ᠶᠡᠷᠦᠩᠬᠡᠶ ᠰᠠᠶᠢᠳ ᠯᠢ ᠺᠧ ᠴᠢᠶᠠᠩ ᠤᠨ ᠰᠣᠷᠪᠣᠯᠵᠢᠯᠠᠭᠴᠢᠳ ᠤᠨ ᠬᠤᠷᠠᠯ ᠲᠤᠬᠠᠶ ᠶᠢᠨ | ᠴᠠᠭ ᠲᠤ ᠨᠡᠪᠲᠡᠷᠡᠭᠦᠯᠪᠡ ︵ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ︶ | ︵ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ︶᠄ ᠡᠨᠡ ᠵᠢᠯ ᠲᠠ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠬᠤ ᠬᠠᠷᠠᠯᠲᠠ ᠶᠢ | ᠳᠣᠷᠣᠭᠰᠢᠯᠠᠭᠤᠯᠵᠤ᠂ ᠠᠵᠢᠯ ᠠᠯᠳᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠡᠶ᠃ ᠠᠵᠢᠯ ᠣᠯᠭᠤᠯᠲᠠ ᠶᠢᠨ ᠬᠦᠨᠳᠦ | ᠬᠡᠴᠡᠭᠦᠤ ᠪᠠᠶᠢᠳᠠᠯ ᠤᠨ ᠡᠮᠦᠨ᠎ᠡ᠂ ᠶᠡᠷᠦᠩᠬᠡᠶ ᠰᠠᠶᠢᠳ ᠲᠠ ᠡᠨᠡ ᠵᠢᠯ ᠵᠠᠰᠠᠭ ᠤᠨ ᠣᠷᠳᠣᠨ ᠠᠵᠢᠯ ᠠᠯᠳᠠᠯᠲᠠ ᠶᠢᠨ | ᠤᠷᠤᠰᠬᠠᠯ ᠢ ᠬᠡᠷᠬᠢᠨ ᠬᠤᠷᠢᠭᠯᠠᠬᠤ ᠪᠣᠶ︖ ᠣᠶᠤᠲᠠᠨ ᠪᠠ ᠬᠥᠯᠥᠰᠥᠨ ᠠᠵᠢᠯᠴᠢᠨ ᠢ ᠬᠡᠷᠬᠢᠨ ᠬᠠᠪᠰᠤᠷᠴᠤ ᠠᠵᠢᠯ | ᠤᠯᠬᠤ ᠪᠤᠢ︖ | ︵ᠯᠢ ᠺᠧ ᠴᠢᠶᠠᠩ︶᠄ ᠡᠨᠡ ᠵᠢᠯ ᠪᠢᠳᠡ ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠬᠤ ᠪᠠᠷ ᠲᠣᠭᠲᠠᠪᠠ᠂ ᠨᠢᠳᠤᠨᠤᠨ ᠤ ᠬᠢ ᠠᠴᠠ ᠦᠨᠡᠬᠡᠷ ᠳᠣᠤᠷ᠎ᠠ ᠪᠠᠶᠢᠨ᠎ᠠ᠂ ᠡᠨᠡ ᠬᠦ | ᠬᠠᠷᠠᠯᠲᠠ ᠶᠢ ᠪᠡᠶᠡᠯᠡᠭᠦᠯᠬᠦ ᠳᠤ ᠵᠣᠬᠢᠬᠤ ᠬᠡᠮᠵᠡᠶᠡᠨ ᠤ ᠠᠵᠤ ᠠᠬᠤᠶ ᠶᠢᠨ ᠨᠡᠮᠡᠭᠳᠡᠯ ᠲᠠᠢ ᠪᠠᠶᠢᠬᠤ ᠬᠡᠷᠡᠭᠲᠡᠶ᠃ ᠪᠢᠳᠡ | ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠳ ᠤᠨ ᠨᠣᠷᠮ᠎ᠠ ᠶᠢᠨ 6% ᠣᠷᠴᠢᠮ ᠢᠶᠠᠷ ᠲᠣᠭᠲᠠᠭᠠᠪᠠ᠃ | ᠡᠨᠡ ᠵᠢᠯ ᠤᠨ 4 ᠰᠠᠷ᠎ᠠ ᠳᠤ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠨᠢᠭᠡᠨᠲᠡ 6 | % ᠪᠣᠯᠤᠭᠰᠠᠨ ᠪᠣᠯᠬᠤᠷ ᠪᠢᠳᠡ ᠮᠥᠨ ᠴᠦ ᠦᠨᠡᠨ ᠬᠡᠷᠡᠭ ᠠᠴᠠ ᠵᠥᠪ ᠢ ᠡᠷᠢᠵᠦ ᠪᠠᠶᠢᠨ᠎ᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠨᠢᠭᠡ ᠭᠡᠷ ᠪᠦᠯᠢ ᠳᠤ ᠠᠪᠴᠤ | ᠬᠡᠯᠡᠪᠡᠯ ᠡᠨᠡ ᠪᠣᠯ ᠲᠦᠢᠯ ᠤᠨ ᠶᠡᠭᠡ ᠶᠠᠪᠤᠳᠠᠯ ᠮᠥᠨ᠃ ᠡᠨᠡ ᠬᠡᠳᠦᠨ ᠡᠳᠦᠷ ᠪᠢ ᠳᠤᠮᠳᠠᠳᠤ ᠤᠯᠤᠰ ᠤᠨ ᠵᠠᠰᠠᠭ ᠤᠨ | ᠣᠷᠳᠣᠨ ᠤ ᠰᠦᠯᠵᠢᠶᠡᠨ ᠳᠡᠭᠡᠷ᠎ᠡ ᠦᠯᠡᠳᠡᠭᠡᠭᠰᠡᠨ ᠦᠭᠡ ᠶᠢ ᠦᠵᠡᠭᠡᠳ ᠪᠠᠷᠤᠭ ᠭᠤᠷᠪᠠᠨ ᠤ ᠨᠢᠭᠡ ᠬᠤᠪᠢ ᠨᠢ | ᠴᠥᠮ ᠠᠵᠢᠯ ᠤᠯᠬᠤ ᠲᠤᠬᠠᠶ ᠶᠠᠷᠢᠭᠰᠠᠨ ᠶᠤᠮ᠃ ᠲᠡᠭᠦᠨ ᠤ ᠳᠣᠲᠣᠷᠠᠬᠢ ᠨᠢᠭᠡ ᠬᠥᠯᠥᠰᠥᠨ ᠠᠵᠢᠯᠴᠢᠨ ᠲᠡᠭᠦᠨ ᠢ | 50 ᠭᠠᠷᠤᠶ ᠨᠠᠰᠤᠯᠠᠵᠠᠶ ᠭᠡᠵᠦ ᠬᠡᠯᠡᠪᠡ᠃ ᠭᠠᠳᠠᠨ᠎ᠠ 30 ᠭᠠᠷᠤᠶ ᠵᠢᠯ ᠬᠥᠯᠥᠰᠥᠨ ᠠᠵᠢᠯ ᠬᠢᠵᠦ᠂ ᠵᠢᠯ ᠪᠦᠷᠢ ᠡᠶᠢᠮᠦ | ᠪᠠᠶᠢᠳᠠᠭ᠂ ᠭᠡᠪᠡᠴᠦ ᠡᠨᠡ ᠵᠢᠯ ᠪᠠᠰᠠ ᠠᠵᠢᠯ ᠣᠯᠤᠭᠠᠳᠤᠶ᠂ ᠪᠦᠬᠦ ᠭᠡᠷ ᠢᠶᠠᠷ ᠢᠶᠠᠨ ᠬᠦᠴᠢᠷᠳᠡᠯ ᠳᠤ ᠲᠤᠯᠭᠠᠷᠠᠵᠠᠶ᠃ | ᠪᠠᠰᠠ ᠵᠠᠷᠢᠮ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢᠭᠡᠨᠲᠡ ᠠᠵᠢᠯ ᠢᠶᠠᠨ ᠵᠣᠭᠰᠣᠭᠠᠳ ᠬᠡᠳᠦᠨ | ᠰᠠᠷ᠎ᠠ ᠪᠤᠯᠵᠤ ᠪᠠᠶᠢᠨ᠎ᠠ᠃ ᠵᠠᠷᠢᠮ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠤᠳᠤ ᠵᠠᠬᠢᠶᠠᠯᠠᠭ᠎ᠠ ᠶᠢᠨ | ᠬᠠᠭᠤᠳᠠᠰᠤ ᠪᠠᠶᠢᠬᠤ ᠦᠭᠡᠢ᠂ ᠠᠵᠢᠯᠳᠠ ᠤ ᠠᠵᠢᠯ ᠤᠯᠬᠤ ᠶᠢ ᠨᠥᠯᠥᠭᠡᠯᠡᠵᠦ ᠪᠠᠶᠢᠨ᠎ᠠ᠃ ᠳᠡᠳᠡᠨ ᠤ ᠬᠦᠴᠢᠷᠳᠡᠯ ᠢ | ᠪᠢᠳᠡ ᠠᠪᠤᠷᠠᠨ ᠲᠤᠰᠠᠯᠠᠬᠤ ᠬᠡᠷᠡᠭᠲᠡᠶ᠂ ᠭᠡᠪᠡᠴᠦ ᠦᠨᠳᠦᠰᠦᠨ ᠠᠴᠠ ᠨᠢ ᠠᠪᠴᠤ ᠬᠡᠯᠡᠪᠡᠯ ᠬᠠᠰᠢᠯᠠ ᠳᠡᠳᠡᠨ ᠢ | ᠬᠠᠪᠰᠤᠷᠴᠤ ᠠᠵᠢᠯ ᠣᠯᠭᠤᠬᠤ ᠬᠡᠷᠡᠭᠲᠡᠶ᠃ ᠳᠤᠮᠳᠠᠳᠤ ᠤᠯᠤᠰ ᠲᠤ 9 ᠳ᠋ᠦᠩᠰᠢᠭᠤᠷ ᠬᠥᠳᠡᠯᠮᠦᠷᠢ ᠬᠦᠴᠦᠨ ᠲᠠᠢ᠂ | ᠠᠵᠢᠯ ᠣᠯᠭᠤᠯᠲᠠ ᠦᠭᠡᠢ ᠪᠣᠯ ᠵᠥᠪᠬᠡᠨ 9 ᠳ᠋ᠦᠩᠰᠢᠭᠤᠷ ᠬᠤᠭᠤᠯᠠ ᠢᠳᠡᠬᠦ ᠠᠮᠠ ᠲᠡᠳᠦᠢ᠂ ᠠᠵᠢᠯ | ᠣᠯᠭᠤᠯᠲᠠ ᠲᠠᠢ ᠪᠣᠯ 9 ᠳ᠋ᠦᠩᠰᠢᠭᠤᠷ ᠬᠤᠣᠰ ᠶᠡᠭᠡ ᠡᠳ᠋ ᠪᠠᠶᠠᠯᠢᠭ ᠪᠦᠲᠦᠭᠡᠵᠦ ᠴᠢᠳᠠᠬᠤ ᠭᠠᠷ ᠲᠡᠳᠦᠢ᠃ | ᠣᠳᠣ ᠪᠡᠶᠢᠭ᠎ᠠ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢᠨ ᠲᠥᠯᠥᠭᠡ᠂ ᠲᠦᠷᠦ ᠶᠢᠨ ᠪᠤᠳᠤᠯᠭ᠎ᠠ ᠶᠢ | ᠬᠡᠷᠡᠭᠯᠡᠵᠦ ᠳᠠᠭᠤᠰᠲᠠᠯ᠎ᠠ ᠬᠡᠷᠡᠭᠯᠡᠵᠦ ᠪᠣᠯᠤᠨ᠎ᠠ ᠭᠡᠵᠦ ᠬᠡᠯᠡᠵᠦ ᠪᠣᠯᠤᠨ᠎ᠠ᠂ ᠣᠷᠣᠭᠤᠯᠣᠭᠰᠠᠨ ᠵᠣᠭᠤᠰ ᠪᠣᠯ ᠬᠠᠮᠤᠭ ᠤᠨ | ᠠᠷᠪᠢᠨ ᠶᠤᠮ᠃ ᠮᠠᠨ ᠤ ᠬᠡᠪᠴᠢᠶᠡᠵᠢᠭᠰᠡᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠦᠨᠳᠦᠰᠦᠨ | ᠱᠠᠲᠤᠨ ᠳᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠳᠤ ᠬᠡᠷᠡᠭᠯᠡᠬᠦ ᠶᠢ ᠵᠥᠪᠰᠢᠶᠡᠷᠡᠬᠦ ᠪᠥᠭᠡᠳ ᠠᠵᠤ | ᠠᠬᠤᠶᠢᠯᠠᠯ ᠤᠨ ᠭᠠᠷ ᠤᠨ ᠲᠦᠷᠢᠶᠡᠰᠦ ᠶᠢ ᠬᠥᠩᠭᠡᠯᠡᠬᠦ᠂ ᠬᠦᠤ ᠮᠥᠩᠭᠦ ᠨᠥᠬᠦᠪᠥᠷᠢᠯᠡᠬᠦ ᠳᠤ ᠬᠡᠷᠡᠭᠯᠡᠬᠦ ᠶᠢ | ᠵᠥᠪᠰᠢᠶᠡᠷᠡᠨ᠎ᠡ᠃ ᠠᠪᠬᠤ ᠠᠷᠭ᠎ᠠ ᠬᠡᠮᠵᠢᠶ᠎ᠡ ᠪᠣᠯ ᠳᠠᠷᠤᠶ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ ᠤᠨ | ᠪᠠᠶᠢᠷᠢ ᠶᠢ ᠪᠠᠳᠣᠯᠠᠵᠦ ᠴᠢᠳᠠᠨ᠎ᠠ᠂ ᠭᠡᠪᠡᠴᠦ ᠲᠥᠪ ᠭᠤᠤᠯᠴᠢ ᠵᠦᠶ ᠵᠣᠬᠢᠰᠲᠠᠶ ᠪᠠᠶᠢᠯᠭᠠᠬᠤ ᠶᠠᠪᠤᠳᠠᠯ ᠪᠣᠯᠤᠨ᠎ᠠ᠃ ᠪᠢᠳᠡ | ᠪᠠᠰᠠ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ | ᠠᠪᠴᠤ᠂ ᠡᠨᠡ ᠵᠢᠯ ᠪᠠ ᠢᠷᠡᠬᠦ ᠵᠢᠯ ᠳᠤ 3500 ᠲᠦᠮᠡᠨ ᠬᠥᠮᠦᠨ ᠤᠳᠠᠭ᠎ᠠ ᠠᠵᠢᠯ ᠠᠯᠳᠠᠯᠲᠠ ᠶᠢᠨ | ᠳᠠᠭᠠᠳᠬᠠᠯ ᠤᠨ ᠦᠯᠡᠳᠡᠪᠣᠷᠢ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠬᠢᠵᠦ᠂ ᠲᠡᠳᠡᠨ ᠳᠤ | ᠨᠠᠮᠳᠠᠭᠤᠯᠬᠤ ᠲᠣᠬᠢᠶᠠᠯ ᠣᠯᠭᠤᠬᠤ ᠪᠣᠯᠤᠨ᠎ᠠ᠃ ᠠᠵᠢᠯ ᠠᠯᠳᠠᠭᠰᠠᠨ ᠴᠤ ᠣᠬᠤᠷ ᠬᠤᠭᠤᠴᠠᠭᠠᠨ ᠤ ᠳᠣᠲᠣᠷ᠎ᠠ ᠲᠠᠬᠢᠨ | ᠠᠵᠢᠯ ᠤᠯᠬᠤ ᠲᠣᠬᠢᠶᠠᠯ ᠪᠠᠶᠢᠬᠤ ᠬᠡᠷᠡᠭᠲᠡᠶ᠃ | ᠡᠭᠦᠨ ᠤ ᠬᠠᠮᠲᠤ ᠪᠠᠰᠠ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠪᠤᠢ ᠪᠣᠯᠭᠠᠬᠤ ᠬᠡᠷᠡᠭᠲᠡᠶ᠃ ᠤᠳᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠩᠭᠦᠶ ᠬᠥᠭᠵᠢᠵᠦ᠂ ᠪᠠᠷᠤᠭ 1 ᠳ᠋ᠦᠩᠰᠢᠭᠤᠷ ᠬᠥᠮᠦᠨ ᠠᠵᠢᠯ | ᠣᠯᠵᠤ᠂ ᠮᠠᠨ ᠤ ᠡᠳᠦᠷᠤᠨ ᠬᠦᠴᠦᠨ ᠤ ᠠᠵᠤ ᠠᠬᠤᠶ ᠴᠤ 2 ᠳ᠋ᠦᠩᠰᠢᠭᠤᠷ ᠬᠥᠮᠦᠨ ᠠᠵᠢᠯ ᠣᠯᠵᠤ ᠪᠠᠶᠢᠨ᠎ᠠ᠃ ᠨᠠᠩ | ᠣᠯᠠᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠪᠴᠤ᠂ ᠲᠡᠷᠡᠴᠢᠯᠡᠨ ᠠᠷᠭ᠎ᠠ ᠬᠡᠮᠵᠢᠶ᠎ᠡ ᠠᠪᠴᠤ ᠪᠠᠶᠢᠭᠠᠳ | ᠲᠡᠳᠡᠭᠡᠷ ᠵᠦᠶ ᠵᠤᠬᠢᠰ ᠦᠭᠡᠢ ᠬᠡᠪ ᠵᠤᠷᠰᠢᠯ ᠢ ᠡᠪᠳᠡᠵᠦ᠂ ᠨᠡᠩ ᠤᠯᠠᠨ ᠰᠢᠨ᠎ᠡ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠪᠤᠶᠢᠵᠢᠭᠤᠯᠬᠤ ᠬᠡᠷᠡᠭᠲᠡᠶ᠃ ᠨᠢᠳᠤᠨᠤᠨ ᠵᠢᠯ ᠪᠢᠳᠡ ᠳᠤᠮᠳᠠᠴᠢ ᠪᠠᠷ ᠡᠳᠦᠷ ᠪᠦᠷᠢ 1 ᠲᠦᠮᠡᠨ ᠡᠷᠦᠬᠡ ᠶᠢ | ᠴᠡᠪᠡᠷ ᠨᠡᠮᠡᠭᠳᠡᠭᠰᠡᠨ ᠪᠣᠯᠬᠤᠷ ᠡᠨᠡ ᠵᠢᠯ ᠪᠠᠰᠠ ᠡᠨᠡ ᠴᠢᠭᠯᠡᠯ ᠢᠶᠠᠷ ᠴᠢᠷᠮᠠᠶᠢᠬᠤ ᠬᠡᠷᠡᠭᠲᠡᠶ᠃ | ᠠᠷᠠᠳ ᠤᠯᠠᠨ ᠤ ᠳᠣᠲᠣᠷ᠎ᠠ ᠬᠢᠵᠠᠭᠠᠯᠠᠰᠢ ᠦᠭᠡᠢ ᠪᠦᠲᠦᠭᠡᠯᠴᠢ ᠬᠦᠴᠦᠨ ᠪᠠᠶᠢᠳᠠᠭ᠃ ᠥᠭᠡᠷᠡᠴᠢᠯᠡᠯᠲᠡ | ᠨᠡᠬᠡᠬᠡᠯᠳᠡ ᠶᠢᠨ ᠡᠬᠢᠨ ᠤ ᠦᠶ᠎ᠡ ᠶᠢ ᠡᠷᠭᠢᠴᠡᠭᠦᠯᠬᠦᠶ᠎ᠡ᠂ ᠰᠡᠬᠡᠭᠡᠲᠡᠳ ᠶᠡᠭᠡ ᠬᠡᠮᠵᠢᠶᠡᠨ ᠤ ᠬᠤᠳᠠ ᠳᠤ ᠪᠤᠴᠠᠵᠤ᠂ ︽ | ᠲᠤᠮᠤ ᠠᠶᠠᠭ᠎ᠠ ᠴᠠᠢ︾ ᠨᠢ ᠬᠡᠳᠦᠢ ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠪᠡ᠃ ᠡᠮᠦᠨ᠎ᠡ ᠬᠤᠶᠠᠷ ᠭᠠᠷᠠᠭ | ᠪᠢ ᠮᠡᠳᠡᠭᠡᠯᠡᠯ ᠢ ᠣᠯᠵᠤ ᠬᠠᠷᠠᠵᠠᠢ᠂ ᠮᠠᠨ ᠤ ᠪᠠᠷᠠᠭᠤᠨ ᠬᠡᠰᠡᠭ ᠲᠤ ᠨᠢᠭᠡ ᠬᠤᠲᠠ ᠪᠡᠶᠢᠨ᠎ᠠ᠃ ᠲᠤᠬᠠᠶ ᠶᠢᠨ ᠭᠠᠵᠠᠷ ᠤᠨ | ᠵᠢᠷᠤᠮᠵᠢᠯ ᠢᠶᠠᠷ 3.6 ᠲᠦᠮᠡᠨ ᠶᠠᠪᠤᠭᠤᠯ ᠬᠤᠳᠠᠯᠳᠤᠭᠠᠴᠢᠨ ᠤ ᠳᠡᠯᠭᠡᠭᠦᠷ ᠭᠠᠷᠭᠠᠵᠡᠢ᠃ ᠡᠭᠦᠨ ᠤ ᠳ᠋ᠦᠩ ᠳᠤ ᠨᠢᠭᠡ | ᠯᠡ ᠰᠥᠨᠢ ᠶᠢᠨ ᠬᠤᠭᠤᠷᠣᠨᠳᠣ 10 ᠲᠦᠮᠡᠨ ᠬᠥᠮᠦᠨ ᠳᠤ ᠠᠵᠢᠯ ᠣᠯᠭᠤᠪᠠ᠃ ᠳᠤᠮᠳᠠᠳᠤ ᠤᠯᠤᠰ ᠤᠨ ᠠᠷᠠᠳ | ᠲᠦᠮᠡᠨ ᠪᠣᠯ ᠠᠵᠢᠯᠴᠢ ᠬᠥᠳᠡᠯᠮᠦᠷᠢᠴᠢ ᠪᠠᠶᠢᠳᠠᠭ ᠪᠥᠭᠡᠳ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠴᠦ | ᠲᠡᠰᠦᠷᠡᠯᠳᠠ ᠤᠢᠭᠡᠢ ᠨᠡᠭᠡᠭᠡᠨ ᠬᠥᠭᠵᠢᠭᠦᠯᠵᠦ ᠲᠡᠰ ᠳᠡᠪᠰᠢᠭᠦᠯᠵᠦ ᠪᠠᠶᠢᠳᠠᠭ᠃ ᠬᠡᠯᠡᠯᠭᠡᠨ ᠦᠭᠡᠢ᠂ ᠭᠤᠤᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠳᠤ ᠪᠢᠳᠡ ᠭᠤᠤᠯᠳᠠᠯᠭ᠎ᠠ ᠲᠠᠢ ᠲᠡᠳᠬᠦᠬᠦ ᠲᠦᠷᠦ ᠶᠢᠨ ᠪᠣᠳᠣᠯᠭ᠎ᠠ ᠲᠠᠢ᠂ ᠡᠨᠡ ᠵᠢᠯ | ᠶᠡᠭᠡ ᠰᠤᠷᠭᠠᠭᠤᠯᠢ ᠲᠡᠭᠦᠰᠦᠭᠰᠡᠨ ᠤᠶᠤᠲᠠᠳ 874 ᠲᠦᠮᠡᠨ ᠬᠥᠮᠦᠨ ᠰᠢᠨ᠎ᠡ ᠶᠢ ᠡᠭᠦᠳᠴᠡᠶ᠃ ᠲᠡᠳᠡᠨ ᠢ | ᠲᠠᠰᠤᠷᠠᠯᠲᠠ ᠦᠭᠡᠢ ᠱᠤᠭᠤᠮ ᠲᠠᠢ ᠴᠠᠭᠠᠰᠤᠨ ᠰᠢᠪᠠᠭᠤ ᠪᠣᠯᠭᠠᠶ᠎ᠠ ᠭᠡᠪᠡᠯ᠂ ᠡᠨᠡ ᠵᠢᠯ ᠪᠠ ᠢᠷᠡᠬᠦ ᠵᠢᠯ ᠪᠦᠷ | ᠦᠷᠭᠦᠯᠵᠢᠯᠡᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠬᠥᠯᠥᠰᠥᠨ ᠠᠵᠢᠯᠴᠢᠨ ᠳᠤ ᠠᠪᠴᠤ | ᠬᠡᠯᠡᠪᠡᠯ᠂ ᠪᠠᠶᠢᠩᠭᠤ ᠰᠠᠭᠤᠭ᠎ᠠ ᠭᠠᠵᠠᠷ ᠴᠤ ᠲᠡᠷᠡ᠂ ᠨᠤᠲᠤᠭ ᠲᠠᠭᠠᠨ ᠪᠤᠴᠠᠭᠰᠠᠨ ᠴᠤ ᠲᠡᠷᠡ᠂ ᠴᠥᠮ ᠲᠡᠳᠡᠨ ᠳᠤ | ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠡᠭᠦᠳᠴᠦ ᠥᠭᠬᠦ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠲᠤ | ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠦᠨᠡᠨ ᠬᠦ ᠰᠠᠶᠢᠲᠤᠷ ᠨᠡᠶᠢᠳᠠᠪᠣᠷᠢᠵᠢᠭᠤᠯᠬᠤ ᠬᠡᠷᠡᠭᠲᠡᠢ᠃ | ᠣᠷᠴᠢᠭᠤᠯᠣᠭᠴᠢ᠄ ᠰᠡᠴᠡᠩᠭᠤᠸ᠎ᠠ |