠣᠭᠳᠠᠯ ᠪᠦᠬᠦᠢ ᠶᠤᠮ᠃     ᠪᠢᠳᠡ ᠨᠢᠭᠡᠨᠲᠡ ᠲᠤᠷᠰᠢᠯᠭ᠎ᠠ ᠲᠠᠢ ᠪᠣᠯᠤᠭᠰᠠᠨ ᠪᠣᠯᠬᠤᠷ ᠡᠳᠡᠭᠡᠷ ᠲᠤᠷᠰᠢᠯᠭ᠎ᠠ ᠶᠢ ᠳᠡᠯᠭᠡᠷᠡᠭᠦᠯᠦᠨ᠂ ᠰᠢᠨ᠎ᠡ ᠬᠦᠳᠡᠯᠭᠡᠬᠦ ᠡᠨᠧᠷᠭᠢ᠂ ᠰᠢᠨ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠡᠩ ᠤᠯᠠᠨ ᠪᠤᠶᠢᠵᠢᠯᠲᠠ ᠶᠢ ᠠᠬᠢᠭᠤᠯᠬᠤ ᠬᠡᠷᠡᠭᠲᠡᠶ᠃ ᠡᠨᠡ ᠵᠢᠯ ᠪᠢᠳᠡ ᠮᠥᠨ ᠯᠡ ᠡᠳᠦᠷ ᠪᠦᠷᠢ ᠶᠢᠨ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ ᠳᠤᠮᠳᠠᠴᠢ ᠪᠠᠷ 2 ᠲᠦᠮᠡ ᠣᠷᠴᠢᠮ ᠡᠷᠦᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠂ ᠡᠨᠡ ᠪᠣᠯ ᠳᠤᠮᠳᠠᠳᠤ ᠤᠯᠤᠰ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠠᠵᠢᠭᠯᠠᠬᠤ ᠴᠢᠬᠤᠯᠠ ᠭᠦᠢᠴᠡᠳᠭᠡᠬᠦ ᠲᠤᠭ᠎ᠠ ᠮᠥᠨ᠃    ᠪᠢᠳᠡ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠴᠢᠬᠤᠯᠠᠴᠢᠯᠠᠵᠤ ᠪᠠᠶᠢᠬᠤ ᠠᠴᠠ ᠪᠢᠰᠢ᠂ ᠲᠤᠮᠤ ᠠᠵᠤ ᠠᠬᠤᠶᠢᠯᠠᠯ ᠢ ᠴᠢᠬᠤᠯᠠᠴᠢᠯᠠᠵᠤ ᠪᠠᠶᠢᠬᠤ ᠪᠢᠰᠢ ᠶᠤᠮ᠃ ᠪᠢᠳᠡ ᠬᠠᠰᠢᠯᠠ ᠲᠣᠮᠣ ᠳᠤᠮᠳᠠ ᠵᠢᠵᠢᠭ ᠠᠵᠤ ᠠᠬᠤᠶᠢᠯᠠᠯ ᠬᠠᠮᠲᠤᠪᠠᠷ ᠬᠥᠭᠵᠢᠨ ᠴᠡᠴᠡᠭᠯᠡᠬᠦ ᠶᠢ ᠬᠦᠰᠡᠵᠦ ᠪᠡᠶᠢᠬᠤ ᠪᠦᠭᠡᠳ ᠵᠠᠷᠢᠮ ᠳᠤᠮᠳᠠ ᠵᠢᠵᠢᠭ ᠪᠢᠴᠢᠯ ᠠᠵᠤ ᠠᠬᠤᠶᠢᠯᠠᠯ ᠬᠤᠵᠢᠮ ᠲᠣᠮᠣ ᠠᠵᠤ ᠠᠬᠤᠶᠢᠯᠠᠯ ᠪᠣᠯᠵᠤ ᠦᠰᠦᠨ ᠪᠤᠶᠢᠵᠢᠬᠤ ᠶᠢ ᠬᠦᠰᠡᠵᠦ ᠪᠠᠶᠢᠨ᠎ᠠ᠂ ᠢᠩᠭᠢᠵᠦ ᠬᠠᠷᠢᠯᠴᠠᠨ ᠠᠭᠤᠰᠤᠯᠴᠠᠨ ᠬᠥᠭᠵᠢᠬᠦ ᠪᠠᠶᠢᠳᠠᠯ ᠪᠤᠢ ᠪᠣᠯᠪᠠ᠃ ᠡᠨᠡ ᠵᠢᠯ ᠪᠢᠳᠡ ᠬᠦᠴᠢᠷᠳᠡᠯ ᠢ ᠨᠠᠮᠳᠠᠭᠤᠯᠬᠤ ᠲᠥᠷᠥ ᠶᠢᠨ ᠪᠣᠳᠣᠯᠭ᠎ᠠ ᠶᠢ ᠬᠢᠷᠢ ᠵᠡᠷᠭᠡ ᠬᠡᠷᠡᠭᠯᠡᠬᠦ ᠶᠢ ᠦᠵᠡᠬᠦ ᠪᠠᠷ ᠪᠠᠷᠠᠬᠤ ᠦᠭᠡᠢ᠂ ᠪᠠᠰᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠠᠶᠢᠵᠢᠷᠠᠯᠲᠠ ᠢᠯᠡᠷᠬᠡᠶ ᠪᠠᠶᠢᠬᠤ ᠡᠰᠡᠬᠦ ᠶᠢ ᠦᠵᠡᠬᠦ ᠬᠡᠷᠡᠭᠳᠡᠢ᠂ ᠢᠩᠭᠢᠪᠡᠯ ᠦᠷᠡᠵᠢᠭᠦᠯᠬᠦ ᠲᠣᠭᠠᠨ ᠤ ᠦᠢᠯᠡᠳᠣᠯ ᠭᠠᠷᠭᠠᠵᠤ ᠪᠣᠯᠤᠨ᠎ᠠ᠃                                                           ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号