ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2020 ᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠣᠰᠢᠶᠠᠵᠦ ᠰᠢᠢᠳᠪᠣᠷᠢᠯᠡᠬᠦ ᠬᠤᠷᠠᠯ ᠬᠤᠷᠠᠯᠳᠤᠭᠤᠯᠪᠠ | | | 5 ᠰᠠᠷ᠎ᠠ ᠶᠢᠨ 22 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2020 ᠣᠨ ᠤ ᠠᠷᠠᠳ ᠤᠨ | ᠲᠦᠯᠣᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠣᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠶᠦᠩ ᠪᠢᠨ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠭᠤᠤ ᠮᠢᠩ ᠷᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠢᠨ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠠᠷᠠᠳ ᠤᠨ | ᠰᠢᠭᠦᠬᠦ ᠬᠤᠷᠢᠶᠠᠨ ᠤ ᠳᠠᠷᠤᠭ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠳᠠᠨ | ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠣᠮᠢᠯᠠᠭᠰᠠᠨ ᠬᠠᠮᠲᠤᠷᠠᠭᠰᠠᠨ ᠰᠠᠬᠢᠯᠭ᠎ᠠ ᠪᠠᠲᠤ ᠪᠡᠶᠢᠴᠠᠭᠠᠬᠤ ᠭᠤᠷᠪᠠᠳᠤᠭᠠᠷ | ᠳᠤᠭᠤᠶᠢᠯᠠᠩ ᠤᠨ ᠳᠠᠷᠤᠭ᠎ᠠ᠂ ᠬᠡᠰᠡᠭ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ ᠲᠦᠯᠣᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠥᠯᠥᠭᠡᠯᠡᠭᠴᠢᠳ ᠤᠨ | ᠰᠠᠨᠠᠭᠤᠯᠭ᠎ᠠ᠂ ᠭᠡᠰᠢᠭᠦᠳ ᠤᠨ ᠰᠠᠨᠠᠯ ᠵᠥᠪᠯᠡᠯᠭᠡ ᠶᠢ ᠳᠠᠭᠠᠭᠠᠨ ᠠᠪᠴᠤ ᠰᠢᠢᠳᠪᠣᠷᠢᠯᠡᠬᠦ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠬᠤᠷᠠᠯ ᠢ ᠯᠢᠦ ᠰᠡᠴᠢᠨ ᠡᠷᠬᠢᠯᠡᠪᠡ᠃ | ᠬᠤᠷᠠᠯ ᠳᠡᠭᠡᠷ᠎ᠡ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ | ᠬᠠᠷᠢᠭᠤᠴᠠᠯᠭᠠᠳᠠᠨ ᠲᠣᠰ ᠲᠣᠰ 2019 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠳᠠᠭᠠᠭᠠᠨ ᠠᠪᠴᠤ ᠰᠢᠢᠳᠪᠣᠷᠢᠯᠡᠭᠰᠡᠨ ᠲᠡᠷᠢᠭᠦᠨ ᠤ ᠲᠤᠷᠰᠢᠯᠭ᠎ᠠ ᠶᠢ ᠲᠠᠨᠢᠯᠴᠠᠭᠤᠯᠪᠠ᠃ | | ᠬᠡᠷᠪᠡ ᠥᠩᠭᠡᠷᠡᠭᠰᠡᠨ ᠨᠢᠭᠡ ᠵᠢᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠭᠡᠰᠢᠭᠦᠳ ᠤᠨ ᠰᠠᠨᠠᠯ | ᠵᠥᠪᠯᠡᠯᠭᠡ ᠶᠢ ᠰᠢᠢᠳᠪᠣᠷᠢᠯᠡᠭᠰᠡᠨ ᠪᠠᠶᠢᠳᠠᠯ ᠢ ᠳ᠋ᠦᠩᠨᠡᠪᠡ᠃ ᠲᠡᠷᠡ᠂ ᠰᠠᠨᠠᠭᠤᠯᠭ᠎ᠠ ᠶᠢ ᠰᠢᠢᠳᠪᠦᠷᠢᠯᠡᠬᠦ | ᠬᠠᠷᠢᠭᠤᠴᠠᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ | ᠬᠦᠨᠳᠦ ᠬᠥᠩᠭᠡᠨ ᠠᠯᠭᠤᠷ ᠪᠠᠴᠢᠮ ᠢ ᠢᠯᠭᠠᠨ ᠲᠣᠳᠣᠷᠬᠠᠶᠢᠯᠠᠵᠦ᠂ ᠠᠵᠢᠯ ᠤᠨ ᠭᠤᠤᠯᠳᠠᠯᠭ᠎ᠠ ᠶᠢ ᠲᠣᠭᠲᠠᠭᠠᠬᠤ | ᠬᠡᠷᠡᠭᠲᠡᠶ᠃ ᠭᠦᠢᠴᠡᠳᠭᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠴᠠᠭ ᠬᠤᠭᠤᠴᠠᠭᠠᠲᠤ ᠴᠢᠨᠠᠷ ᠢ ᠪᠠᠲᠤᠯᠠᠨ᠂ | ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠳᠠᠭᠠᠭᠠᠨ ᠠᠪᠴᠤ ᠰᠢᠢᠳᠪᠣᠷᠢᠯᠡᠬᠦ | ᠨᠢᠭᠡᠴᠡ ᠨᠢ ᠰᠢᠢᠳᠪᠣᠷᠢᠯᠡᠬᠦ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠢᠢᠳᠪᠣᠷᠢᠯᠡᠬᠦ | ᠠᠵᠢᠯ ᠤᠨ ᠰᠢᠨ᠎ᠡ ᠲᠣᠭᠲᠠᠴᠠ᠂ ᠰᠢᠨ᠎ᠡ ᠠᠷᠭ᠎ᠠ ᠶᠢ ᠬᠠᠶᠢᠨ ᠪᠠᠶᠢᠴᠠᠭᠠᠬᠤ ᠪᠠ ᠲᠡᠭᠦᠯᠳᠡᠷᠵᠢᠭᠦᠯᠵᠦ᠂ ᠲᠥᠯᠥᠭᠡᠯᠡᠭᠴᠢᠳ᠂ | ᠭᠡᠰᠢᠭᠦᠳ ᠲᠠᠢ ᠬᠠᠷᠢᠯᠴᠠᠭ᠎ᠠ ᠪᠠᠨ ᠴᠢᠩᠬᠠᠳᠬᠠᠵᠠᠶ᠃ ᠰᠠᠨᠠᠯ ᠵᠥᠪᠯᠡᠯᠭᠡ ᠨᠢᠭᠡᠪᠦᠷᠢ ᠶᠢ ᠦᠨᠡᠨ ᠬᠦ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ | | 2020 ᠣᠨ ᠤ ᠰᠢᠢᠳᠪᠣᠷᠢᠯᠡᠬᠦ ᠠᠵᠢᠯ ᠢ ᠰᠠᠶᠢᠲᠤᠷ ᠬᠢᠬᠦ ᠲᠤᠬᠠᠶ ᠭᠤᠤ ᠶᠦᠩ ᠪᠢᠨ ᠵᠢᠭᠠᠵᠤ | ᠭᠠᠷᠭᠠᠭᠰᠠᠨ ᠨᠢ᠂ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢ ᠪᠣᠳᠣᠯᠬᠢᠯᠠᠨ᠂ ᠰᠢᠢᠳᠪᠣᠷᠢᠯᠡᠬᠦ | ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠠᠶᠢᠲᠤᠷ ᠡᠷᠬᠢᠯᠡᠬᠦ ᠨᠢ ︽ | ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠴᠢᠬᠤᠯᠠ ᠢᠯᠡᠷᠡᠯ ᠪᠣᠯᠬᠤ ᠪᠠᠷ ᠪᠠᠷᠠᠬᠤ ᠥᠬᠡᠶ᠂ | ᠨᠠᠩ ᠴᠤ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠶᠡᠷᠦᠩᠬᠡᠶ ᠠᠵᠢᠯ ᠤᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠡᠶᠢᠳᠠᠪᠣᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠨᠢᠭᠡᠴᠡ | ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠬᠦᠳᠣᠯᠣᠨ | ᠳᠠᠭᠠᠭᠤᠯᠬᠤ ᠶᠢ ᠪᠠᠷᠢᠮᠲᠠᠯᠠᠵᠤ᠂ ᠲᠥᠯᠥᠭᠡᠯᠡᠭᠴᠢᠳ᠂ ᠭᠡᠰᠢᠭᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ | ᠭᠠᠷᠭᠠᠵᠤ ᠪᠣᠳᠠᠲᠠᠶ ᠠᠵᠢᠯ ᠳᠠᠭᠠᠨ ᠴᠢᠷᠮᠠᠶᠢᠨ ᠨᠡᠶᠢᠳᠠᠪᠣᠷᠢᠵᠢᠭᠤᠯᠬᠤ᠂ ᠬᠥᠭᠵᠢᠯᠲᠡ ᠶᠢᠨ ᠦᠷ᠎ᠡ ᠪᠦᠲᠦᠭᠡᠯ ᠤᠨ | ᠳᠤᠮᠳᠠ ᠢᠯᠡᠷᠡᠵᠦ ᠪᠠᠢᠨ᠎ᠠ᠃ ᠠᠵᠢᠯ ᠤᠨ ᠰᠤᠷᠲᠠᠯ ᠢᠶᠠᠨ ᠰᠢᠯᠢᠳᠡᠭᠵᠢᠭᠦᠯᠵᠦ᠂ ᠪᠣᠳᠠᠲᠤ ᠦᠷ᠎ᠡ ᠪᠦᠲᠦᠮᠵᠢ ᠪᠠᠨ | ᠨᠡᠮᠡᠭᠳᠡᠭᠦᠯᠵᠦ᠂ ᠰᠢᠢᠳᠪᠣᠷᠢᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠭᠠᠭᠠᠨ ᠰᠢᠢᠳᠪᠦᠷᠢᠯᠡᠬᠦ | ᠭᠡᠵᠦ ᠪᠠᠶᠢᠭ᠎ᠠ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠡᠮᠬᠢᠯᠡᠬᠦ ᠬᠡᠷᠡᠭᠲᠡᠢ᠃ ᠭᠤᠣᠯᠳᠠᠯᠭ᠎ᠠ ᠪᠠᠨ | ᠳᠣᠪᠤᠶᠢᠯᠭᠠᠨ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠢᠳᠪᠣᠷᠢᠯᠡᠬᠦ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠰᠠᠯᠭᠠᠨ ᠲᠤᠰᠢᠶᠠᠵᠤ ᠰᠢᠢᠳᠪᠣᠷᠢᠯᠡᠭᠦᠯᠬᠦ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ | ᠪᠦᠬᠦ ᠶᠠᠪᠤᠴᠠ ᠳᠤ ᠨᠡᠪᠳᠡᠷᠡᠯᠴᠡᠬᠦ᠂ ᠮᠥᠷᠳᠡᠨ ᠬᠠᠷᠢᠭᠤ ᠲᠤᠰᠬᠠᠬᠤ ᠵᠡᠷᠭᠡ ᠠᠵᠢᠯ ᠤᠨ ᠲᠣᠭᠲᠠᠴᠠ ᠶᠢ ᠪᠦᠷᠢᠨ | ᠪᠣᠯᠭᠠᠨ ᠲᠡᠭᠦᠯᠳᠡᠷᠵᠢᠭᠦᠯᠵᠦ᠂ ᠰᠢᠢᠳᠪᠣᠷᠢᠯᠡᠬᠦ ᠦᠷ᠎ᠡ ᠪᠦᠲᠦᠮᠵᠢ ᠪᠠᠷ ᠥᠨᠳᠥᠷ᠂ ᠨᠠᠶᠢᠳᠠᠪᠤᠷᠢᠵᠢᠭᠤᠯᠬᠤ ᠦᠷ᠎ᠡ | ᠪᠦᠲᠦᠮᠵᠢ ᠪᠠᠷ ᠰᠠᠶᠢᠨ᠂ ᠲᠦᠯᠣᠭᠡᠯᠡᠭᠴᠢ ᠭᠡᠰᠢᠭᠦᠳ ᠬᠠᠨᠤᠮᠵᠢᠲᠠᠶ ᠰᠢᠢᠳᠪᠣᠷᠢᠯᠡᠬᠦ ᠠᠵᠢᠯ ᠤᠨ ᠪᠠᠶᠢᠷᠢᠰᠢᠯ ᠢ ᠴᠢᠷᠮᠠᠶᠢᠨ | ᠪᠤᠢ ᠪᠣᠯᠭᠠᠨ᠎ᠠ᠃ | ᠯᠢᠦ ᠰᠡᠴᠢᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠣᠪᠣᠷ ᠢᠶᠠᠨ ᠲᠥᠪ | ᠪᠣᠯᠭᠠᠵᠤ᠂ ᠴᠢᠬᠤᠯᠠᠴᠢᠯᠠᠬᠤ ᠬᠡᠮᠵᠢᠶ᠎ᠡ ᠪᠠᠨ ᠨᠡᠮᠡᠭᠳᠡᠭᠦᠯᠬᠦ ᠬᠡᠷᠡᠭᠲᠡᠶ᠃ ᠨᠠᠷᠢᠨ ᠬᠢᠨᠠᠮᠠᠭᠠᠢ ᠬᠠᠨᠳᠤᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠳᠠᠪᠬᠤᠷᠳᠠᠭᠰᠠᠨ | ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠭᠦᠢᠴᠡᠳᠭᠡᠬᠦ ᠣᠨᠣᠯᠵᠢᠬᠤᠨ ᠢᠶᠠᠨ ᠳᠠᠬᠢᠨ ᠳᠡᠭᠡᠭᠰᠢᠯᠡᠭᠦᠯᠵᠦ᠂ | ᠭᠦᠢᠴᠡᠳᠭᠡᠬᠦ ᠪᠣᠳᠠᠲᠤ ᠦᠷ᠎ᠡ ᠪᠦᠲᠦᠮᠵᠢ ᠪᠠᠨ ᠳᠠᠬᠢᠨ ᠳᠡᠭᠡᠭᠰᠢᠯᠡᠭᠦᠯᠵᠦ᠂ ᠨᠡᠪᠲᠡᠷᠡᠯᠴᠡᠭᠡ ᠬᠠᠷᠢᠯᠴᠠᠭ᠎ᠠ ᠪᠠᠨ ᠨᠡᠩ | ᠨᠢᠭᠲᠠᠷᠠᠭᠤᠯᠵᠤ᠂ ᠰᠢᠢᠳᠪᠣᠷᠢᠯᠡᠬᠦ ᠲᠣᠭᠳᠠᠴᠡ ᠪᠠᠨ ᠳᠠᠬᠢᠨ ᠲᠡᠭᠦᠯᠳᠡᠷᠵᠢᠭᠦᠯᠵᠦ᠂ ᠡᠨᠡ ᠵᠢᠯ ᠤᠨ ᠰᠠᠨᠠᠭᠤᠯᠭ᠎ᠠ᠂ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠰᠠᠶᠢᠲᠤᠷ ᠬᠢᠵᠤ᠂ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠤᠨ | ᠪᠣᠳᠠᠲᠤ ᠪᠦᠲᠦᠮᠵᠢ ᠪᠠᠷ ᠲᠥᠯᠥᠭᠡᠯᠡᠭᠴᠢᠳ ᠪᠣᠯᠤᠨ ᠭᠡᠰᠢᠭᠦᠳ ᠤᠨ ᠬᠠᠨᠤᠮᠵᠢᠲᠠᠢ ᠦᠨᠡᠯᠡᠯᠲᠡ ᠶᠢ ᠣᠯᠵᠤ᠂ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠵᠡᠢ᠃ | ᠬᠤᠷᠠᠯ ᠳᠡᠭᠡᠷ᠎ᠡ᠂ ᠭᠤᠤ ᠮᠢᠩ ᠷᠦ᠋᠂ ᠯᠢᠦ ᠰᠡᠴᠢᠨ ᠲᠤᠰ ᠲᠤᠰ ᠭᠤᠤ ᠶᠦᠩ ᠪᠢᠨ ᠲᠠᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠲᠤᠰᠢᠶᠠᠨ ᠰᠢᠢᠳᠪᠣᠷᠢᠯᠡᠬᠦ ᠪᠢᠴᠢᠭ ᠲᠤ ᠭᠠᠷ ᠤᠨ ᠦᠰᠦᠭ ᠵᠢᠷᠤᠪᠠ᠃ ᠭᠤᠤ ᠶᠦᠩ ᠪᠢᠨ ᠪᠣᠯᠤᠨ ᠳᠠᠭᠠᠭᠠᠨ ᠠᠪᠴᠤ | ᠰᠢᠢᠳᠪᠦᠷᠢᠯᠡᠬᠦ ᠨᠢᠭᠡᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ | ᠬᠠᠭᠤᠳᠠᠰᠤᠨ ᠳᠤ ᠭᠠᠷ ᠤᠨ ᠦᠰᠦᠭ ᠵᠢᠷᠤᠪᠠ᠃ | ᠵᠣᠬᠢᠶᠠᠭᠴᠢ᠄ ᠨᠠᠨᠳᠢᠨ | ᠣᠷᠴᠢᠭᠤᠯᠣᠭᠴᠢ᠄ ᠰᠡᠴᠡᠩᠭᠤᠸ᠎ᠠ | |