ᠭᠤᠤ ᠶᠦᠩ ᠪᠢᠨ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠪᠠ
ᠨᠡᠶᠢᠲᠡᠯᠡᠭᠰᠡᠨ ᠴᠠᠭ᠄
2020-05-07
        ᠭᠤᠤ ᠶᠦᠩ ᠪᠢᠨ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ         ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ         ᠵᠢᠯᠣᠭᠤᠳᠪᠠ      5 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠶᠦᠩ ᠪᠢᠨ ᠲᠡᠮᠣᠷᠳᠠᠢ᠂ ᠲᠣᠯᠣᠭᠠᠨ ᠬᠤᠳᠳᠤᠭ᠂ ᠤᠯᠠᠭᠠᠨᠬᠠᠳᠠ ᠵᠡᠷᠭᠡ ᠰᠤᠮᠤ ᠰᠢᠶᠠᠩ ᠪᠠᠯᠭᠠᠰᠤ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠣᠶᠢᠯᠠᠭᠠᠬᠤ ᠶᠡᠭᠡ ᠵᠢᠭᠰᠠᠭᠠᠨ ᠪᠠᠶᠢᠴᠠᠭᠠᠬᠤ ᠠᠵᠢᠯ ᠢ ᠰᠢᠮᠳᠠᠭᠤᠯᠤᠨ ᠪᠠᠶᠢᠴᠠᠭᠠᠵᠤ ᠵᠢᠯᠣᠭᠤᠳᠴᠤ᠂ ᠪᠠᠶᠠᠷ ᠤᠨ ᠡᠳᠦᠷ ᠤᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠲᠠᠷᠤᠭ᠎ᠠ ᠬᠥ᠋ ᠵᠢᠤᠢ ᠯᠦᠩ᠂ ᠵᠠᠰᠠᠭ ᠤᠨ ᠣᠷᠳᠣᠨ ᠤ ᠠᠯᠪᠠᠨ ᠭᠡᠷ᠂ ᠤᠰᠤᠨ ᠠᠰᠢᠭᠯᠠᠯᠳᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ ᠵᠢᠯᠣᠭᠤᠳᠴᠤ ᠪᠠᠶᠢᠴᠠᠭᠠᠪᠠ᠃    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠰᠠᠨ ᠠᠬᠢᠴᠠ ᠶᠠᠮᠠᠷ ᠵᠡᠷᠭᠡ ᠪᠣᠶ︖ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠥᠭᠡᠷᠡᠴᠢᠯᠡᠭᠰᠡᠨ ᠦᠦ ᠥᠬᠡᠶ ᠦᠦ︖ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠠᠮᠠᠷ ᠵᠡᠷᠭᠡ ᠪᠣᠶ︖ ᠬᠠᠪᠰᠤᠷᠤᠨ ᠲᠡᠳᠬᠦᠬᠦ ᠺᠠᠳ᠋ᠷ ᠪᠣᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠣᠶᠢᠯᠠᠭᠠᠨ᠎ᠠ ᠦᠦ ᠦᠭᠡᠢ ᠦᠦ︖ ᠭᠤᠤ ᠶᠦᠩ ᠪᠢᠨ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠲᠡᠮᠤᠷᠳᠠᠢ ᠪᠠᠯᠭᠠᠰᠤᠨ ᠤ ᠪᠦᠯᠬᠦᠮᠳᠡᠯ ᠲᠣᠰᠬᠤᠨ ᠤ ᠵᠥᠪᠯᠡᠯ ᠳᠤ ᠬᠦᠷᠴᠦ᠂ ᠡᠩ ᠲᠡᠷᠢᠭᠦᠨ ᠳᠤ ᠶᠠᠭᠠᠷᠠᠯᠲᠠᠢ ᠠᠵᠢᠯᠯᠠᠵᠤ ᠪᠠᠶᠢᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠵᠢᠴᠢ ᠲᠣᠰᠬᠤᠨ ᠳᠤ ᠰᠠᠭᠤᠭ᠎ᠠ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠤᠯᠠᠨ ᠢᠶᠠᠷ ᠢᠶᠠᠨ ᠶᠠᠭ ᠮᠡᠳᠡᠭᠡ ᠵᠠᠩᠭᠢ ᠶᠢ ᠬᠠᠷᠭᠤᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠪᠠᠶᠢᠬᠤ ᠶᠢ ᠣᠯᠵᠤ ᠬᠠᠷᠠᠵᠠᠢ᠃ ᠲᠡᠷᠡ ᠵᠢᠭᠠᠵᠤ ᠭᠠᠷᠭᠠᠭᠰᠠᠨ ᠨᠢ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠨᠠᠷᠢᠨ ᠨᠢᠮᠪᠠᠶ ᠥᠷᠨᠢᠭᠦᠯᠵᠦ᠂ ᠵᠢᠭᠰᠠᠭᠠᠨ ᠪᠠᠶᠢᠴᠠᠭᠠᠬᠤ ᠠᠰᠠᠭᠤᠳᠠᠯ ᠤᠨ ᠨᠠᠷᠢᠨ ᠬᠠᠭᠤᠳᠠᠰᠦ ᠲᠠᠢ ᠴᠢᠩᠭ᠎ᠠ ᠬᠠᠷᠢᠴᠠᠭᠤᠯᠤᠨ᠂ ᠨᠢᠭᠡ ᠲᠣᠰᠬᠤᠨ ᠨᠢᠭᠡ ᠲᠣᠰᠬᠤᠨ ᠤ ᠪᠠᠶᠢᠴᠠᠭᠠᠯᠲᠠ᠂ ᠨᠢᠭᠡ ᠡᠷᠦᠬᠡ ᠨᠢᠭᠡ ᠡᠷᠦᠬᠡ ᠶᠢᠨ ᠣᠰᠣᠯ᠂ ᠨᠢᠭᠡ ᠨᠢᠭᠡ ᠵᠣᠶᠢᠯ ᠤᠨ ᠠᠰᠠᠭᠤᠯᠲᠠ᠂ ᠨᠢᠭᠡᠳ ᠨᠢᠭᠡ ᠪᠠᠷ ᠬᠢᠨᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠨᠠᠷᠢᠯᠢᠭ ᠣᠨᠣᠪᠴᠢᠳᠠᠢ ᠪᠠᠷ ᠵᠠᠳᠠᠯᠤᠨ ᠰᠣᠳᠣᠯᠣᠨ ᠮᠠᠭᠠᠳᠯᠠᠬᠤ ᠬᠡᠷᠡᠭᠲᠡᠶ᠃ ᠠᠰᠠᠭᠤᠳᠠᠯ ᠤᠨ ᠨᠠᠷᠢᠨ ᠬᠠᠭᠤᠳᠠᠰᠤ ᠪᠠ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠳᠤᠷᠠᠳᠴᠤ᠂ ᠦᠨᠡᠨᠬᠦ ᠶᠠᠪᠣᠭᠳᠠᠭᠤᠰᠢᠳᠡᠢ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠦᠢᠯ ᠳᠠᠷᠠᠭᠠᠯᠠᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠵᠦ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠭᠦᠰ ᠠᠮᠵᠢᠯᠲᠠ ᠲᠠᠢ ᠲᠡᠭᠦᠰᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃    ᠭᠤᠤ ᠶᠦᠩ ᠪᠢᠨ ᠪᠠᠰᠠ ᠬᠡᠰᠡᠭ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ ᠬᠦᠷᠴᠦ ᠰᠤᠷᠪᠤᠯᠵᠢᠯᠠᠪᠠ᠃ ︽ᠭᠡᠷ ᠲᠤ ᠬᠡᠳᠦᠨ ᠠᠮᠠ ᠬᠥᠮᠦᠨ᠂ ᠬᠡᠳᠦᠶ ᠮᠦ ᠲᠠᠷᠢᠶ᠎ᠠ ᠪᠠᠶᠢᠬᠤ ᠪᠤᠢ︖︾ ︽ᠣᠷᠣᠯᠭ᠎ᠠ ᠶᠢᠨ ᠢᠷᠡᠯᠲᠡ ᠨᠢ ᠭᠤᠤᠯᠳᠠᠭᠤ ᠶᠠᠭᠤ ᠪᠣᠶ︖︾ ︽ᠡᠪᠡᠳᠴᠢᠨ ᠦᠵᠡᠭᠦᠯᠬᠦ ᠳᠤ ᠬᠡᠳᠦᠶ ᠵᠣᠭᠤᠰ ᠵᠠᠷᠤᠴᠠᠭᠤᠯᠬᠤ ᠪᠣᠶ︖ ᠭᠤᠤ ᠶᠦᠩ ᠪᠢᠨ ᠡᠷᠦᠬᠡ ᠪᠦᠷᠢ ᠳᠤ ᠠᠵᠤ ᠦᠢᠯᠡᠰ ᠤᠨ ᠬᠥᠭᠵᠢᠯᠲᠡ᠂ ᠣᠷᠣᠨ ᠰᠠᠭᠤᠴᠠ ᠶᠢᠨ ᠪᠠᠲᠤᠯᠠᠭ᠎ᠠ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠠᠰᠠᠭᠤᠨ ᠯᠠᠪᠯᠠᠵᠤ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠳᠣᠤᠷ᠎ᠠ ᠠᠮᠢᠳᠤᠷᠠᠯ ᠢᠶᠠᠨ ᠨᠠᠩ ᠰᠠᠶᠢᠨ ᠥᠩᠭᠡᠷᠡᠭᠦᠯᠬᠦ ᠶᠢ ᠵᠣᠷᠢᠭᠵᠢᠭᠤᠯᠪᠠ᠃ ᠡᠭᠦᠨ ᠤ ᠬᠠᠮᠲᠤ ᠲᠤᠬᠠᠶ ᠶᠢᠨ ᠭᠠᠵᠠᠷ ᠤᠨ ᠺᠠᠳ᠋ᠷ ᠲᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠠ ᠵᠠᠬ᠎ᠠ ᠬᠢᠵᠠᠭᠠᠷ ᠣᠷᠣᠨ ᠤ ᠡᠷᠦᠬᠡ ᠶᠢ ᠬᠠᠪᠰᠤᠷᠤᠨ ᠪᠣᠳᠠᠲᠠᠶ ᠦᠢᠯᠡᠳᠪᠣᠷᠢᠯᠡᠯ ᠠᠮᠢᠳᠤᠷᠠᠯ ᠳᠤᠮᠳᠠᠬᠢ ᠬᠦᠴᠢᠷᠳᠡᠯ ᠢ ᠨᠢ ᠰᠢᠢᠳᠪᠣᠷᠢᠯᠡᠨ ᠥᠭᠴᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠦᠵᠡᠭᠳᠡᠯ ᠢ ᠰᠡᠷᠭᠡᠶᠢᠯᠡᠨ ᠬᠤᠷᠢᠭᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ ᠭᠡᠵᠦ ᠵᠠᠬᠢᠪᠠ᠃    ᠭᠤᠤ ᠶᠦᠩ ᠪᠢᠨ ᠨᠠᠷ ᠪᠠᠰᠠ ᠲᠣᠯᠣᠭᠠᠨ ᠬᠤᠳᠳᠤᠭ ᠰᠤᠮᠤᠨ ᠤ ᠱᠠᠨ ᠵᠢᠶᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠳᠪᠣᠷᠢ᠂ ᠭᠠᠯᠲᠤ ᠠᠭᠤᠯᠠ ᠶᠢᠨ ᠠᠯᠠᠰᠢᠨ ᠦᠬᠡᠷ ᠢᠳᠡᠰᠢᠨ ᠦᠬᠡᠷ ᠲᠡᠵᠢᠭᠡᠨ ᠦᠷᠡᠵᠢᠭᠦᠯᠬᠦ ᠦᠢᠯᠡᠳᠪᠦᠷᠢ ᠳᠤ ᠭᠦᠨᠵᠡᠭᠡᠶᠢᠷᠡᠨ᠂ ᠬᠤᠷᠰᠢᠶᠠᠨ ᠤ ᠬᠠᠷᠢᠭᠤᠴᠠᠯᠭᠠᠲᠠᠨ ᠲᠠᠢ ᠶᠠᠷᠢᠯᠴᠠᠵᠤ᠂ ᠲᠡᠵᠢᠭᠡᠨ ᠦᠷᠡᠵᠢᠭᠦᠯᠬᠦ ᠬᠡᠪᠴᠢᠶ᠎ᠡ᠂ ᠪᠡᠯᠡ ᠣᠷᠣᠭᠤᠯᠤᠯᠲᠠ ᠶᠢᠨ ᠪᠠᠶᠢᠳᠠᠯ᠂ ᠡᠵᠡᠩᠨᠡᠯᠲᠡ ᠶᠢᠨ ᠬᠡᠪ ᠵᠠᠭᠪᠤᠷ᠂ ᠲᠡᠵᠢᠭᠡᠨ ᠦᠷᠡᠵᠢᠭᠦᠯᠬᠦ ᠮᠡᠷᠭᠡᠵᠢᠯ᠂ ᠣᠷᠣᠰᠢᠵᠦ ᠪᠠᠶᠢᠭ᠎ᠠ ᠠᠰᠠᠭᠤᠳᠠᠯ ᠵᠢᠴᠢ ᠬᠤᠶᠢᠰᠢᠳᠠ ᠶᠢᠨ ᠲᠥᠯᠥᠪᠯᠡᠭᠡ ᠵᠡᠷᠭᠡ ᠪᠠᠶᠢᠳᠠᠯ ᠤᠨ ᠲᠤᠬᠠᠢ ᠨᠠᠷᠢᠨ ᠦᠢᠯᠠᠭᠠᠯ᠎ᠠ᠃ ᠡᠭᠦᠨ ᠤ ᠬᠠᠮᠲᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ᠂ ᠠᠰᠢᠭ ᠲᠤᠰᠠ ᠶᠢᠨ ᠬᠤᠯᠪᠣᠭᠠᠯᠠᠯ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠶᠠᠷᠢᠯᠴᠠᠬᠤ ᠳᠠᠭᠠᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠪᠣᠯ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠤᠤᠯᠳᠠᠯᠭ᠎ᠠ ᠪᠣᠯᠤᠨ᠎ᠠ᠃ ᠡᠭᠦᠨ ᠤ ᠬᠠᠮᠲᠤ ᠰᠤᠮᠤ ᠰᠢᠶᠠᠩ ᠪᠠᠯᠭᠠᠰᠤ ᠨᠢ ᠬᠤᠷᠰᠢᠶ᠎ᠠ ᠶᠢ ᠬᠠᠪᠰᠤᠷᠤᠨ ᠬᠥᠭᠵᠢᠯᠲᠡ ᠶᠢᠨ ᠰᠡᠳᠬᠢᠴᠡ ᠶᠢ ᠨᠢ ᠲᠡᠭᠦᠯᠳᠠᠷᠵᠢᠭᠦᠯᠵᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠪᠥᠲᠥᠭᠡᠨ ᠪᠠᠶᠢᠭᠤᠯᠵᠤ᠂ ᠬᠥᠲᠥᠴᠢ ᠠᠵᠤ ᠦᠢᠯᠡᠰ ᠢ ᠴᠢᠷᠮᠠᠶᠢᠨ ᠲᠡᠳᠬᠦᠵᠦ᠂ ᠨᠠᠩ ᠣᠯᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠠᠭᠦᠯᠣᠨ ᠪᠠᠶᠠᠵᠢᠬᠤ ᠶᠢ ᠨᠥᠯᠥᠭᠡᠯᠡᠨ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠣᠷᠭᠠᠨᠢᠭ ᠢᠶᠠᠷ ᠨᠢᠭᠡᠳᠦᠭᠦᠯᠵᠦ᠂ ᠲᠡᠵᠢᠭᠡᠨ ᠦᠷᠡᠵᠢᠭᠦᠯᠬᠦ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃    ᠭᠤᠤ ᠶᠦᠩ ᠪᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠨᠢᠭᠡᠨᠲᠡ ᠡᠴᠦᠰ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠬᠦᠷᠴᠡᠢ᠂ ᠡᠷᠬᠡᠪᠰᠢ ᠠᠵᠢᠯ ᠢᠶᠠᠨ ᠯᠠᠪᠳᠠᠭᠤᠨ ᠪᠠᠲᠤᠲᠠᠢ ᠨᠠᠷᠢᠨ ᠨᠢᠮᠪᠠᠢ ᠬᠢᠵᠦ᠂ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠠᠳᠤᠢ ᠤᠯᠠᠨ ᠲᠦᠮᠡᠨ ᠤ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠬᠤ ᠶᠢ ᠪᠠᠲᠤᠯᠠᠬᠤ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠡᠷᠣᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠬᠦᠷᠢᠶ᠎ᠡ ᠴᠠᠷᠠᠭ᠎ᠠ ᠶᠢᠨ ᠠᠰᠠᠭᠤᠳᠠᠯ ᠢ ᠨᠠᠷᠢᠨ ᠨᠢᠮᠪᠠᠶ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠬ᠎ᠠ ᠬᠢᠵᠠᠭᠠᠷ ᠤᠨ ᠡᠷᠦᠬᠡ ᠶᠢᠨ ᠶᠠᠳᠠᠭᠤᠷᠠᠬᠤ ᠲᠦᠭᠰᠢᠭᠦᠷᠢ ᠶᠢ ᠨᠢᠭᠡᠳᠦᠯᠲᠡᠶ ᠲᠥᠯᠥᠪᠯᠡᠨ ᠰᠠᠶᠢᠲᠤᠷ ᠰᠢᠢᠳᠪᠣᠷᠢᠯᠡᠵᠦ᠂ ᠶᠠᠳᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠭᠤᠤ ᠶᠦᠩ ᠪᠢᠨ ᠱᠠᠭᠠᠷᠳᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ ᠨᠤᠭᠤᠳ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠷᠠᠭᠤᠯᠵᠤ᠂ ᠴᠠᠭ ᠮᠥᠴᠡ ᠶᠢ ᠵᠠᠪᠳᠤᠵᠤ᠂ ᠬᠦᠴᠦ ᠪᠠᠨ ᠲᠥᠪᠯᠡᠷᠡᠭᠦᠯᠦᠨ ᠳᠠᠷᠤᠯᠲᠠ ᠥᠭᠴᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠡᠭᠦᠷᠭᠡ ᠪᠠᠨ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠶ᠃ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠡᠷᠦᠬᠡ ᠳᠠᠷᠠᠭᠠᠯᠠᠨ ᠪᠠᠶᠢᠴᠠᠭᠠᠨ ᠬᠠᠷᠭᠤᠭᠤᠯᠵᠤ᠂ ᠵᠣᠶᠢᠯ ᠳᠠᠷᠠᠭᠠᠯᠠᠨ ᠵᠠᠳᠠᠯᠤᠨ ᠰᠤᠳᠤᠯᠵᠤ᠂ ︽ᠵᠥᠷᠢᠶ᠎ᠡ ᠪᠠᠨ ᠡᠷᠢᠵᠦ᠂ ᠲᠣᠳᠠᠭᠳᠠᠯ ᠢᠶᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ︾ ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠬᠦᠬᠦ ᠣᠨ ᠤ ᠠᠵᠢᠯ ᠤᠨ ᠭᠤᠣᠯᠳᠠᠯᠭ᠎ᠠ ᠶᠢ ᠳᠣᠪᠤᠶᠢᠯᠭᠠᠵᠤ᠂ ᠬᠦᠴᠦᠯᠡᠨ ᠰᠢᠪᠲᠤᠯᠤᠯᠲᠠ ᠬᠢᠬᠦ ᠳᠠᠶᠢᠴᠢᠨ ᠳᠦᠷᠢ ᠪᠠᠶᠢᠳᠠᠯ ᠢᠶᠠᠷ᠂ ᠦᠩᠭᠡᠷᠡᠭᠰᠡᠨ ᠲᠠᠢ ᠪᠠᠨ ᠠᠳᠠᠯᠢ ᠪᠠᠷ᠂ ᠨᠢᠭᠡ ᠯᠡ ᠠᠮᠢᠰᠬᠤᠭ᠎ᠠ ᠪᠠᠷ ᠦᠷᠭᠦᠯᠵᠢᠯᠡᠨ ᠪᠠᠶᠢᠯᠳᠤᠵᠤ᠂ ᠦᠷᠭᠦᠯᠵᠢᠯᠡᠨ ᠪᠠᠶᠢᠯᠳᠣᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠣᠷᠢᠳᠦ ᠢᠯᠠᠯᠲᠠ ᠶᠢ ᠤᠯᠬᠤ ᠶᠠᠰᠤ ᠴᠢᠨᠠᠷ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠ ᠠᠵᠢᠯ ᠢ ᠪᠣᠳᠠᠲᠠᠶᠢᠵᠢᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃                                                ᠵᠣᠬᠢᠶᠠᠭᠴᠢ᠄ ᠨᠠᠨᠳᠢᠨ                                                ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号